ᠰᠠᠭᠤᠭᠠᠯᠢ ᠠᠷᠠᠳ ᠤᠨ ᠢᠳᠡᠭᠡᠨ ᠤ ᠠᠮᠤᠷ ᠲᠦᠪᠰᠢᠨ ᠢ ᠪᠠᠳᠤᠯᠠᠨ᠎ᠠ
ᠨᠡᠶᠢᠲᠡᠯᠡᠭᠰᠡᠨ ᠴᠠᠭ᠄
2024/3/21
     ᠢᠳᠡᠭᠡᠨ ᠤ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠪᠠᠶᠠᠨᠵᠡᠭᠡᠯᠢ ᠭᠤᠳᠤᠮᠵᠢ ᠶᠢᠨ ᠱᠧᠩ ᠬᠤᠸᠠ ᠨᠡᠶᠢᠭᠡᠮ ᠲᠣᠭᠤᠷᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠨᠠᠮ ᠤᠨ ᠬᠤᠷᠢᠶ᠎ᠠ ᠶᠢ ᠶᠢᠨ ᠯᠦ ᠪᠥᠸᠧ ᠯᠧ ᠴᠧᠩ ᠪᠠᠭ᠎ᠠ ᠲᠣᠭᠤᠷᠢᠭ ᠲᠤ ︽ᠢᠳᠡᠭᠡᠨ ᠤ ᠠᠮᠤᠷ ᠲᠦᠪᠰᠢᠨ ᠢ ᠠᠩᠬᠠᠷᠬᠤ︾ ᠢ ᠬᠠᠮᠲᠤ ᠪᠠᠷ ᠡᠳ᠋ᠯᠡᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠡᠷᠭᠢᠯᠡᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠢᠳᠡᠭᠡᠨ ᠤ ᠠᠮᠤᠷ ᠲᠦᠪᠰᠢᠨ ᠢ ᠬᠠᠮᠲᠤ ᠪᠠᠷ ᠠᠩᠬᠠᠷᠴᠤ᠂ ᠢᠳᠡᠭᠡᠨ ᠤ ᠠᠮᠤᠷ ᠲᠦᠪᠰᠢᠨ ᠢ ᠬᠠᠮᠲᠤ ᠪᠠᠷ ᠵᠠᠰᠠᠵᠤ ᠬᠠᠮᠲᠤ ᠪᠠᠷ ᠪᠠᠶᠢᠭᠤᠯᠬᠤ ᠳᠤ ᠢᠳᠡᠪᠬᠢᠲᠡᠢ ᠣᠷᠣᠯᠴᠠᠬᠤ ᠶᠢ ᠤᠷᠢᠶᠠᠯᠠᠪᠠ᠃
         ᠠᠵᠢᠯᠯᠠᠭ᠎ᠠ ᠶᠢᠨ ᠠᠬᠤᠢ ᠲᠠᠯᠠᠪᠠᠶ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠰᠬᠠᠢ ᠮᠡᠷᠭᠡᠵᠢᠯᠲᠡᠳ ᠠᠮᠢᠳᠤᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠰᠠᠭᠤᠭᠠᠯᠢ ᠠᠷᠠᠳ ᠲᠤ ᠢᠳᠡᠭᠡᠨ ᠰᠣᠩᠭᠤᠨ ᠬᠤᠳᠠᠯᠳᠤᠨ ᠠᠪᠬᠤ ᠪᠠ ᠬᠠᠳᠠᠭᠠᠯᠠᠬᠤ ᠶᠢᠨ ᠠᠩᠬᠠᠷᠬᠤ ᠵᠦᠢᠯᠡᠰ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠨᠢᠯᠴᠠᠭᠤᠯᠪᠠ᠃ ᠢᠳᠡᠭᠡᠨ ᠤ ᠱᠣᠱᠢᠭ᠎ᠠ ᠳᠡᠭᠡᠷᠡᠬᠢ ᠮᠡᠳᠡᠭᠡ ᠵᠠᠩᠭᠢ ᠶᠢ ᠬᠡᠷᠬᠢᠨ ᠢᠯᠭᠠᠨ ᠲᠠᠨᠢᠬᠤ ᠪᠣᠢ? ᠡᠯ᠎ᠡ ᠲᠥᠷᠥᠯ  ᠤᠨ ᠢᠳᠡᠭᠡᠨ ᠢ ᠬᠠᠳᠠᠭᠠᠯᠠᠬᠤ ᠠᠷᠭ᠎ᠠ ᠪᠣᠯᠣᠨ ᠬᠤᠭᠤᠴᠠᠭ᠎ᠠ ᠬᠦᠷᠲᠡᠯ᠎ᠡ᠂ ᠳᠠᠬᠢᠨ ᠢᠳᠡᠭᠡᠨ ᠤ ᠬᠤᠭᠤᠴᠠᠭ᠎ᠠ ᠨᠢ ᠥᠩᠭᠡᠷᠡᠭᠡᠳ ᠴᠢᠨᠠᠷ ᠬᠤᠪᠢᠷᠠᠬᠤ ᠲᠤᠬᠠᠢ ᠲᠤᠰᠭᠠᠢ ᠮᠡᠷᠭᠡᠵᠢᠯᠲᠡᠳ ᠨᠠᠷᠢᠨ ᠲᠠᠶᠢᠯᠪᠤᠷᠢᠯᠠᠯᠲᠠ ᠪᠣᠯᠣᠨ ᠦᠵᠡᠭᠦᠯᠦᠯᠭᠡ ᠬᠢᠵᠡᠢ᠃ ᠡᠭᠦᠨ ᠠᠴᠠ ᠭᠠᠳᠠᠨ᠎ᠠ᠂ ᠰᠠᠭᠤᠭᠠᠯᠢ ᠠᠷᠠᠳ ᠲᠤ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠨᠠᠩ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠲᠤᠬᠠᠢ ᠶᠢᠨ ᠭᠠᠵᠠᠷ ᠤᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠬᠡᠰᠡᠭ ᠲᠥᠯᠥᠭᠡᠯᠡᠭᠴᠢ ᠶᠢ ᠤᠷᠢᠵᠤ ᠣᠷᠣᠯᠴᠠᠭᠤᠯᠵᠤ᠂ ᠡᠲᠡᠭᠡᠷ ᠠᠵᠤ ᠠᠬᠤᠶᠢᠯᠠᠯ ᠤᠨ ᠲᠥᠯᠥᠭᠡᠯᠡᠭᠴᠢ ᠲᠡᠳᠡᠨ ᠤ ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠬᠢ ᠲᠤᠷᠰᠢᠯᠭ᠎ᠠ ᠪᠠ ᠠᠷᠭ᠎ᠠ ᠬᠢᠳᠡᠯ ᠢᠶᠠᠨ ᠬᠤᠪᠢᠶᠠᠯᠴᠠᠪᠠ᠃ ᠬᠤᠪᠢᠶᠠᠯᠴᠠᠭ᠎ᠠ ᠪᠠᠷ ᠳᠡᠮᠵᠢᠨ᠂ ᠰᠠᠭᠤᠭᠠᠯᠢ ᠠᠷᠠᠳ ᠢᠳᠡᠭᠡᠨ ᠤ ᠦᠢᠯᠡᠳᠪᠦᠷᠢᠯᠡᠯ ᠤᠨ ᠪᠤᠳᠤᠯᠢᠶᠠᠨᠲᠤ ᠴᠢᠨᠠᠷ ᠪᠠ ᠲᠥᠪ ᠴᠢᠩᠭ᠎ᠠ ᠴᠢᠨᠠᠷ ᠢ ᠣᠶᠢᠯᠠᠭᠠᠭᠰᠠᠨ ᠢᠶᠠᠷ ᠪᠠᠷᠠᠬᠤ ᠦᠭᠡᠢ᠂ ᠢᠳᠡᠭᠡᠨ ᠤ ᠠᠵᠤ ᠠᠬᠤᠶᠢᠯᠠᠯ ᠤᠨ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠ ᠡᠭᠦᠷᠭᠡ ᠶᠢᠨ ᠲᠤᠬᠠᠢ ᠨᠠᠩ ᠲᠣᠳᠣᠷᠬᠠᠢ ᠲᠠᠨᠢᠯᠲᠠ ᠲᠠᠢ ᠪᠣᠯᠵᠠᠢ᠃
           ᠡᠨᠡ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠢᠳᠡᠭᠡᠨ ᠤ ᠠᠮᠤᠷ ᠲᠦᠪᠰᠢᠨ ᠤ ᠲᠤᠬᠠᠢ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠬᠠᠷᠢᠶ᠎ᠠ ᠣᠷᠣᠨ ᠤ ᠪᠠᠨ ᠢᠳᠡᠭᠡᠨ ᠤ ᠠᠮᠤᠷ ᠲᠦᠪᠰᠢᠨ ᠢ ᠬᠠᠮᠲᠤ ᠪᠠᠷ ᠵᠠᠰᠠᠵᠤ ᠬᠠᠮᠲᠤ ᠪᠠᠷ ᠪᠠᠶᠢᠭᠤᠯᠬᠤ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠦᠷᠭᠦᠯᠵᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠨᠢᠭᠲᠠ ᠬᠠᠮᠲᠤᠷᠠᠯᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠡᠶᠢᠮᠦᠷᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠤᠨ ᠢᠳᠡᠭᠡᠨ ᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠨ᠎ᠠ᠃          ᠢᠷᠡᠯᠲᠡ᠄   ᠰᠠᠶᠢᠬᠠᠨ ᠲᠣᠭᠤᠷᠢᠭ ᠤᠨ ᠠᠷᠠᠳ ᠤᠨ ᠵᠠᠰᠠᠭ  ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号