ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠬᠥᠳᠡᠭᠡ ᠲᠣᠰᠬᠤᠨ ᠳᠤ ᠬᠦᠷᠭᠡᠪᠡ
ᠨᠡᠶᠢᠲᠡᠯᠡᠭᠰᠡᠨ ᠴᠠᠭ᠄
2024/3/26
     ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠦᠭᠡᠮᠡᠯᠵᠢᠯᠲᠡ ᠶᠢ ᠶᠡᠬᠡᠪᠡᠷ ᠠᠬᠢᠭᠤᠯᠵᠤ᠂ ᠥᠷᠭᠡᠨ ᠣᠯᠠᠨ ᠰᠠᠭᠤᠭᠠᠯᠢ ᠠᠷᠠᠳ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠪᠠᠶᠠᠷ ᠪᠠᠶᠠᠰᠤᠯ ᠢ ᠡᠳ᠋ᠯᠡᠨ᠂ ᠪᠥᠬᠦ ᠠᠷᠠᠳ ᠢᠶᠠᠷ ᠢᠶᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ︿ᠲᠤᠰᠠᠲᠠᠢ﹀ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠬᠥᠳᠡᠭᠡ ᠲᠣᠰᠬᠤᠨ ᠳᠤ ᠣᠷᠣᠭᠤᠯᠬᠤ︾ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ︽ᠲᠠᠪᠤᠨ ᠨᠢᠭᠡ︾ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠢ ᠳᠡᠯᠭᠡᠷᠡᠭᠦᠯᠬᠦ ᠠᠵᠢᠯᠯᠠᠭ᠎ᠠ ᠰᠠᠶᠢᠬᠠᠨ ᠲᠣᠭᠤᠷᠢᠭ ᠤᠨ ᠬᠤᠸᠠᠩ ᠾᠧ ᠱᠣᠸ ᠪᠠᠯᠭᠠᠰᠤᠨ ᠳᠤ ᠡᠬᠢᠯᠡᠪᠡ᠃
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠠᠭᠤᠷᠠᠢ ᠭᠠᠵᠠᠷ ᠤᠨ ᠮᠥᠰᠥᠨ ᠳᠡᠪᠦᠷ᠎ᠡ᠂ ᠮᠥᠰᠥᠨ ᠳᠡᠪᠦᠷ᠎ᠡ ᠪᠥᠮᠪᠦᠭᠡ᠂ ᠳᠤᠷ᠎ᠠ ᠰᠣᠨᠢᠷᠬᠠᠯ ᠲᠠᠢ ᠪᠤᠯᠠᠭ ᠤᠨ ᠪᠥᠮᠪᠦᠭᠡ᠂ ᠲᠠᠪᠤᠨ ᠰᠢᠲᠠᠷ᠎ᠠ᠂ ᠨᠢᠳᠦᠨ ᠤ ᠡᠪᠡᠳᠴᠢᠨ ᠲᠠᠢ᠂ ᠰᠣᠨᠢᠷᠬᠠᠯᠲᠠᠢ ᠥᠳᠥᠨ ᠪᠥᠮᠪᠦᠭᠡ ᠵᠡᠷᠭᠡ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯ ᠤᠨ ᠦᠵᠡᠭᠦᠯᠦᠯᠭᠡ ᠶᠢᠨ ᠪᠡᠶᠡᠴᠢᠯᠡᠨ ᠣᠶᠢᠯᠠᠭᠠᠬᠤ ᠲᠣᠭᠤᠷᠢᠭ ᠭᠠᠷᠭᠠᠵᠤ᠂ ᠤᠯᠠᠨ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠲᠤ ᠡᠯ᠎ᠡ ᠲᠦᠷᠦᠯ ᠤᠨ ᠮᠥᠰᠥ ᠴᠠᠰᠤᠨ ᠤ ᠲᠦᠷᠦᠯ ᠵᠦᠢᠯ ᠤᠨ ᠮᠡᠳᠡᠯᠭᠡ ᠶᠢ ᠲᠠᠶᠢᠯᠪᠤᠷᠢᠯᠠᠨ ᠥᠭᠴᠦ᠂ ᠲᠤᠬᠠᠢ ᠶᠢᠨ ᠲᠠᠯᠠᠪᠠᠢ ᠳᠤ ᠵᠢᠱᠢᠶ᠎ᠡ ᠦᠵᠡᠭᠦᠯᠬᠦ ᠰᠠᠭᠤᠷᠢ ᠮᠡᠷᠭᠡᠵᠢᠯ ᠤᠨ ᠬᠥᠳᠡᠯᠭᠡᠭᠡᠨ ᠢ ᠲᠠᠶᠢᠯᠪᠤᠷᠢᠯᠠᠵᠤ᠂ ᠲᠡᠳᠡᠨ ᠢ ᠳᠠᠭᠠᠭᠤᠯᠤᠨ ᠬᠠᠭᠤᠷᠠᠢ ᠭᠠᠵᠠᠷ ᠤᠨ ᠮᠥᠰᠥᠨ ᠳᠡᠪᠦᠷ᠎ᠡ ᠶᠢ ᠪᠡᠶᠡᠴᠢᠯᠡᠨ ᠣᠶᠢᠯᠠᠭᠠᠵᠤ᠂ ᠰᠠᠭᠤᠭᠠᠯᠢ ᠠᠷᠠᠳ ᠲᠤ ᠣᠷᠣᠯᠴᠠᠭᠰᠠᠨ ᠬᠠᠯᠠᠭᠤᠨ ᠰᠡᠳᠬᠢᠯᠭᠡ ᠶᠢᠨ ᠮᠠᠭᠲᠠᠭᠠᠯ ᠰᠠᠶᠢᠰᠢᠶᠠᠯ ᠢ ᠣᠯᠵᠠᠢ᠃
         ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠬᠥᠳᠡᠭᠡ ᠲᠣᠰᠬᠤᠨ ᠳᠤ ᠥᠷᠭᠡᠨ ᠢᠶᠠᠷ ᠥᠷᠨᠢᠭᠦᠯᠵᠦ᠂ ᠡᠪᠦᠯ ᠤᠨ ᠤᠯᠠᠷᠢᠯ ᠤᠨ ᠲᠠᠮᠢᠷ ᠤᠨ ᠬᠥᠳᠡᠯᠭᠡᠭᠡᠨ ᠢ ᠨᠠᠩ ᠰᠠᠶᠢᠲᠤᠷ ᠳᠡᠯᠭᠡᠷᠡᠭᠦᠯᠦᠨ ᠲᠦᠭᠡᠮᠡᠯᠵᠢᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠤᠸᠠᠩ ᠾᠧ ᠱᠣᠣ ᠪᠠᠯᠭᠠᠰᠤᠨ ᠳᠤ ᠬᠠᠭᠤᠷᠠᠢ ᠭᠠᠵᠠᠷ ᠤᠨ ᠮᠥᠰᠥᠨ ᠳᠡᠪᠦᠷ᠎ᠡ ᠶᠢᠨ ᠪᠠᠭᠠᠵᠢ ᠬᠡᠷᠡᠭᠰᠡᠯ ᠢ ᠬᠠᠨᠳᠢᠪᠯᠡᠪᠠ᠃          ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠤᠸᠠᠬᠤᠰᠢᠭᠤ ᠪᠠᠯᠭᠠᠰᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠬᠡ ᠬᠠᠭᠤᠷᠠᠢ ᠶᠢᠨ ᠮᠥᠰᠥᠨ ᠳᠡᠪᠦᠷ᠎ᠡ ᠶᠢᠨ ᠪᠣᠯᠪᠠᠰᠤᠷᠠᠭᠤᠯᠤᠯ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠣᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠮᠥᠰᠥ ᠴᠠᠰᠤᠨ ᠤ ᠪᠦᠲᠦᠭᠡᠨ ᠪᠠᠶᠢᠭᠤᠯᠤᠯᠲᠠ ᠪᠠᠷ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠬᠦᠴᠦᠨ ᠨᠡᠮᠡᠷᠢᠯᠡᠵᠦ᠂ ᠮᠥᠰᠥ ᠴᠠᠰᠤᠨ ᠤ ᠲᠥᠷᠥᠯ ᠵᠦᠢᠯ ᠢ ᠲᠦᠭᠡᠮᠡᠯᠵᠢᠭᠦᠯᠦᠨ ᠬᠡᠪᠴᠢᠶ᠎ᠡ ᠶᠢ ᠥᠷᠭᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠬᠤ ᠪᠣᠯᠣᠨ᠎ᠠ᠃         ᠢᠷᠡᠯᠲᠡ᠄  ᠰᠠᠶᠢᠬᠠᠨ ᠲᠣᠭᠤᠷᠢᠭ ᠤᠨ  ᠠᠷᠠᠳ ᠤᠨ ᠵᠠᠰᠠᠭ ᠤᠨ ᠣᠷᠳᠤᠨ ᠤ  ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号