ᠰᠠᠶᠢᠬᠠᠨ ᠲᠣᠭᠤᠷᠢᠭ ᠨᠣᠭᠤᠭᠠᠷᠠᠭᠤᠯᠤᠯᠲᠠ ᠶᠢ ᠨᠥᠬᠦᠵᠦ ᠲᠠᠷᠢᠵᠦ ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/3/25
       ᠠᠷᠢᠭᠤᠨ ᠴᠡᠪᠡᠷ ᠡᠮᠬᠢ ᠵᠢᠷᠤᠮ ᠲᠠᠢ ᠬᠤᠲᠠ ᠶᠢᠨ ᠦᠵᠡᠮᠵᠢ ᠣᠷᠴᠢᠨ ᠲᠣᠭᠤᠷᠢᠨ ᠢ ᠦᠷᠭᠦᠯᠵᠢᠯᠡᠨ ᠬᠠᠮᠠᠭᠠᠯᠠᠬᠤ ᠶᠢᠨ ᠲᠥᠯᠥᠭᠡ᠂ 2023 ᠣᠨ ᠤ ᠡᠪᠦᠯ ᠤᠨ ᠤᠯᠠᠷᠢᠯ ᠳᠤ ᠠᠷᠠᠴᠢᠯᠠᠨ ᠬᠠᠮᠢᠶᠠᠷᠬᠤ ᠵᠠᠮ ᠤᠨ ᠮᠣᠳᠣ ᠶᠢ ᠪᠦᠬᠦ ᠲᠠᠯ᠎ᠠ ᠪᠠᠷ ᠨᠠᠷᠢᠨ ᠨᠢᠮᠪᠠᠢ ᠨᠡᠶᠢᠳᠡᠮ ᠪᠠᠶᠢᠴᠠᠭᠠᠬᠤ ᠪᠠ ᠮᠣᠳᠣᠨ ᠤ ᠨᠦᠬᠡ ᠮᠠᠯᠲᠠᠭᠰᠠᠨ ᠰᠠᠭᠤᠷᠢᠨ ᠳᠡᠭᠡᠷ᠎ᠡ᠂ ᠡᠨᠡ ᠵᠢᠯ  ᠤᠨ 2 ᠰᠠᠷ᠎ᠠ ᠶᠢᠨ ᠰᠡᠭᠦᠯᠴᠢ ᠠᠴᠠ ᠡᠬᠢᠯᠡᠨ᠂ ᠰᠠᠶᠢᠬᠠᠨ ᠲᠣᠭᠤᠷᠢᠭ ᠤᠨ ᠴᠡᠴᠡᠷᠯᠢᠭ  ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠵᠠᠮ ᠳᠠᠭᠠᠤ ᠮᠣᠳᠣ ᠨᠥᠬᠦᠵᠦ ᠲᠠᠷᠢᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠤᠲᠠ ᠶᠢᠨ ᠠᠷᠠᠳ ᠲᠤ ᠨᠡᠩ ᠭᠤᠶᠣ ᠰᠠᠶᠢᠬᠠᠨ ᠣᠷᠣᠱᠢᠨ ᠰᠠᠭᠤᠬᠤ ᠳᠤ ᠲᠣᠬᠢᠷᠠᠮᠵᠢᠲᠠᠢ ᠬᠤᠲᠠ ᠶᠢᠨ ᠣᠷᠴᠢᠨ ᠲᠣᠭᠤᠷᠢᠨ ᠢ ᠪᠣᠢ ᠪᠣᠯᠭᠠᠨ᠎ᠠ᠃
     ᠬᠠᠪᠤᠷ ᠪᠣᠯ ᠨᠣᠭᠤᠭᠠᠷᠠᠭᠤᠯᠤᠯᠲᠠ ᠶᠢᠨ ᠠᠷᠠᠴᠢᠯᠠᠵᠤ ᠬᠠᠮᠠᠭᠠᠯᠠᠬᠤ ᠱᠢᠵᠢᠷ ᠠᠯᠲᠠᠨ ᠦᠶ᠎ᠡ ᠮᠥᠨ᠂ ᠰᠠᠶᠢᠬᠠᠨ ᠲᠣᠭᠤᠷᠢᠭ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠠᠱᠢᠭᠲᠠᠢ ᠲᠣᠬᠢᠶᠠᠯ ᠢ ᠠᠳᠭᠤᠵᠤ᠂ ᠮᠣᠳᠣ ᠶᠢ ᠵᠠᠰᠠᠵᠤ ᠬᠠᠶᠢᠴᠢᠯᠠᠬᠤ᠂ ᠴᠢᠬᠢ ᠮᠣᠳᠣ ᠶᠢ ᠨᠥᠬᠦᠵᠦ ᠲᠠᠷᠢᠬᠤ᠂ ᠬᠠᠲᠠᠭᠰᠠᠨ ᠰᠠᠯᠠᠭ᠎ᠠ ᠶᠢ ᠴᠡᠪᠡᠷᠯᠡᠬᠦ ᠵᠡᠷᠭᠡ ᠠᠷᠠᠴᠢᠯᠠᠵᠤ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠬᠤᠲᠠ ᠶᠢᠨ ᠨᠣᠭᠤᠭᠠᠨ ᠬᠥᠷᠥᠰᠥ ᠶᠢᠨ ᠦᠵᠡᠮᠵᠢ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠱᠢᠯᠡᠭᠦᠯᠦᠨ᠂ ᠬᠤᠲᠠ ᠶᠢᠨ ᠥᠩᠭᠡ ᠲᠥᠷᠬᠦ ᠶᠢ ᠳᠡᠭᠡᠭᠱᠢᠯᠡᠭᠦᠯᠬᠦ ᠬᠡᠷᠡᠭᠲᠡᠢ᠃ ᠲᠣᠰ ᠤᠳᠠᠭᠠᠨ ᠤ ᠨᠥᠬᠦᠵᠦ ᠳᠠᠷᠢᠬᠤ ᠠᠵᠢᠯ ᠨᠢ ᠭᠤᠣᠯᠳᠠᠭᠤ ᠸᠠᠨ ᠳ᠋ᠠ ᠲᠠᠯᠠᠪᠠᠶ ᠶᠢᠨ ᠵᠡᠭᠦᠨ ᠲᠠᠯ᠎ᠠ ᠳᠤ ᠲᠥᠪᠯᠡᠷᠡᠵᠦ᠂ ᠬᠥᠭᠵᠢᠶᠡᠨ ᠨᠠᠷᠭᠢᠶᠠᠨ ᠲᠠᠢ ᠰᠢᠨᠬᠤᠸᠠ ᠶᠡᠭᠡ ᠵᠡᠭᠡᠯᠢ ᠲᠠᠢ ᠬᠥᠷᠰᠢᠯᠡᠵᠦ᠂ ᠲᠣᠰ ᠬᠡᠰᠡᠭ ᠨᠢ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ᠂ ᠬᠥᠬᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ ᠵᠡᠷᠭᠡ ᠰᠣᠶᠣᠯ ᠤᠨ ᠭᠠᠵᠠᠷ ᠤᠨ ᠲᠡᠮᠳᠡᠭ ᠢ ᠬᠤᠷᠠᠮᠳᠤᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠬᠤᠲᠠ ᠶᠢᠨ ᠴᠢᠬᠤᠯᠠ ᠬᠤᠳᠠᠯᠳᠤᠭᠠᠨ ᠤ ᠣᠷᠣᠨ ᠪᠣᠯᠣᠨ᠎ᠠ᠃ ᠡᠶᠢᠮᠦ ᠠᠴᠠ᠂ ᠰᠠᠶᠢᠬᠠᠨ ᠲᠣᠭᠤᠷᠢᠭ ᠤᠨ ᠴᠡᠴᠡᠷᠯᠢᠭ  ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠨᠡᠩ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠲᠠᠯᠪᠢᠵᠤ ᠴᠢᠬᠢ ᠮᠣᠳᠣ ᠬᠤᠳᠠᠯᠳᠤᠨ ᠠᠪᠬᠤ ᠪᠠ ᠵᠠᠮ ᠤᠨ ᠮᠣᠳᠣ ᠲᠠᠷᠢᠵᠤ ᠠᠷᠠᠴᠢᠯᠠᠬᠤ ᠠᠵᠢᠯ ᠢ ᠬᠢᠵᠦ᠂︽ᠨᠥᠬᠦᠪᠦᠷᠢᠯᠡᠬᠦ ᠶᠣᠰᠣᠲᠠᠢ ᠶᠢ ᠨᠢ ᠨᠥᠬᠦᠪᠦᠷᠢᠯᠡᠵᠦ᠂ ᠤᠤᠯ ᠤᠨ ᠮᠣᠳᠣᠨ ᠤ ᠲᠥᠷᠥᠯ ᠢ ᠨᠢ ᠲᠠᠷᠢᠵᠤ᠂ ᠨᠤᠲᠤᠭ ᠤᠨ ᠬᠢ ᠶᠢ ᠨᠢ ᠲᠠᠷᠢᠵᠤ᠂ ᠠᠯᠢ ᠴᠢᠳᠠᠬᠤ ᠪᠠᠷ ᠨᠢᠭᠡᠨᠲᠡ ᠬᠡᠯᠪᠡᠷᠢᠵᠢᠭᠦᠯᠦᠭᠰᠡᠨ ᠵᠤᠯᠵᠠᠭ᠎ᠠ ᠮᠣᠳᠣ︾ ᠪᠣᠯᠭᠠᠬᠤ ᠵᠠᠷᠴᠢᠮ ᠶᠣᠰᠣᠭᠠᠷ᠂ ᠬᠤᠲᠠ ᠶᠢᠨ ᠭᠤᠣᠯ ᠵᠠᠮ ᠤᠨ ᠦᠵᠡᠮᠵᠢ ᠬᠢᠭᠡᠳ ᠸᠠᠨ ᠲᠠ ᠬᠤᠳᠠᠯᠳᠤᠭᠠᠨ ᠤ ᠲᠣᠭᠤᠷᠢᠭ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠱᠢᠯᠡᠭᠦᠯᠦᠨ᠎ᠡ ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠥᠭᠡᠷᠡᠴᠢᠯᠡᠨ ᠪᠠᠶᠢᠭᠤᠯᠤᠭᠰᠠᠨ ᠵᠠᠮ ᠤᠨ ᠬᠡᠰᠡᠭ ᠲᠤ ᠬᠥᠮᠥᠨ ᠠᠮᠠ ᠶᠢᠨ ᠴᠤᠪᠤᠷᠠᠯ ᠤᠨ ᠬᠡᠮᠵᠢᠶ᠎ᠡ ᠨᠡᠯᠢᠶᠡᠳ ᠶᠡᠭᠡ ᠪᠣᠯᠬᠤᠷ ᠬᠤᠲᠠ ᠶᠢᠨ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠵᠠᠶᠢᠯᠠᠬᠤ ᠠᠵᠢᠯ ᠢ ᠦᠨᠳᠦᠰᠦᠨ ᠳᠡᠭᠡᠨ ᠰᠥᠨᠢ ᠪᠠᠷ ᠬᠢᠵᠦ᠂ ᠠᠯᠢ ᠴᠢᠳᠠᠬᠤ ᠪᠠᠷ ᠲᠡᠷᠭᠡ ᠵᠢᠯᠤᠭᠤᠳᠴᠤ ᠬᠥᠮᠥᠨ ᠬᠠᠷ᠎ᠠ ᠤᠷᠤᠰᠬᠤ ᠣᠷᠭᠢᠯ ᠠᠴᠠ ᠵᠠᠶᠢᠯᠠᠪᠠ᠃
     ︽ᠣᠶᠢᠷ᠎ᠠ ᠶᠢᠨ ᠬᠡᠳᠦᠨ ᠡᠳᠦᠷ᠂ ᠪᠢᠳᠡ ᠳ᠋ᠢᠩ ᠰᠢᠶᠠᠩ ᠵᠠᠮ ᠤᠨ ᠸᠠᠨ ᠳ᠋ᠠ ᠠᠭᠤᠳᠠᠮ ᠲᠠᠯᠠᠪᠠᠶ ᠲᠠᠢ ᠣᠶᠢᠷᠠᠲᠤᠭᠰᠠᠨ ᠵᠠᠮ ᠤᠨ ᠬᠡᠰᠡᠭ ᠲᠤ ᠴᠠᠭᠠᠨ ᠯᠠ ᠶᠢ ᠨᠥᠬᠦᠨ ᠲᠠᠷᠢᠪᠠ᠃ ᠴᠠᠭᠠᠨ ᠯᠠ ᠶᠢ ᠨᠥᠬᠦᠨ ᠤᠷᠭᠤᠭᠰᠠᠨ ᠴᠡᠭᠡᠵᠢᠨ ᠤ ᠳ᠋ᠢᠶᠠᠮᠧᠲᠷ ᠨᠢ ᠪᠠᠷᠤᠭ 14-16 ᠰᠠᠨᠲ᠋ᠢᠮᠧᠲᠷ ᠣᠷᠴᠢᠮ᠃ ᠵᠠᠯᠭᠠᠭᠠᠳ᠂ ᠰᠠᠶᠢᠬᠠᠨ ᠲᠣᠭᠤᠷᠢᠭ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠠᠴᠠ ᠦᠷᠭᠦᠯᠵᠢᠯᠡᠨ ᠬᠠᠷᠢᠶᠠᠲᠤ ᠣᠷᠣᠨ ᠤ ᠵᠠᠮ ᠤᠨ ᠬᠠᠵᠠᠭᠤ ᠶᠢᠨ ᠮᠣᠳᠣ ᠶᠢ ᠨᠥᠬᠦᠵᠦ ᠲᠠᠷᠢᠵᠤ᠂ ᠵᠢᠷᠤᠮᠵᠢᠭᠤᠯᠤᠨ ᠵᠠᠶᠢᠯᠠᠬᠤ ᠶᠢᠨ ᠬᠠᠮᠲᠤ᠂ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠨᠠᠷᠢᠯᠢᠭᠵᠢᠭᠤᠯᠵᠤ᠂ ᠨᠥᠬᠦᠵᠦ ᠳᠠᠷᠢᠬᠤ ᠶᠠᠰᠤ ᠴᠢᠨᠠᠷ ᠢ ᠪᠠᠲᠤᠯᠠᠨ᠂ ᠵᠠᠮ ᠤᠨ ᠨᠣᠭᠤᠭᠠᠷᠠᠭᠤᠯᠤᠯᠲᠠ ᠶᠢᠨ ᠠᠮᠢ ᠠᠬᠤᠢ ᠶᠢᠨ ᠦᠷ᠎ᠡ ᠠᠰᠢᠭ ᠪᠠ ᠦᠵᠡᠮᠵᠢ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠬᠤᠲᠠ ᠶᠢᠨ ᠦᠵᠡᠮᠵᠢ ᠶᠢᠨ ᠳᠦᠷᠰᠦ ᠪᠠᠶᠢᠳᠠᠯ ᠢ ᠦᠨᠡᠨᠬᠦ ᠳᠡᠭᠡᠭᠰᠢᠯᠡᠭᠦᠯᠦᠨ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ︾ ᠭᠡᠵᠦ ᠰᠠᠶᠢᠬᠠᠨ ᠲᠣᠭᠤᠷᠢᠭ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ︵ᠲᠦᠷ ᠲᠤᠰᠢᠶᠠᠯ ᠡᠭᠦᠷᠭᠡᠯᠡᠵᠦ ᠪᠠᠶᠢᠭ᠎ᠠ︶ ᠦᠰᠬᠠᠯ ᠰᠤᠷᠪᠤᠯᠵᠢᠯᠠᠭᠴᠢ ᠳᠤ ᠲᠠᠨᠢᠯᠴᠠᠭᠤᠯᠪᠠ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号