| | ᠣᠶᠢᠷ᠎ᠠ ᠶᠢᠨ ᠵᠢᠯ ᠤᠳ ᠲᠤ᠂ ᠬᠥᠮᠥᠨ ᠠᠮᠠ ᠶᠢᠨ ᠨᠠᠰᠤᠵᠢᠯᠲᠠ ᠶᠢᠨ ᠬᠡᠮᠵᠢᠶ᠎ᠡ ᠲᠠᠰᠤᠷᠠᠯᠲᠠ ᠦᠭᠡᠢ | ᠭᠦᠨᠵᠡᠭᠡᠶᠢᠷᠡᠭᠰᠡᠨ ᠠᠴᠠ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠡᠷᠡᠭᠦᠯ ᠮᠡᠨᠳᠦ ᠶᠢᠨ ᠪᠠᠶᠢᠳᠠᠯ | ᠤᠯᠠᠮ ᠠᠴᠠ ᠤᠯᠠᠮ ᠨᠡᠶᠢᠭᠡᠮ ᠤᠨ ᠠᠩᠬᠠᠷᠤᠯ ᠢ ᠲᠠᠲᠠᠵᠤ ᠪᠠᠶᠢᠨ᠎ᠠ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠤᠬᠠᠮᠰᠠᠷ ᠤᠨ ᠲᠠᠰᠤᠷᠠᠯᠲᠠ ᠦᠭᠡᠢ ᠴᠢᠩᠭᠠᠷᠠᠬᠤ ᠶᠢ ᠳᠠᠭᠠᠯᠳᠤᠨ᠂ ᠪᠡᠶ᠎ᠡ ᠪᠣᠯᠪᠠᠰᠤᠷᠠᠬᠤ ᠬᠠᠯᠠᠭᠤᠨ ᠰᠡᠳᠬᠢᠯᠭᠡ | ᠦᠷᠭᠦᠯᠵᠢᠯᠡᠨ ᠣᠷᠭᠢᠯᠵᠤ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ | ᠪᠠᠶᠢᠷᠢᠰᠢᠭᠤᠯᠵᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠨᠠᠩ ᠣᠯᠠᠨ ᠡᠰᠢᠲᠦ ᠬᠡᠷᠡᠭᠴᠡᠭᠡ ᠶᠢ ᠬᠠᠩᠭᠠᠬᠤ | ᠨᠢ ᠨᠠᠩ ᠲᠤᠯᠭᠠᠮ᠎ᠠ ᠪᠣᠯᠵᠤ ᠪᠠᠶᠢᠨ᠎ᠠ᠃ | | | ᠵᠣᠬᠢᠶᠠᠭᠴᠢ ᠶᠢᠨ ᠦᠵᠡᠬᠦ ᠪᠠᠷ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢ ᠰᠢᠨᠵᠢᠯᠡᠬᠦ | ᠤᠬᠠᠭᠠᠨᠴᠢ ᠪᠠᠷ ᠪᠠᠶᠢᠷᠢᠯᠠᠭᠤᠯᠬᠤ ᠳᠤ ᠳᠣᠣᠷᠠᠬᠢ ᠬᠡᠳᠦᠨ ᠲᠠᠯ᠎ᠠ ᠠᠴᠠ ᠭᠠᠷᠳᠠᠬᠤ ᠬᠡᠷᠡᠭᠲᠡᠢ᠄ | | | ᠡᠩ ᠲᠡᠷᠢᠭᠦᠨ ᠳᠤ᠂ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠪᠠᠶᠢᠳᠠᠯ ᠪᠠ ᠪᠡᠶ᠎ᠡ ᠴᠢᠭᠢᠷᠠᠭᠵᠢᠭᠤᠯᠬᠤ | ᠣᠨᠴᠠᠯᠢᠭ ᠢ ᠪᠣᠳᠣᠯᠬᠢᠯᠠᠨ᠎ᠠ᠃ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠠᠵᠢᠯᠯᠠᠭ᠎ᠠ ᠮᠠᠭᠤᠳᠠᠵᠤ᠂ ᠬᠥᠳᠡᠯᠭᠡᠭᠡᠨ ᠤ | ᠴᠢᠳᠠᠪᠤᠷᠢ ᠨᠢ ᠬᠢᠵᠠᠭᠠᠷ ᠲᠠᠢ ᠪᠣᠯᠬᠤᠷ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠠᠶᠤᠯᠭᠦᠢ ᠴᠢᠨᠠᠷ᠂ | ᠲᠠᠭᠠᠯᠠᠮᠵᠢᠲᠠᠢ ᠴᠢᠨᠠᠷ ᠪᠠ ᠳᠥᠭᠦᠮ ᠳᠥᠲᠡ ᠴᠢᠨᠠᠷ ᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠵᠢᠱᠢᠶᠡᠯᠡᠪᠡᠯ᠂ | ᠪᠡᠶ᠎ᠡ ᠴᠢᠭᠢᠷᠠᠭᠵᠢᠭᠤᠯᠬᠤ ᠲᠠᠯᠠᠪᠤᠷ ᠢ ᠲᠡᠭᠰᠢᠬᠡᠨ ᠪᠥᠭᠡᠳ ᠠᠭᠤᠵᠢᠭᠤ ᠪᠠᠶᠢᠯᠭᠠᠵᠤ᠂ ᠨᠠᠰᠤᠲᠠᠶᠢᠴᠤᠳ ᠤᠨ | ᠣᠶᠢᠴᠢᠬᠤ ᠠᠴᠠ ᠵᠠᠶᠢᠯᠠᠰᠬᠢᠬᠦ ᠬᠡᠷᠡᠭᠲᠡᠢ︔ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠨᠢ ᠲᠥᠬᠦᠮ ᠪᠥᠭᠡᠳ | ᠬᠡᠷᠡᠭᠯᠡᠬᠦ ᠳᠤ ᠠᠮᠠᠷ᠂ ᠲᠦᠰᠢᠭᠦᠷ᠂ ᠪᠠᠭᠠᠵᠢ ᠬᠡᠷᠡᠭᠰᠡᠯ ᠤᠨ ᠥᠨᠳᠥᠷ ᠤᠨ ᠬᠡᠮᠵᠢᠶ᠎ᠡ ᠶᠢ ᠲᠣᠬᠢᠷᠠᠭᠤᠯᠬᠤ᠂ ᠠᠪᠢᠶᠠᠨ ᠤ | ᠰᠠᠨᠠᠭᠤᠯᠤᠮᠵᠢ ᠵᠡᠷᠭᠡ ᠶᠢ ᠪᠠᠭᠲᠠᠭᠠᠭᠰᠠᠨ ᠨᠠᠰᠤᠲᠠᠶᠢᠴᠤᠳ ᠤᠨ ᠬᠥᠳᠡᠯᠭᠡᠭᠡᠨ ᠤ ᠳᠠᠳᠬᠠᠯ ᠳᠤ ᠨᠡᠶᠢᠴᠡᠭᠦᠯᠵᠦ᠂ | ᠨᠠᠰᠤᠲᠠᠶᠢᠴᠤᠳ ᠤᠨ ᠠᠮᠤᠷ ᠲᠦᠪᠰᠢᠨ᠂ ᠲᠠᠭᠠᠯᠠᠮᠵᠢᠲᠠᠢ ᠪᠣᠯᠪᠠᠰᠤᠷᠠᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ | ᠰᠠᠭᠤᠳᠠᠯ ᠢ ᠲᠣᠬᠢᠷᠠᠭᠤᠯᠵᠤ᠂ ᠨᠠᠰᠤᠲᠠᠶᠢᠴᠤᠳ ᠤᠨ ᠪᠡᠶ᠎ᠡ ᠪᠠᠨ ᠴᠢᠭᠢᠷᠠᠭᠵᠢᠭᠤᠯᠵᠤ ᠪᠠᠷᠠᠭᠰᠠᠨ ᠤ ᠳᠠᠷᠠᠭ᠎ᠠ ᠠᠮᠠᠷᠠᠬᠤ | ᠪᠤᠶᠤ ᠵᠣᠭᠤᠭᠳᠠᠬᠤ ᠳᠤ ᠳᠦᠭᠦᠮ ᠪᠣᠯᠭᠠᠬᠤ ᠬᠡᠷᠡᠭᠲᠡᠢ᠃ | | | ᠳᠠᠷᠠᠭᠠᠯᠠᠪᠠᠯ᠂ ᠨᠠᠰᠤᠲᠠᠶᠢᠴᠤᠳ ᠤᠨ ᠣᠯᠠᠨ ᠡᠰᠢᠲᠦ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠤᠨ᠎ᠠ᠃ ᠨᠠᠰᠤ ᠵᠢᠯ᠂ ᠬᠦᠢᠰᠦ᠂ ᠪᠡᠶ᠎ᠡ ᠮᠠᠬᠠᠪᠤᠳ ᠤᠨ ᠪᠠᠶᠢᠳᠠᠯ᠂ ᠳᠤᠷ᠎ᠠ ᠰᠣᠨᠢᠷᠬᠠᠯ ᠵᠡᠷᠭᠡ ᠲᠠᠯ᠎ᠠ ᠶᠢᠨ | ᠵᠥᠷᠢᠶ᠎ᠡ ᠠᠴᠠ ᠪᠣᠯᠵᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠨᠢ ᠪᠦᠷᠢᠮᠦᠰᠦᠨ | ᠠᠳᠠᠯᠢ ᠦᠭᠡᠢ ᠪᠠᠶᠢᠳᠠᠭ᠂ ᠡᠶᠢᠮᠦ ᠠᠴᠠ ᠠᠳᠠᠯᠢ ᠪᠤᠰᠤ ᠲᠥᠷᠥᠯ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ | ᠲᠣᠬᠢᠷᠠᠭᠤᠯᠵᠤ ᠪᠣᠯᠣᠨ᠎ᠠ᠂ ᠵᠢᠱᠢᠶᠡᠯᠡᠪᠡᠯ ᠪᠤᠺᠰ᠂ ᠲᠠᠯᠠᠪᠠᠶ ᠶᠢᠨ ᠪᠥᠵᠢᠭ᠂ ᠠᠯᠭᠤᠷ ᠭᠦᠶᠦᠯᠲᠡ ᠵᠡᠷᠭᠡ︔ ᠪᠠᠰᠠ ᠪᠡᠶ᠎ᠡ | ᠴᠢᠭᠢᠷᠠᠭᠵᠢᠭᠤᠯᠬᠤ ᠲᠠᠯᠠᠪᠤᠷ ᠲᠤ ᠨᠠᠭᠠᠳᠤᠮ ᠲᠣᠭᠯᠠᠭᠠᠮ ᠤᠨ ᠪᠠᠭᠠᠵᠢ᠂ ᠤᠩᠰᠢᠯᠭ᠎ᠠ ᠶᠢᠨ ᠲᠣᠭᠤᠷᠢᠭ ᠵᠡᠷᠭᠡ ᠵᠤᠭ᠎ᠠ | ᠴᠡᠩᠭᠡᠯ ᠤᠨ ᠪᠡᠯᠡᠳᠬᠡᠮᠵᠢ ᠲᠣᠬᠢᠷᠠᠭᠤᠯᠵᠤ᠂ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠰᠣᠨᠢᠷᠬᠠᠯᠲᠤ ᠴᠢᠨᠠᠷ ᠢ | ᠨᠡᠮᠡᠭᠳᠡᠭᠦᠯᠦᠨ᠎ᠡ᠃ | | | ᠬᠠᠮᠤᠭ ᠤᠨ ᠰᠡᠭᠦᠯ ᠳᠤ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠬᠢᠨᠠᠨ ᠬᠠᠮᠢᠶᠠᠷᠤᠯᠲᠠ | ᠪᠠ ᠦᠨᠡᠯᠡᠯᠲᠡ ᠶᠢ ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠂ ᠪᠠᠷᠢᠮᠵᠢᠶ᠎ᠠ ᠶᠢ ᠲᠣᠭᠲᠠᠭᠠᠵᠤ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ︔ ᠲᠣᠭᠲᠠᠮᠠᠯ ᠬᠤᠭᠤᠴᠠᠭ᠎ᠠ ᠲᠠᠢ ᠪᠠᠷ ᠬᠥᠮᠥᠰ ᠢ | ᠵᠣᠬᠢᠶᠠᠨ ᠪᠠᠶᠢᠭᠤᠯᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠳᠤ ᠦᠨᠡᠯᠡᠯᠲᠡ ᠪᠠ | ᠪᠠᠶᠢᠴᠠᠭᠠᠯᠲᠠ ᠬᠢᠵᠦ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠪᠠ ᠠᠮᠤᠷ | ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠢ᠃ | | | ᠶᠡᠷᠦᠩᠬᠡᠶᠢᠯᠡᠭᠡᠳ ᠬᠡᠯᠡᠪᠡᠯ᠂ ᠡᠯ᠎ᠡ ᠭᠠᠵᠠᠷ ᠤᠨ ᠬᠢᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢ | ᠪᠠᠶᠢᠷᠢᠯᠠᠭᠤᠯᠤᠨ ᠪᠦᠲᠦᠭᠡᠨ ᠪᠠᠶᠢᠭᠤᠯᠬᠤ ᠳᠠᠭᠠᠨ ︽ᠨᠠᠰᠤᠵᠢᠯᠳᠠ ᠳᠤ ᠲᠣᠬᠢᠷᠠᠮᠵᠢᠲᠠᠢ︾ ᠪᠠᠶᠢᠬᠤ ᠶᠢ ᠴᠢᠬᠤᠯᠠᠴᠢᠯᠠᠵᠤ᠂ | ᠨᠠᠰᠤᠲᠠᠶᠢᠴᠤᠳ ᠲᠤ ᠪᠠᠶᠠᠷ ᠬᠥᠷ ᠲᠠᠢ᠂ ᠡᠶ᠎ᠡ ᠵᠣᠬᠢᠴᠠᠯ ᠲᠠᠢ ᠪᠡᠶ᠎ᠡ ᠴᠢᠭᠢᠷᠠᠭᠵᠢᠭᠤᠯᠬᠤ ᠣᠷᠴᠢᠨ ᠨᠥᠬᠦᠴᠡᠯ ᠢ | ᠴᠢᠷᠮᠠᠶᠢᠨ ᠪᠣᠶ ᠪᠣᠯᠭᠠᠵᠤ᠂ ᠲᠡᠳᠡᠨ ᠳᠤ ᠥᠲᠡᠯᠦᠭᠡ ᠨᠠᠰᠤᠨ ᠤ ᠠᠮᠢᠳᠤᠷᠠᠯ ᠳᠤᠨᠢ ᠨᠠᠩ ᠣᠯᠠᠨ ᠵᠣᠯ ᠵᠢᠷᠭᠠᠯ ᠪᠠ | ᠬᠠᠨᠤᠮᠵᠢ ᠶᠢ ᠡᠳ᠋ᠯᠡᠭᠦᠯᠬᠦ ᠬᠡᠷᠡᠭᠲᠡᠢ᠃ |