ᠰᠠᠶᠢᠬᠠᠨ ᠲᠣᠭᠤᠷᠢᠭ ᠤᠨ 3 ᠳ᠋ᠤᠭᠠᠷ ᠰᠠᠷ᠎ᠠ ᠶᠢᠨ ᠬᠥᠷᠥᠰᠥᠨ ᠤ ᠴᠢᠭᠢᠭ ᠤᠨ ᠪᠠᠶᠢᠳᠠᠯ ᠨᠡᠯᠢᠶᠡᠳ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2024/3/25
     ︵ᠰᠤᠷᠪᠤᠯᠵᠢᠯᠠᠭᠴᠢ ᠮᠢᠶᠣᠣ ᠴᠢᠩ︶ ᠰᠠᠶᠢᠬᠠᠨ ᠲᠣᠭᠤᠷᠢᠭ ᠤᠨ ᠴᠠᠭ ᠠᠭᠤᠷ ᠤᠨ ᠲᠣᠪᠴᠢᠶ᠎ᠠ ᠠᠴᠠ ᠰᠠᠶᠢᠬᠠᠨ ᠲᠣᠭᠤᠷᠢᠭ ᠤᠨ 4 ᠬᠢᠨᠠᠨ ᠬᠡᠮᠵᠢᠬᠦ  ᠴᠡᠭ ᠤᠨ ᠬᠥᠷᠥᠰᠥᠨ ᠤ ᠴᠢᠭᠢᠭ ᠤᠨ ᠪᠠᠶᠢᠳᠠᠯ ᠢ ᠨᠢᠭᠲᠠ ᠬᠢᠨᠠᠨ ᠬᠡᠮᠵᠢᠭᠰᠡᠨ ᠢᠶᠠᠷ᠂ 3 ᠳ᠋ᠤᠭᠠᠷ ᠰᠠᠷ᠎ᠠ ᠶᠢᠨ ᠡᠬᠢ ᠪᠠᠷ ᠬᠥᠷᠥᠰᠥᠨ ᠤ ᠴᠢᠭᠢᠭ ᠤᠨ ᠪᠠᠶᠢᠳᠠᠯ  ᠣᠶᠢᠷ᠎ᠠ ᠶᠢᠨ 10 ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠵᠤ᠂ ᠰᠠᠷ᠎ᠠ ᠶᠢᠨ ᠳᠤᠮᠳᠠᠴᠢ ᠪᠠᠷ ᠠᠭᠠᠷ ᠤᠨ ᠳᠤᠯᠠᠭᠠᠨ ᠥᠨᠳᠥᠷ᠂ ᠴᠢᠭᠢᠭ ᠤᠨ  ᠪᠠᠶᠢᠳᠠᠯ ᠰᠠᠶᠢᠨ᠂ ᠮᠣᠳᠣ ᠲᠠᠷᠢᠵᠤ ᠨᠣᠭᠤᠭᠠᠷᠠᠭᠤᠯᠬᠤ ᠳᠤ ᠠᠰᠢᠭᠲᠠᠢ᠃            ᠬᠢᠨᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ 0 ︱ 20 ᠰᠠᠨᠲ᠋ᠢᠮᠧᠲᠷ ᠤᠨ ᠬᠠᠭᠠᠯᠪᠤᠷᠢᠯᠠᠬᠤ ᠳᠠᠪᠬᠤᠷᠭ᠎ᠠ ᠨᠢ ᠴᠥᠮ ᠨᠢᠭᠡᠳᠦᠭᠡᠷ  ᠲᠥᠷᠥᠯ ᠤᠨ ᠴᠢᠬᠢᠭ ᠲᠠᠢ ᠪᠠᠶᠢᠵᠤ᠂ ᠴᠢᠭᠢᠭ ᠤᠨ ᠪᠠᠶᠢᠳᠠᠯ ᠨᠢ ᠨᠡᠯᠢᠶᠡᠳ ᠰᠠᠶᠢᠨ᠂ ᠣᠶᠢᠷ᠎ᠠ ᠶᠢᠨ 10 ᠵᠢᠯ ᠤᠨ ᠠᠳᠠᠯᠢ ᠬᠤᠭᠤᠴᠠᠭᠠᠨ ᠤ ᠬᠢ ᠠᠴᠠ  ᠢᠯᠡᠳᠲᠡ ᠰᠠᠶᠢᠨ ᠪᠠᠶᠢᠨ᠎ᠠ᠃ ᠬᠥᠯᠳᠡᠬᠦ ᠠᠴᠠ ᠡᠮᠦᠨᠡᠬᠢ ᠬᠠᠭᠠᠯᠪᠤᠷᠢᠯᠠᠬᠤ ᠳᠠᠪᠬᠤᠷᠭ᠎ᠠ ᠶᠢᠨ ᠬᠥᠷᠥᠰᠥᠨ ᠤ ᠴᠢᠭᠢᠭ ᠤᠨ ᠪᠠᠶᠢᠳᠠᠯ ᠨᠢ ᠬᠤᠶᠠᠳᠤᠭᠠᠷ  ᠲᠥᠷᠥᠯ ᠤᠨ ᠴᠢᠬᠢᠭ ᠲᠠᠢ ᠪᠠᠶᠢᠵᠤ᠂ ᠡᠪᠦᠯ ᠤᠨ ᠤᠯᠠᠷᠢᠯ ᠤᠨ ᠴᠠᠭ ᠠᠭᠤᠷ ᠤᠨ ᠨᠥᠬᠦᠴᠡᠯ ᠤᠨ ᠨᠥᠯᠥᠭᠡ ᠠᠴᠠ ᠪᠣᠯᠵᠤ᠂ ᠬᠠᠪᠤᠷ ᠤᠨ ᠡᠬᠢ ᠪᠠᠷ ᠴᠢᠭᠢᠭ ᠤᠨ  ᠬᠡᠮᠵᠢᠶ᠎ᠡ ᠥᠨᠳᠥᠷ ᠪᠣᠭᠤᠨᠢ ᠲᠣᠭᠲᠠᠪᠤᠷᠢ ᠦᠭᠡᠢ ᠦᠵᠡᠭᠳᠡᠯ ᠨᠡᠶᠢᠳᠡᠮ ᠣᠷᠣᠰᠢᠵᠤ᠂ ᠣᠳᠣᠬᠠᠨ ᠳᠤ ᠬᠥᠷᠥᠰᠥ ᠰᠢᠷᠣᠢ ᠨᠡᠯᠢᠶᠡᠳ ᠰᠠᠶᠢᠨ ᠪᠠᠶᠢᠨ᠎ᠠ᠃ 3  ᠳ᠋ᠤᠭᠠᠷ ᠰᠠᠷ᠎ᠠ ᠶᠢᠨ ᠳᠤᠮᠳᠠᠴᠢ ᠠᠴᠠ ᠡᠬᠢᠯᠡᠨ ᠮᠠᠨ ᠤ ᠬᠤᠲᠠ ᠶᠢᠨ ᠠᠭᠠᠷ ᠤᠨ ᠳᠤᠯᠠᠭᠠᠨ ᠮᠡᠳᠡᠭᠳᠡᠮ᠎ᠡ ᠳᠡᠭᠡᠭᠰᠢᠯᠡᠵᠦ᠂ ᠠᠭᠠᠷ ᠤᠨ ᠳᠤᠯᠠᠭᠠᠨ ᠥᠨᠳᠥᠷ᠂  ᠴᠢᠭᠢᠭ ᠤᠨ ᠪᠠᠶᠢᠳᠠᠯ ᠰᠠᠶᠢᠨ᠂ ᠮᠣᠳᠣ ᠲᠠᠷᠢᠵᠤ ᠨᠣᠭᠤᠭᠠᠷᠠᠭᠤᠯᠬᠤ ᠳᠤ ᠠᠰᠢᠭᠲᠠᠢ᠃            ᠡᠭᠦᠨ ᠠᠴᠠ ᠭᠠᠳᠠᠨ᠎ᠠ᠂ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠬᠦ ᠶᠢ ᠳᠠᠭᠠᠯᠳᠤᠨ᠂ ᠶᠡᠭᠡ ᠰᠠᠯᠬᠢ ᠡᠯᠡᠰᠦᠨ ᠰᠢᠭᠤᠷᠭ᠎ᠠ ᠲᠠᠢ ᠴᠠᠭ ᠠᠭᠤᠷ  ᠣᠯᠠᠰᠢᠷᠠᠬᠤ ᠪᠣᠯᠣᠨ᠎ᠠ᠂ ᠴᠠᠭ ᠠᠭᠤᠷ ᠤᠨ ᠰᠠᠯᠠᠭ᠎ᠠ ᠮᠥᠴᠢᠷ ᠠᠴᠠ ᠲᠠᠷᠢᠶᠠᠨ ᠭᠠᠵᠠᠷ ᠤᠨ ᠴᠢᠭᠢᠭ ᠤᠨ ᠪᠠᠶᠢᠳᠠᠯ ᠤᠨ ᠬᠤᠪᠢᠷᠠᠯᠲᠠ ᠶᠢ ᠨᠠᠷᠢᠨ ᠠᠩᠬᠠᠷᠴᠤ᠂  ᠬᠥᠷᠥᠰᠥᠨ ᠤ ᠴᠢᠭᠢᠭ ᠤᠨ ᠪᠠᠶᠢᠳᠠᠯ ᠢ ᠵᠣᠬᠢᠰᠲᠠᠢ ᠬᠠᠮᠢᠶᠠᠷᠴᠤ᠂ ᠬᠠᠪᠤᠷ ᠤᠨ ᠬᠠᠭᠤᠯᠪᠤᠷᠢᠯᠠᠯ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠶᠢ  ᠦᠨᠡᠨ ᠬᠦ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号