ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠡᠭᠦᠯᠳᠡᠷ ᠪᠠ ᠭᠤᠣᠯ ᠳᠡᠯᠭᠡᠷᠡᠭᠦᠯᠬᠦ ᠮᠡᠷᠭᠡᠵᠢᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/3/21
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ ᠢᠶᠠᠷ᠂ ᠥᠨᠳᠥᠷ ᠤᠨᠠᠯᠲᠠ ᠲᠠᠢ ᠴᠢᠨᠠᠷ ᠰᠠᠶᠢᠲᠠᠢ ᠡᠭᠦᠯᠳᠡᠷ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠠᠮᠤ ᠪᠤᠳᠠᠭᠠᠨ ᠤ ᠠᠮᠤᠷ ᠲᠦᠪᠰᠢᠨ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠣᠶᠢᠷ᠎ᠠ ᠳᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠣᠨᠴᠠᠯᠢᠭ ᠲᠤ ᠲᠣᠬᠢᠷᠠᠬᠤ 40 ᠭᠤᠣᠯᠯᠠᠬᠤ ᠡᠭᠦᠯᠳᠡᠷ ᠪᠠ 78 ᠵᠦᠢᠯ ᠤᠨ ᠭᠤᠣᠯ ᠳᠡᠯᠭᠡᠷᠡᠭᠦᠯᠬᠦ ᠮᠡᠷᠭᠡᠵᠢᠯ ᠢ ᠨᠡᠶᠢᠲᠡᠯᠡᠪᠡ᠃           ᠲᠣᠰ ᠤᠳᠠᠭ᠎ᠠ ᠲᠠᠨᠢᠯᠴᠠᠭᠤᠯᠵᠤ ᠨᠡᠶᠢᠲᠡᠯᠡᠭᠰᠡᠨ ᠭᠤᠣᠯᠯᠠᠬᠤ ᠡᠭᠦᠯᠳᠡᠷ ᠲᠤ 33 ᠲᠠᠷᠢᠶᠠᠯᠠᠩ ᠤᠨ ᠭᠤᠣᠯᠯᠠᠬᠤ ᠡᠭᠦᠯᠳᠡᠷ ᠪᠠ 7 ᠮᠠᠯ ᠵᠢᠭᠦᠷᠲᠡᠨ ᠤᠰᠤᠨ ᠭᠠᠷᠤᠯᠲᠠ ᠶᠢᠨ ᠭᠤᠣᠯᠯᠠᠬᠤ ᠡᠭᠦᠯᠳᠡᠷ ᠪᠠᠭᠲᠠᠨ᠎ᠠ᠃ ᠡᠭᠦᠨ ᠳᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠤᠰᠤᠨ ᠲᠤᠲᠤᠷᠭ᠎ᠠ᠂ ᠪᠤᠭᠤᠳᠠᠢ᠂ ᠰᠢᠯᠢᠮᠳᠡᠭ ᠵᠡᠷᠭᠡ ᠭᠤᠣᠯ ᠪᠣᠯᠬᠤ ᠠᠮᠤ ᠲᠣᠰᠣᠨ ᠤ ᠲᠠᠷᠢᠮᠠᠯ ᠵᠢᠴᠢ ᠦᠬᠡᠷ ᠬᠤᠨᠢ ᠵᠡᠷᠭᠡ ᠭᠤᠣᠯ ᠪᠣᠯᠬᠤ ᠮᠠᠯ ᠵᠢᠭᠦᠷᠲᠡᠨ ᠪᠠᠭᠲᠠᠨ᠎ᠠ᠃ ᠭᠤᠣᠯ ᠳᠡᠯᠭᠡᠷᠡᠭᠦᠯᠬᠦ ᠮᠡᠷᠭᠡᠵᠢᠯ ᠳᠤ 44 ᠵᠦᠢᠯ ᠤᠨ ᠲᠠᠷᠢᠶᠠᠯᠠᠩ ᠤᠨ ᠭᠤᠣᠯ ᠳᠡᠯᠭᠡᠷᠡᠭᠦᠯᠬᠦ ᠮᠡᠷᠭᠡᠵᠢᠯ ᠪᠠ 34 ᠵᠦᠢᠯ ᠤᠨ ᠮᠠᠯ ᠵᠢᠭᠦᠷᠲᠡᠨ ᠤᠰᠤᠨ ᠭᠠᠷᠤᠯᠲᠠ ᠶᠢᠨ ᠭᠤᠣᠯ ᠳᠡᠯᠭᠡᠷᠡᠭᠦᠯᠬᠦ ᠮᠡᠷᠭᠡᠵᠢᠯ ᠪᠠᠭᠲᠠᠵᠤ᠂ ᠠᠮᠤ ᠪᠤᠳᠠᠭ᠎ᠠ ᠲᠣᠰᠣᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ ᠢᠳᠡᠰᠢᠨ ᠨᠣᠭᠤᠭ᠎ᠠ᠂ ᠮᠠᠯ ᠠᠵᠤ ᠠᠬᠤᠢ᠂ ᠤᠰᠤᠨ ᠭᠠᠷᠤᠯᠲᠠ᠂ ᠲᠠᠷᠢᠶᠠᠯᠠᠩ ᠤᠨ ᠮᠠᠰᠢᠨ᠂ ᠡᠳ᠋ᠰᠢᠭᠦᠯᠬᠦ᠂ ᠭᠡᠮ ᠬᠤᠷᠣᠬᠠᠶᠢᠲᠤᠯ ᠤᠨ ᠬᠥᠨᠥᠭᠡᠯ ᠢ ᠰᠡᠷᠭᠡᠶᠢᠯᠡᠨ ᠵᠠᠰᠠᠬᠤ ᠪᠠ ᠬᠢᠵᠢᠭ ᠡᠪᠡᠳᠴᠢᠨ ᠢ ᠰᠡᠷᠭᠡᠶᠢᠯᠡᠬᠦ ᠵᠡᠷᠭᠡ ᠲᠠᠯ᠎ᠠ ᠶᠢ ᠬᠠᠮᠤᠷᠴᠠᠢ᠃           ᠡᠯ᠎ᠡ ᠭᠠᠵᠠᠷ ᠤᠨ ᠬᠢᠨ ᠲᠤᠰ ᠭᠠᠵᠠᠷ ᠤᠨ ᠪᠣᠳᠠᠲᠤ ᠪᠠᠶᠢᠳᠠᠯ ᠪᠠ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠲᠠᠢ ᠪᠠᠨ ᠤᠶᠠᠯᠳᠤᠭᠤᠯᠵᠤ᠂ ︽ᠺᠠᠨ ᠾᠧ ᠦᠷ᠎ᠡ ᠰᠣᠩᠭᠤᠬᠤ︾ ᠲᠠᠪᠴᠠᠩ ᠪᠠ ︽ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ︾  ᠳᠤ ᠲᠦᠰᠢᠭᠯᠡᠨ ᠭᠤᠣᠯᠯᠠᠬᠤ ᠡᠭᠦᠯᠳᠡᠷ ᠪᠠ ᠭᠤᠣᠯ ᠳᠡᠯᠭᠡᠷᠡᠭᠦᠯᠬᠦ ᠮᠡᠷᠭᠡᠵᠢᠯ ᠢ ᠳᠡᠯᠭᠡᠷᠡᠭᠦᠯᠵᠦ᠂ ᠰᠠᠶᠢᠨ ᠡᠭᠦᠯᠳᠡᠷ ᠰᠠᠶᠢᠨ ᠠᠷᠭ᠎ᠠ ᠶᠢᠨ ᠢᠵᠢ ᠪᠦᠷᠢᠳᠦᠭᠦᠯᠦᠨ ᠬᠡᠷᠡᠭᠯᠡᠬᠦ ᠮᠡᠷᠭᠡᠵᠢᠯ ᠢ ᠲᠠᠨᠢᠯᠴᠠᠭᠤᠯᠵᠤ᠂ ᠤᠬᠠᠭᠤᠯᠤᠨ ᠪᠣᠯᠪᠠᠰᠤᠷᠠᠭᠤᠯᠬᠤ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠ ᠮᠡᠷᠭᠡᠵᠢᠯ ᠤᠨ ᠵᠢᠯᠣᠭᠤᠳᠤᠯᠭ᠎ᠠ ᠬᠢᠬᠦ ᠵᠡᠷᠭᠡ ᠠᠵᠢᠯ ᠢ ᠰᠠᠶᠢᠲᠤᠷ ᠬᠢᠵᠦ᠂ ᠥᠷᠭᠡᠨ ᠣᠯᠠᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠰᠢᠯᠢᠳᠡᠭ ᠡᠭᠦᠯᠳᠡᠷ ᠪᠠ ᠲᠡᠷᠢᠭᠦᠨ ᠤ ᠮᠡᠷᠭᠡᠵᠢᠯ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠨᠣᠷᠮ᠎ᠠ ᠶᠢ ᠳᠡᠭᠡᠭᠰᠢᠯᠡᠭᠦᠯᠦᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠰᠠᠶᠢᠲᠤᠷ ᠪᠦᠲᠦᠭᠡᠨ ᠪᠠᠶᠢᠭᠤᠯᠬᠤ ᠳᠤ ᠬᠦᠴᠦᠲᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号