ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ 2024 ᠣᠨ ᠤ 2 ᠰᠠᠷ᠎ᠠ ᠳᠤ ᠪᠢᠴᠢᠭ ᠮᠠᠲ᠋ᠧᠷᠢᠶᠠᠯ ᠤᠨ ᠲᠤᠭ᠎ᠠ ᠪᠦᠷᠢᠳᠬᠡᠯ  ᠤᠨ ᠪᠠᠶᠢᠳᠠᠯ
ᠨᠡᠶᠢᠲᠡᠯᠡᠭᠰᠡᠨ ᠴᠠᠭ᠄
2024/3/21
     ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ 2024 ᠣᠨ ᠤ 1᠂ 2 ᠰᠠᠷ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠵᠢᠴᠢ ᠪᠤᠰᠤᠳ ᠵᠦᠢᠯᠡᠰ ᠢ ᠨᠡᠶᠢᠲᠡ 44719 ᠬᠤᠪᠢ ᠭᠥᠯᠢᠶᠡᠨ ᠠᠪᠴᠤ ᠰᠢᠢᠳᠪᠦᠷᠢᠯᠡᠵᠦ᠂ 44698 ᠬᠤᠪᠢ ᠶᠢ ᠨᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 99.95% ᠳᠤ ᠬᠦᠷᠪᠡ᠃ ᠡᠭᠦᠨ ᠳᠤ 2024 ᠣᠨ ᠤ 2 ᠰᠠᠷ᠎ᠠ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠵᠢᠴᠢ ᠪᠤᠰᠤᠳ ᠵᠦᠢᠯᠡᠰ ᠢ ᠨᠡᠶᠢᠲᠡ 17081 ᠬᠤᠪᠢ ᠭᠥᠯᠢᠶᠡᠨ ᠠᠪᠴᠤ ᠰᠢᠢᠳᠪᠦᠷᠢᠯᠡᠵᠦ᠂ 17073 ᠬᠤᠪᠢ ᠶᠢ ᠨᠢ ᠰᠢᠢᠳᠪᠦᠷᠢᠯᠡᠨ ᠳᠠᠭᠤᠰᠬᠠᠵᠤ᠂ ᠡᠳᠦᠷ ᠪᠦᠷᠢ ᠳᠤᠮᠳᠠᠴᠢ ᠪᠠᠷ 950 ᠭᠠᠷᠤᠢ ᠬᠤᠪᠢ ᠶᠢ ᠨᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 99.95% ᠳᠤ ᠬᠦᠷᠪᠡ᠃ ᠡᠭᠦᠨ ᠳᠤ ᠣᠯᠠᠨ ᠲᠦᠮᠡᠨ ᠨᠡᠯᠢᠶᠡᠳ ᠣᠯᠠᠨ ᠤᠴᠢᠷ ᠶᠠᠪᠤᠳᠠᠯ ᠢ ᠳᠠᠩᠰᠠᠯᠠᠭᠤᠯᠬᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠢ ᠰᠢᠢᠳᠪᠦᠷᠢᠯᠡᠬᠦ᠂ ᠵᠢᠯᠣᠭᠤᠴᠢ ᠶᠢᠨ ᠦᠨᠡᠮᠯᠡᠯ ᠤᠨ ᠦᠨᠡᠮᠯᠡᠯ ᠰᠣᠯᠢᠬᠤ ᠲᠤᠬᠠᠶᠢᠯᠠᠭᠰᠠᠨ ᠠᠵᠢᠯ᠂ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ᠂ ᠣᠷᠣᠯᠠᠨ ᠫᠢᠶᠣᠣ ᠥᠭᠬᠦ᠂ ᠡᠩ ᠤᠨ ᠫᠠᠰᠫᠣᠷᠲ ᠶᠠᠪᠤᠭᠤᠯᠬᠤ᠂ ᠠᠷᠠᠳ ᠢᠷᠭᠡᠳ ᠤᠨ ᠪᠡᠶ᠎ᠡ ᠶᠢᠨ ᠦᠨᠡᠮᠯᠡᠯ ᠢ ᠭᠦᠢᠴᠡᠳᠬᠡᠬᠦ ᠵᠡᠷᠭᠡ ᠲᠤᠬᠠᠶᠢᠯᠠᠭᠰᠠᠨ ᠠᠵᠢᠯ ᠪᠠᠭᠲᠠᠨ᠎ᠠ᠃ ᠳᠡᠭᠡᠷ᠎ᠡ ᠳᠤᠷᠠᠳᠤᠭᠰᠠᠨ ᠤᠴᠢᠷ ᠶᠠᠪᠤᠳᠠᠯ ᠢ ᠰᠠᠷ᠎ᠠ ᠪᠦᠷᠢ ᠭᠦᠢᠴᠡᠳ᠋ᠭᠡᠭᠰᠡᠨ ᠬᠡᠮᠵᠢᠶ᠎ᠡ ᠨᠢ ᠨᠢᠭᠡᠨᠲᠡ 1000 ᠬᠤᠪᠢ ᠠᠴᠠ ᠳᠡᠭᠡᠭᠰᠢ ᠪᠣᠯᠵᠠᠢ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号