ᠰᠠᠶᠢᠬᠠᠨ ᠲᠣᠭᠤᠷᠢᠭ ᠤᠨ ᠡᠯ᠎ᠡ ᠰᠤᠷᠭᠠᠭᠤᠯᠢ ︽ᠨᠣᠭᠤᠭᠠᠷᠠᠭᠤᠯᠤᠯᠲᠠ ᠶᠢ ᠬᠠᠶᠢᠷᠠᠯᠠᠵᠤ ᠨᠣᠭᠤᠭᠠᠷᠠᠭᠤᠯᠤᠯᠲᠠ ᠶᠢ ᠬᠠᠮᠠᠭᠠᠯᠠᠬᠤ︾ ᠦᠢᠯᠡᠳᠦᠯᠭᠡ ᠶᠢᠨ ᠬᠠᠯᠠᠭᠤᠨ ᠥᠷᠨᠢᠯᠲᠡ ᠭᠠᠷᠭᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠣᠬᠢᠷᠳᠤᠯ ᠦᠭᠡᠢ ᠪᠣᠯᠪᠠᠰᠤᠨ ᠤ ᠠᠮᠢ ᠠᠬᠤᠢ ᠶᠢᠨ ᠣᠨᠣᠯᠵᠢᠬᠤᠨ ᠢ  ᠦᠢᠯᠡᠳᠦᠯᠭᠡᠵᠢᠭᠦᠯᠪᠠ
ᠨᠡᠶᠢᠲᠡᠯᠡᠭᠰᠡᠨ ᠴᠠᠭ᠄
2024/3/21
     ᠰᠤᠷᠤᠭᠴᠢᠳ ᠤᠨ ᠠᠮᠢ ᠠᠬᠤᠢ ᠶᠢᠨ ᠪᠣᠯᠪᠠᠰᠤᠨ ᠤ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢᠶᠠᠨ ᠴᠢᠩᠭᠠᠳᠭᠠᠵᠤ᠂ ᠬᠥᠳᠡᠯᠮᠦᠷᠢ ᠶᠢᠨ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠱᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠰᠠᠶᠢᠬᠠᠨ ᠲᠣᠭᠤᠷᠢᠭ ᠤᠨ ᠡᠯ᠎ᠡ ᠰᠤᠷᠭᠠᠭᠤᠯᠢ ᠨᠤᠭᠤᠳ ᠥᠪᠡᠷᠮᠢᠴᠡ ᠣᠨᠴᠠᠯᠢᠭ ᠲᠠᠢ ᠨᠣᠭᠤᠭᠠᠨ ᠬᠥᠷᠥᠰᠥ ᠶᠢ ᠬᠠᠶᠢᠷᠠᠯᠠᠬᠤ ᠠᠯᠢ ᠣᠯᠠᠨ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠪᠡ᠃ ᠡᠨᠡᠬᠦ ᠰᠢᠷᠢᠰ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠰᠤᠷᠤᠭᠴᠢᠳ ᠲᠤ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠨᠡᠩ ᠭᠦᠨᠵᠡᠭᠡᠢ ᠲᠠᠨᠢᠭᠤᠯᠤᠭᠰᠠᠨ ᠪᠥᠭᠡᠳ ᠲᠡᠳᠡᠨ ᠤ ᠪᠣᠬᠢᠷᠲᠤᠯ ᠦᠭᠡᠢ ᠪᠣᠯᠪᠠᠰᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃
    ᠵᠡᠭᠡᠯᠢ ᠭᠤᠳᠤᠮᠵᠢ ᠶᠢᠨ ᠪᠠᠭ᠎ᠠ ᠰᠤᠷᠭᠠᠭᠤᠯᠢ ᠶᠢᠨ ᠪᠠᠷᠠᠭᠤᠨ ᠰᠢᠪᠡᠭᠡ ᠰᠤᠷᠭᠠᠭᠤᠯᠢ ᠶᠢᠨ ᠲᠣᠭᠤᠷᠢᠭ ᠤᠨ ᠰᠤᠷᠤᠭᠴᠢᠳ ᠬᠢᠴᠢᠶᠡᠯ ᠤᠨ ᠭᠠᠳᠠᠨᠠᠬᠢ ᠴᠠᠭ ᠢᠶᠠᠨ ᠠᠰᠢᠭᠯᠠᠨ︽ᠠᠷᠠᠴᠢᠯᠠᠬᠤ︾ ᠵᠢᠵᠢᠭ ᠮᠣᠳᠣ ᠶᠢ ︽ᠠᠷᠠᠴᠢᠯᠠᠵᠤ᠂ ᠰᠤᠷᠭᠠᠭᠤᠯᠢ ᠶᠢᠨ ᠬᠦᠷᠢᠶᠡᠨ ᠤ ᠵᠢᠵᠢᠭ ᠮᠣᠳᠣᠨ ᠳᠤ ᠡᠯᠳᠡᠪ ᠡᠪᠡᠰᠦ ᠶᠢ ᠴᠡᠪᠡᠷᠯᠡᠨ᠂ ᠪᠣᠷᠳᠣᠭᠤᠷ ᠣᠷᠣᠭᠤᠯᠵᠤ᠂ ᠤᠰᠤᠯᠠᠳᠠᠭ᠃         ᠰᠤᠷᠭᠠᠭᠤᠯᠢ ᠶᠢᠨ ᠬᠦᠷᠢᠶᠡᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠠᠵᠢᠯᠯᠠᠭ᠎ᠠ ᠳᠤᠮᠳᠠ᠂ ᠰᠤᠷᠤᠭᠴᠢᠳ ᠮᠣᠳᠣᠨ ᠤ ᠨᠦᠬᠡ ᠶᠢᠨ ᠪᠤᠵᠠᠷ ᠡᠪᠡᠰᠦ ᠶᠢ ᠢᠳᠡᠪᠬᠢᠲᠡᠢ ᠴᠡᠪᠡᠷᠯᠡᠵᠦ᠂ ᠮᠣᠳᠣᠨ ᠤ ᠰᠠᠯᠠᠭ᠎ᠠ ᠶᠢ ᠰᠡᠯᠪᠢᠨ ᠵᠠᠰᠠᠵᠤ᠂ ᠪᠣᠷᠳᠣᠭᠤᠷ ᠣᠷᠣᠭᠤᠯᠤᠨ ᠤᠰᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠤᠷᠭᠠᠭᠤᠯᠢ ᠶᠢᠨ ᠬᠦᠷᠢᠶᠡᠨ ᠤ ᠨᠣᠭᠤᠭᠠᠷᠠᠭᠤᠯᠤᠯᠲᠠ ᠶᠢ ᠬᠠᠮᠠᠭᠠᠯᠠᠬᠤ ᠳᠤ ᠬᠦᠴᠦ ᠪᠠᠨ ᠡᠷᠭᠦᠪᠡ᠃ ᠲᠡᠳᠡ ᠵᠥᠪ ᠣᠨᠣᠪᠴᠢᠲᠠᠢ ᠤᠷᠭᠤᠮᠠᠯ ᠠᠷᠠᠴᠢᠯᠠᠨ ᠬᠠᠮᠠᠭᠠᠯᠠᠵᠤ ᠴᠢᠳᠠᠭᠰᠠᠨ ᠢᠶᠠᠷ ᠪᠠᠷᠠᠬᠤ ᠦᠭᠡᠢ᠂ ᠨᠡᠩ ᠴᠤ ᠬᠥᠳᠡᠯᠮᠦᠷᠢ ᠶᠢᠨ ᠳᠤᠮᠳᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠣᠶᠢᠯᠠᠭᠠᠪᠠ᠃ ᠲᠣᠰ ᠤᠳᠠᠭᠠᠨ ᠤ ᠨᠣᠭᠤᠭᠠᠷᠠᠭᠤᠯᠤᠯᠲᠠ ᠶᠢ ᠬᠠᠶᠢᠷᠠᠯᠠᠵᠤ ᠨᠣᠭᠤᠭᠠᠷᠠᠭᠤᠯᠤᠯᠲᠠ ᠶᠢ ᠬᠠᠮᠠᠭᠠᠯᠠᠬᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠰᠤᠷᠤᠭᠴᠢᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠲᠡᠳᠡᠨ ᠤ ᠦᠢᠯᠡᠳᠦᠯᠭᠡ ᠶᠢᠨ ᠳᠤᠮᠳᠠ ᠬᠥᠳᠡᠯᠮᠦᠷᠢ ᠶᠢᠨ ᠦᠨ᠎ᠡ ᠥᠷᠲᠡᠭ ᠪᠠ ᠠᠴᠢ ᠬᠤᠯᠪᠣᠭᠳᠠᠯ ᠢ ᠣᠶᠢᠯᠠᠭᠠᠭᠤᠯᠤᠭᠰᠠᠨ ᠪᠠᠶᠢᠨ᠎ᠠ᠃ ᠰᠤᠷᠤᠭᠴᠢᠳ᠂ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
     ᠯᠥᠸᠧ ᠵᠢᠶᠠᠨ ᠶᠡᠭᠡ ᠰᠤᠷᠭᠠᠭᠤᠯᠢ ᠶᠢᠨ ᠵᠠᠮ ᠤᠨ ᠪᠠᠭ᠎ᠠ ᠰᠤᠷᠭᠠᠭᠤᠯᠢ ᠶᠢᠨ ᠬᠥᠯᠥᠨ ᠪᠤᠶᠢᠷ ᠤᠨ ᠡᠮᠦᠨ᠎ᠡ ᠵᠠᠮ ᠤᠨ ᠰᠤᠷᠭᠠᠭᠤᠯᠢ ᠶᠢᠨ ᠲᠣᠭᠤᠷᠢᠭ ᠲᠤ ᠪᠠᠶᠢᠭᠠᠯᠢ ᠶᠢᠨ ᠬᠢᠴᠢᠶᠡᠯ ᠥᠷᠨᠢᠭᠦᠯᠵᠦ᠂ ᠠᠳᠠᠯᠢ ᠪᠤᠰᠤ ᠣᠷᠴᠢᠨ ᠲᠣᠭᠤᠷᠢᠨ ᠤ ᠳᠣᠣᠷᠠᠬᠢ ᠮᠣᠳᠣᠨ ᠤ ᠨᠢᠭᠤᠴᠠ ᠶᠢ ᠵᠠᠳᠠᠷᠠᠭᠤᠯᠵᠤ᠂ ᠰᠤᠷᠤᠭᠴᠢᠳ ᠤᠨ ᠰᠣᠨᠢᠭᠤᠴᠢ ᠰᠡᠳᠬᠢᠯ ᠢ ᠬᠠᠩᠭᠠᠪᠠ᠃          ᠡᠨᠡ ᠬᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠰᠠᠶᠢᠬᠠᠨ ᠲᠣᠭᠤᠷᠢᠭ ᠤᠨ ᠡᠯ᠎ᠡ ᠰᠤᠷᠭᠠᠭᠤᠯᠢ ᠨᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠳᠤ ᠠᠭᠤᠰᠤᠯ ᠴᠠᠵᠤ᠂ ᠨᠡᠩ ᠪᠣᠳᠠᠲᠤ ᠠᠵᠢᠯᠯᠠᠭ᠎ᠠ ᠪᠠᠷ ᠢᠶᠠᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠳᠡᠭᠡᠭᠱᠢᠯᠡᠭᠦᠯᠵᠦ᠂ ᠰᠤᠷᠤᠭᠴᠢᠳ ᠲᠤ ᠪᠣᠬᠢᠷᠲᠤᠯ ᠦᠭᠡᠢ ᠪᠣᠯᠪᠠᠰᠤᠨ ᠠᠮᠢ ᠠᠬᠤᠢ ᠶᠢᠨ ᠴᠢᠬᠤᠯᠠ ᠴᠢᠨᠠᠷ ᠢ ᠭᠦᠨᠵᠡᠭᠡᠢ ᠠᠭᠤᠯᠭ᠎ᠠ ᠠᠬᠢᠭᠤᠯᠪᠠ᠃ ᠡᠳᠡᠭᠡᠷ ᠠᠵᠢᠯᠯᠠᠭ᠎ᠠ ᠨᠢ ᠰᠤᠷᠤᠭᠴᠢᠳ ᠤᠨ ᠬᠥᠳᠡᠯᠮᠦᠷᠢ ᠦᠢᠯᠡᠳᠦᠯᠭᠡ ᠶᠢᠨ ᠴᠢᠳᠠᠪᠤᠷᠢ ᠶᠢ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ᠂ ᠲᠡᠳᠡᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠬᠠᠯᠠᠭᠤᠨ ᠰᠡᠳᠬᠢᠯᠭᠡ ᠪᠠ ᠡᠷᠡᠰ ᠵᠣᠷᠢᠭ ᠢ ᠨᠡᠩ ᠬᠥᠭᠵᠢᠭᠡᠵᠡᠢ᠃
     ᠶᠢᠨ ᠾᠧ ᠪᠠᠯᠭᠠᠰᠤᠨ ᠤ ᠨᠢᠭᠡᠳᠦᠭᠡᠷ ᠭᠤᠣᠯ ᠰᠤᠷᠭᠠᠭᠤᠯᠢ ᠳᠤ ᠬᠦᠷᠬᠦ ᠳᠤ᠂ ᠰᠤᠷᠤᠭᠴᠢᠳ ᠬᠢᠴᠢᠶᠡᠯ ᠤᠨ ᠭᠡᠷ ᠠᠴᠠ ᠭᠠᠷᠴᠤ᠂ ᠣᠶ ᠮᠣᠳᠣ ᠶᠢ ᠥᠪᠡᠷ ᠤᠨ ᠭᠠᠷ ᠢᠶᠠᠷ ᠢᠶᠠᠨ ᠵᠣᠬᠢᠶᠠᠭᠰᠠᠨ ︽ᠨᠡᠷ᠎ᠡ ᠶᠢᠨ ᠬᠠᠭᠤᠳᠠᠰᠤ︾  ᠪᠠᠨ ᠡᠯᠭᠦᠬᠦ ᠶᠢᠨ ᠬᠠᠮᠲᠤ ᠰᠤᠷᠭᠠᠭᠤᠯᠢ ᠶᠢᠨ ᠬᠦᠷᠢᠶᠡᠨ ᠤ ᠨᠣᠭᠤᠭᠠᠷᠠᠭᠤᠯᠤᠯᠲᠠ  ᠶᠢ ᠬᠠᠷᠢᠯᠴᠠᠨ ᠲᠠᠨᠢᠯᠴᠠᠭᠤᠯᠵᠤ᠂ ᠣᠯᠠᠨ ᠢᠶᠠᠷ ᠢᠶᠠᠨ ᠮᠣᠳᠣᠨ ᠤ ᠲᠥᠷᠥᠯ ᠵᠦᠢᠯ ᠵᠢᠴᠢ ᠬᠠᠮᠢᠶ᠎ᠠ ᠪᠦᠬᠦᠢ ᠮᠡᠳᠡᠯᠭᠡ ᠶᠢ ᠨᠠᠩ ᠢᠯᠡᠭᠦᠦ ᠣᠶᠢᠯᠠᠭᠠᠪᠠ᠃           ᠰᠠᠶᠢᠬᠠᠨ ᠲᠣᠭᠤᠷᠢᠭ ᠠᠮᠢ ᠠᠬᠤᠢ ᠶᠢᠨ ᠪᠣᠯᠪᠠᠰᠤᠨ ᠤ ᠰᠤᠷᠭᠠᠨ ᠬᠥᠮᠦᠵᠢᠯ ᠢ ᠦᠷᠭᠦᠯᠵᠢᠯᠡᠨ ᠴᠢᠩᠭᠠᠳᠭᠠᠵᠤ᠂ ᠪᠣᠬᠢᠷᠲᠤᠯ ᠦᠭᠡᠢ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠤᠷᠤᠭᠴᠢ ᠨᠢᠭᠡᠪᠦᠷᠢ ᠶᠢ ᠴᠥᠮ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠣᠷᠣᠯᠴᠠᠭᠴᠢ ᠪᠠ ᠠᠬᠢᠭᠤᠯᠤᠭᠴᠢ ᠪᠣᠯᠭᠠᠨ᠎ᠠ᠃ ᠪᠦᠬᠦ ᠪᠠᠭᠰᠢ ᠰᠤᠷᠤᠭᠴᠢᠳ ᠤᠨ ᠬᠠᠮᠲᠤ ᠶᠢᠨ ᠴᠢᠷᠮᠠᠶᠢᠯᠭ᠎ᠠ ᠪᠠᠷ᠂ ᠰᠠᠶᠢᠬᠠᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠨᠡᠩ ᠦᠵᠡᠰᠬᠦᠯᠡᠩᠲᠦ ᠰᠠᠶᠢᠬᠠᠨ ᠪᠣᠯᠵᠤ᠂ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠨᠢ ᠰᠤᠷᠤᠭᠴᠢ ᠨᠢᠭᠡᠪᠦᠷᠢ ᠶᠢᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠵᠤ᠂ ᠦᠵᠡᠰᠬᠦᠯᠡᠩᠲᠦ ᠰᠠᠶᠢᠬᠠᠨ ᠰᠠᠶᠢᠬᠠᠨ ᠪᠠᠯᠭᠠᠰᠤ ᠶᠢ ᠪᠦᠲᠦᠭᠡᠨ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠳᠡᠭ ᠢ ᠢᠲᠡᠭᠡᠵᠦ ᠪᠠᠶᠢᠨ᠎ᠠ ᠭᠡᠵᠡᠢ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号