ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠢ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/3/25
      ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠬᠠᠷᠢᠶ᠎ᠠ ᠡᠯ᠎ᠡ ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄          ᠰᠤᠳᠤᠯᠬᠤ ᠪᠠᠷ ᠳᠡᠮᠵᠢᠨ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠳᠤ ᠵᠣᠬᠢᠴᠠᠩᠭᠤᠢ ᠲᠣᠬᠢᠷᠠᠭᠤᠯᠤᠯᠲᠠ ᠬᠢᠵᠦ᠂ ᠡᠳᠦᠭᠡ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠤᠳᠤᠷᠢᠳᠬᠤ ᠪᠠᠭ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠢ ᠲᠠ ᠨᠠᠷ ᠲᠤ ᠳᠠᠷᠤᠮᠠᠯᠯᠠᠨ ᠲᠠᠷᠬᠠᠭᠠᠨ᠎ᠠ᠃            ᠳᠠᠭᠠᠯᠳᠤᠭᠤᠯᠤᠯ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ                        ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                      2024 ᠣᠨ ᠤ 3 ᠰᠠᠷ᠎ᠠ ᠶᠢᠨ 6 ᠤ ᠡᠳᠦᠷ          ᠳᠠᠭᠠᠯᠳᠤᠭᠤᠯᠤᠯ᠄              ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠠᠵᠢᠯ ᠤᠨ ᠬᠤᠪᠢᠶᠠᠷᠢᠯᠠᠯ            ᠯᠢ ᠢᠦᠢ ᠵᠢᠶᠣᠣ ︵ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠠᠷᠤᠭ᠎ᠠ︶᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃            ᠬᠤᠪᠢᠳᠠᠨ ᠬᠠᠮᠢᠶᠠᠷᠬᠤ᠄ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ᠃            ᠳᠠᠭᠠᠭᠠᠴᠢᠯᠠᠨ ᠬᠠᠷᠢᠯᠴᠠᠬᠤ ᠨᠢ᠄ ᠬᠤᠸᠠᠩ ᠾᠧ ᠪᠠᠯᠭᠠᠰᠤ᠃            ᠶᠦᠨ ᠵᠢᠶᠠᠨ ᠭᠦᠸᠧ ︵ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ ᠳᠠᠷᠤᠭ᠎ᠠ︶᠄ ᠲᠣᠭᠤᠷᠢᠭ ᠤᠨ ᠳᠠᠷᠤᠭ᠎ᠠ ᠶᠢ ᠬᠠᠮᠵᠢᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠤᠯᠤᠰ ᠤᠨ ᠡᠳ᠋ ᠬᠥᠷᠥᠩᠭᠡ ᠶᠢᠨ ᠶᠠᠪᠤᠳᠠᠯ᠂ ᠭᠠᠶᠢᠯᠢ ᠶᠢᠨ ᠶᠠᠪᠤᠳᠠᠯ ᠢ ᠢᠯᠡ ᠪᠣᠯᠭᠠᠬᠤ᠂ ᠠᠶᠤᠯ ᠦᠭᠡᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠷᠣᠨ ᠰᠠᠭᠤᠴᠠ ᠶᠢᠨ ᠪᠠᠲᠤᠯᠠᠭ᠎ᠠ ︵ᠲᠦᠷᠢᠶᠡᠰᠦᠨ ᠣᠷᠣᠨ ᠰᠠᠭᠤᠴᠠ᠂ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ᠂ ᠵᠠᠯᠠᠭᠤᠴᠤᠳ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ︶᠂ ᠭᠠᠯ ᠤᠨᠲᠠᠷᠠᠭᠠᠬᠤ ᠲᠠᠯ᠎ᠠ ᠪᠠᠷ ᠠᠵᠢᠯ ᠢ ᠬᠠᠷᠢᠭᠤᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃            ᠬᠤᠪᠢᠳᠠᠨ ᠬᠠᠮᠢᠶᠠᠷᠬᠤ᠄  ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ᠂ ᠮᠥᠩᠭᠦᠨ ᠭᠦᠢᠯᠭᠡᠭᠡᠨ ᠤ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ᠂ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ︶᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ︵ᠲᠦᠷᠢᠶᠡᠰᠦᠨ ᠣᠷᠣᠨ ᠰᠠᠭᠤᠴᠠ᠂ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ᠂ ᠵᠠᠯᠠᠭᠤᠴᠤᠳ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠃           ᠬᠠᠷᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠲᠤ ᠰᠠᠭᠤᠭ᠎ᠠ ᠡᠯ᠎ᠡ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠩᠬᠢ᠂ ᠳᠠᠭᠠᠳᠬᠠᠯ ᠤᠨ ᠪᠠᠶᠢᠭᠤᠯᠤᠮᠵᠢ᠂ ᠴᠠᠬᠢᠯᠭᠠᠨ ᠬᠠᠩᠭᠠᠬᠤ ᠲᠣᠪᠴᠢᠶ᠎ᠠ᠃             ᠳᠠᠭᠠᠭᠠᠴᠢᠯᠠᠨ ᠬᠤᠯᠪᠣᠭ᠎ᠠ᠄ ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ᠃             ᠷᠧᠨ ᠵᠢᠶᠧ ︵ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ︶᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠥᠯᠥᠰᠦᠨ ᠠᠵᠢᠯᠴᠢᠨ ᠤ ᠴᠠᠯᠢᠩ ᠤᠨ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠤᠭ᠎ᠠ ᠪᠦᠷᠢᠳᠬᠡᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃            ᠬᠤᠪᠢᠳᠠᠨ ᠬᠠᠮᠢᠶᠠᠷᠬᠤ᠄ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︵ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠᠭᠲᠠᠨ᠎ᠠ︶᠂ ᠲᠤᠭ᠎ᠠ ᠪᠦᠷᠢᠳᠬᠡᠯ ᠤᠨ ᠲᠣᠪᠴᠢᠶ᠎ᠠ᠂ ᠬᠤᠲᠠ ᠬᠥᠳᠡᠭᠡ ᠶᠢᠨ ᠪᠠᠶᠢᠴᠠᠭᠠᠯᠲᠠ ᠶᠢᠨ ᠬᠤᠪᠢᠶᠠᠷᠢ ᠲᠥᠪ            ᠳᠠᠭᠠᠭᠠᠴᠢᠯᠠᠨ ᠬᠠᠷᠢᠯᠴᠠᠬᠤ ᠨᠢ᠄ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ᠃        ᠹᠧᠩ ᠬᠤᠩ ︵ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ︶᠄ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃            ᠬᠤᠪᠢᠳᠠᠨ ᠬᠠᠮᠢᠶᠠᠷᠬᠤ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠃            ᠪᠤᠤ ᠯᠢᠶᠠᠨ᠄ ᠬᠥᠯᠥᠨ ᠪᠤᠶᠢᠷ ᠤᠨ ᠡᠮᠦᠨ᠎ᠡ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ᠃          ᠵᠠᠩ ᠳ᠋ᠠ ᠸᠧᠢ ︵ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ︶᠄ ᠰᠤᠷᠭᠠᠨ ᠬᠥᠮᠦᠵᠢᠯ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ᠂ ᠣᠶᠤᠨᠲᠤ ᠬᠤᠲᠠ᠂ ᠲᠣᠮᠣ ᠳ᠋ᠠᠶᠢᠲ᠋ᠠ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠰᠢᠢᠳᠪᠦᠷᠢᠯᠡᠬᠦ᠂ ᠭᠠᠳᠠᠭᠠᠳᠤ ᠶᠠᠪᠤᠳᠠᠯ᠂ ᠪᠣᠭᠤᠮᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃          ᠬᠤᠪᠢᠳᠠᠨ ᠬᠠᠮᠢᠶᠠᠷᠬᠤ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠵᠢᠯᠣᠭᠤᠳᠤᠨ ᠲᠣᠬᠢᠷᠠᠭᠤᠯᠬᠤ ᠲᠥᠪ᠃            ᠳᠠᠭᠠᠭᠠᠴᠢᠯᠠᠨ ᠬᠤᠯᠪᠣᠭᠠᠯᠠᠭᠰᠠᠨ ᠨᠢ᠄ ᠢᠦᠢ ᠯᠢᠨ ᠪᠠᠯᠭᠠᠰᠤ᠃          ᠵᠣᠣ ᠰᠢᠨ ᠯᠦᠩ ︵ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠷᠤᠭ᠎ᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠥᠪᠯᠡᠭᠴᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠬᠤᠪᠢᠶᠠᠷᠢ ᠲᠣᠪᠴᠢᠶ᠎ᠠ ᠶᠢᠨ ᠠᠵᠢᠯ ᠢ ᠡᠷᠭᠢᠯᠡᠨ᠎ᠡ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃            ᠬᠤᠪᠢᠳᠠᠨ ᠬᠠᠮᠢᠶᠠᠷᠬᠤ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠬᠤᠪᠢᠶᠠᠷᠢ ᠲᠣᠪᠴᠢᠶ᠎ᠠ᠃            ᠬᠠᠷᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠪᠠᠶᠢᠴᠠᠭᠠᠬᠤ ᠬᠤᠷᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠃            ᠳᠠᠭᠠᠭᠠᠴᠢᠯᠠᠨ ᠬᠤᠯᠪᠣᠭ᠎ᠠ᠄ ᠤᠯᠠᠭᠠᠨᠴᠠᠪ ᠤᠨ ᠵᠡᠭᠦᠨ ᠵᠠᠮ ᠤᠨ ᠵᠡᠭᠡᠯᠢ ᠭᠤᠳᠤᠮᠵᠢ᠃            ᠶᠠᠩ ᠼᠦᠩ ᠯᠢᠨ ︵ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ︶᠄ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠤᠰᠤᠨ ᠠᠰᠢᠭᠯᠠᠯᠲᠠ᠂ ᠣᠶ ᠰᠢᠭᠤᠢ ᠪᠠ ᠨᠤᠲᠤᠭ ᠪᠡᠯᠴᠢᠭᠡᠷ᠂ ᠠᠮᠢ ᠠᠬᠤᠢ ᠪᠠ ᠣᠷᠴᠢᠨ ᠲᠣᠭᠤᠷᠢᠨ ᠤ ᠬᠠᠮᠠᠭᠠᠯᠠᠯᠲᠠ᠂ ᠵᠠᠬᠢᠳᠠᠯ ᠰᠣᠷᠪᠤᠯᠵᠢᠯᠠᠭ᠎ᠠ᠂ ᠣᠷᠣᠨ ᠨᠤᠲᠤᠭ ᠤᠨ ᠣᠶᠢᠯᠠᠯᠭ᠎ᠠ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠪᠠ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ᠂ ᠶᠡᠭᠡ ᠲᠦᠷᠭᠡᠨ ᠭᠤᠣᠯ ᠳᠠᠭᠠᠤ ᠶᠢᠨ ᠠᠮᠢ ᠠᠬᠤᠢ ᠶᠢᠨ ᠦᠵᠡᠮᠵᠢ᠂ ᠲᠠᠷᠢᠶᠠᠯᠠᠩ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠶᠢ ᠬᠠᠷᠢᠭᠤᠴᠠᠨ᠎ᠠ᠃ ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠠᠵᠢᠯ ᠢ ᠬᠠᠷᠢᠭᠤᠴᠠᠵᠤ᠂ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃          ᠬᠤᠪᠢᠳᠠᠨ ᠬᠠᠮᠢᠶᠠᠷᠬᠤ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠭᠲᠠᠨ᠎ᠠ︶᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠠᠶᠢᠬᠠᠨ ᠬᠤᠪᠢᠶᠠᠷᠢ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠰᠠᠶᠢᠬᠠᠨ ᠬᠤᠪᠢᠶᠠᠷᠢ ᠲᠣᠪᠴᠢᠶ᠎ᠠ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠰᠠᠶᠢᠬᠠᠨ ᠬᠤᠪᠢᠶᠠᠷᠢ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠃              ᠳᠠᠭᠠᠭᠠᠴᠢᠯᠠᠨ ᠬᠠᠷᠢᠯᠴᠠᠬᠤ ᠨᠢ᠄ ᠬᠤᠸᠠᠩ ᠾᠧ ᠪᠠᠯᠭᠠᠰᠤ᠃            ᠵᠣᠣ ᠱᠧᠩ ᠯᠢ ︵ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠮᠤ ᠪᠤᠳᠠᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠠᠵᠤ ᠦᠢᠯᠡᠳᠪᠦᠷᠢ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠪᠠᠶᠢᠭᠠᠯᠢ ᠶᠢᠨ ᠡᠬᠢ ᠪᠠᠶᠠᠯᠢᠭ᠂ ᠭᠠᠵᠠᠷ ᠰᠢᠷᠣᠢ ᠶᠢᠨ ᠬᠠᠮᠢᠶᠠᠷᠤᠯᠲᠠ ᠠᠰᠢᠭᠯᠠᠯᠲᠠ᠂ ᠦᠯᠡᠳᠡᠭᠳᠡᠯ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ᠂ ᠭᠠᠵᠠᠷ ᠰᠢᠷᠣᠢ ᠶᠢ ᠡᠮᠬᠢᠯᠡᠬᠦ ᠶᠢᠨ ᠡᠮᠦᠨᠡᠬᠢ ᠬᠤᠭᠤᠴᠠᠭᠠᠨ ᠤ ᠲᠠᠲᠠᠪᠤᠷᠢᠯᠠᠨ ᠨᠤᠷᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃            ᠬᠤᠪᠢᠳᠠᠨ ᠬᠠᠮᠢᠶᠠᠷᠬᠤ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠠᠵᠤ ᠦᠢᠯᠡᠳᠪᠦᠷᠢ ᠶᠢᠨ ᠡᠭᠦᠷᠭᠡ ᠴᠢᠳᠠᠪᠤᠷᠢ︶᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠰᠠᠶᠢᠬᠠᠨ ᠬᠤᠪᠢᠶᠠᠷᠢ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ︵ᠭᠠᠵᠠᠷ ᠰᠢᠷᠣᠢ ᠶᠢ ᠡᠮᠬᠢᠯᠡᠬᠦ ᠡᠮᠦᠨᠡᠬᠢ ᠬᠤᠭᠤᠴᠠᠭᠠᠨ ᠤ ᠲᠠᠲᠠᠪᠤᠷᠢᠯᠠᠨ ᠨᠤᠷᠠᠭᠠᠬᠤ ᠠᠵᠢᠯ︶᠃            ᠬᠠᠷᠢᠯᠴᠠᠬᠤ ᠨᠢ᠄ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ᠃              ᠳᠠᠭᠠᠭᠠᠴᠢᠯᠠᠨ ᠬᠤᠯᠪᠣᠭ᠎ᠠ᠄ ᠵᠣᠣ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ᠃          ᠰᠢᠦᠢ ᠯᠢᠩ ᠯᠢᠩ ︵ᠲᠣᠭᠤᠷᠢᠭ ᠤᠨ ᠳᠡᠳ᠋ ᠳᠠᠷᠤᠭ᠎ᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠦᠢᠯᠡᠴᠢᠯᠡᠭᠡᠨ ᠤ ᠦᠢᠯᠡᠰ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠬᠤᠷᠠᠯ ᠦᠵᠡᠰᠬᠦᠯᠡᠩ᠂ ᠪᠠᠶᠢᠭᠤᠯᠭ᠎ᠠ ᠶᠢᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃            ᠬᠤᠪᠢᠳᠠᠨ ᠬᠠᠮᠢᠶᠠᠷᠬᠤ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠡᠭᠦᠷᠭᠡ ᠴᠢᠳᠠᠪᠤᠷᠢ︶᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠵᠢᠨᠴᠢᠶᠣᠣ ᠶᠢᠨ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠬᠦᠷᠢᠶᠡᠯᠡᠩ ᠲᠣᠭᠤᠷᠢᠭ            ᠳᠠᠭᠠᠭᠠᠴᠢᠯᠠᠨ ᠬᠠᠷᠢᠯᠴᠠᠬᠤ ᠨᠢ᠄ ᠬᠢᠩᠭᠠᠨ ᠡᠮᠦᠨ᠎ᠡ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ᠃          ᠵᠧᠦ ᠷᠥᠸᠧ ᠬᠤᠤ ︵ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ︶᠄ ᠦᠨᠳᠦᠰᠦᠲᠡᠨ᠂ ᠠᠷᠠᠳ ᠤᠨ ᠶᠠᠪᠤᠳᠠᠯ᠂ ᠨᠡᠶᠢᠭᠡᠮ ᠲᠣᠭᠤᠷᠢᠭ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃        ᠬᠤᠪᠢᠳᠠᠨ ᠬᠠᠮᠢᠶᠠᠷᠬᠤ᠄ ᠲᠣᠭᠤᠷᠢᠭ ᠤᠨ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠃            ᠳᠠᠭᠠᠭᠠᠴᠢᠯᠠᠨ ᠬᠤᠯᠪᠣᠭ᠎ᠠ᠄ ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ ᠶᠢᠨ ᠬᠤᠷᠴᠢᠨ ᠲᠣᠭᠤᠷᠢᠭ᠃            ᠬᠡᠷᠡᠯᠳᠦ ︵ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠪᠡ︶᠄            ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠠᠵᠢᠯ ᠢ ᠪᠡᠶᠡᠯᠡᠭᠦᠯᠦᠨ᠎ᠡ᠃            ᠳᠠᠭᠠᠭᠠᠴᠢᠯᠠᠨ ᠬᠠᠷᠢᠯᠴᠠᠬᠤ ᠨᠢ᠄ ᠬᠤᠸᠠᠩ ᠾᠧ ᠪᠠᠯᠭᠠᠰᠤ᠃            ᠪᠦᠦ ᠯᠧ ᠭᠧ ︵ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠪᠡ︶᠄          ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠠᠵᠢᠯ ᠢ ᠪᠡᠶᠡᠯᠡᠭᠦᠯᠦᠨ᠎ᠡ᠃            ᠳᠠᠭᠠᠭᠠᠴᠢᠯᠠᠨ ᠬᠤᠯᠪᠤᠭ᠎ᠠ ᠶᠢᠨ ᠢᠶᠠᠨ ᠭᠤᠣᠯ ᠪᠠᠯᠭᠠᠰᠤ᠃            ᠢᠷᠡᠯᠲᠡ᠄  ᠰᠠᠶᠢᠬᠠᠨ  ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号