ᠰᠠᠶᠢᠬᠠᠨ ᠲᠣᠭᠤᠷᠢᠭ᠄  ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠲᠥᠯᠥᠪᠯᠡᠨ ᠰᠠᠶᠢᠲᠤᠷ ᠬᠡᠷᠡᠭᠯᠡᠵᠦ ᠰᠠᠶᠢᠲᠤᠷ ᠬᠠᠮᠢᠶᠠᠷᠬᠤ ᠬᠡᠷᠡᠭᠲᠡᠢ
ᠨᠡᠶᠢᠲᠡᠯᠡᠭᠰᠡᠨ ᠴᠠᠭ᠄
2024/3/26
     ᠡᠨᠡ ᠵᠢᠯ ᠤᠨ 3 ᠰᠠᠷ᠎ᠠ ᠶᠢᠨ 22 ᠤᠨ ᠡᠳᠦᠷ ᠪᠣᠯ ᠭᠤᠴᠢᠨ ᠬᠤᠶᠠᠳᠤᠭᠠᠷ ᠬᠤᠭᠤᠴᠠᠭᠠᠨ ᠤ ︽ᠳᠡᠯᠡᠬᠡᠢ ᠶᠢᠨ ᠤᠰᠤᠨ ᠤ ᠡᠳᠦᠷ︾ ᠪᠣᠯᠣᠨ᠎ᠠ᠂ 3 ᠰᠠᠷ᠎ᠠ ᠶᠢᠨ 22 ᠤᠨ ᠡᠳᠦᠷ ᠠᠴᠠ 28 ᠤ ᠡᠳᠦᠷ ᠪᠣᠯᠲᠠᠯ᠎ᠠ ᠪᠣᠯ ᠭᠤᠴᠢᠨ ᠳᠣᠯᠣᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠭᠠᠷᠠᠭ︾ ᠪᠣᠯᠣᠨ᠎ᠠ᠃ ᠡᠨᠡ ᠵᠢᠯ ᠤᠨ ᠠᠵᠢᠯᠯᠠᠭ᠎ᠠ ︽ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠲᠥᠯᠥᠪᠯᠡᠨ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠬᠤ︾ ᠪᠠᠷ ᠭᠤᠣᠯ ᠰᠡᠳᠦᠪ ᠪᠣᠯᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠤᠰᠤ ᠠᠷᠪᠢᠯᠠᠬᠤ ᠤᠬᠠᠮᠰᠠᠷ ᠪᠠ ᠤᠰᠤᠨ ᠤ ᠡᠬᠢ ᠪᠠᠶᠠᠯᠢᠭ ᠢ ᠬᠠᠶᠢᠷᠠᠯᠠᠬᠤ ᠤᠬᠠᠮᠰᠠᠷᠲᠤ ᠠᠵᠢᠯᠯᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ᠃ ᠡᠨᠡ ᠬᠦ ᠭᠤᠣᠯ ᠰᠡᠳᠦᠪ ᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠰᠠᠶᠢᠬᠠᠨ ᠲᠣᠭᠤᠷᠢᠭ 3 ᠰᠠᠷ᠎ᠠ ᠶᠢᠨ 22 ᠤᠨ ᠡᠳᠦᠷ ᠵᠠᠰᠠᠭ ᠤᠨ ᠣᠷᠳᠣᠨ ᠤ ᠠᠭᠤᠳᠠᠮ ᠲᠠᠯᠠᠪᠠᠢ ᠳᠤ ︽ᠳᠡᠯᠡᠬᠡᠢ ᠶᠢᠨ ᠤᠰᠤᠨ ᠤ ᠡᠳᠦᠷ · ᠳᠤᠮᠳᠠᠳᠤ ᠤᠯᠤᠰ ᠤᠨ ᠤᠰᠤᠨ ᠤ ᠭᠠᠷᠠᠭ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
         ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠬᠥᠨᠳᠡᠯᠡᠨ ᠪᠢᠴᠢᠭᠡᠰᠦ᠂ ᠦᠵᠡᠭᠦᠯᠭᠡ ᠶᠢᠨ ᠰᠠᠮᠪᠠᠷ᠎ᠠ ᠵᠢᠴᠢ ᠭᠤᠶᠤ ᠰᠠᠶᠢᠬᠠᠨ ᠤᠬᠠᠭᠤᠯᠭ᠎ᠠ ᠶᠢᠨ ᠥᠩᠭᠡᠲᠦ ᠬᠠᠭᠤᠳᠠᠰᠤ ᠶᠢ ᠠᠰᠢᠭᠯᠠᠨ᠂ ᠥᠷᠭᠡᠨ ᠣᠯᠠᠨ ᠰᠠᠭᠤᠭᠠᠯᠢ ᠠᠷᠠᠳ ᠲᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ ᠴᠢᠬᠤᠯᠠ ᠴᠢᠨᠠᠷ ᠢ ᠭᠦᠨᠵᠡᠭᠡᠢ ᠲᠦᠭᠡᠮᠡᠯᠵᠢᠭᠦᠯᠵᠡᠢ᠃ ᠠᠵᠢᠯᠲᠠᠳ ᠲᠤᠬᠠᠢ ᠶᠢᠨ ᠲᠠᠯᠠᠪᠠᠶ ᠳᠤ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠢᠷᠡᠯᠲᠡ ᠶᠢ ᠲᠠᠨᠢᠯᠴᠠᠭᠤᠯᠵᠤ᠂ ᠮᠠᠨ ᠤ ᠤᠯᠤᠰ ᠤᠨ ᠣᠳᠣᠬᠠᠨ ᠤ ᠤᠰᠤᠨ ᠤ ᠡᠬᠢ ᠪᠠᠶᠠᠯᠢᠭ ᠤᠨ ᠪᠠᠶᠢᠳᠠᠯ᠂ ᠤᠰᠤᠨ ᠤ ᠡᠬᠢ ᠪᠠᠶᠠᠯᠢᠭ ᠲᠠᠢ ᠬᠤᠯᠪᠣᠭᠳᠠᠬᠤ ᠤᠯᠤᠰ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠭᠡᠷ ᠪᠦᠯᠢ ᠶᠢᠨ ᠤᠰᠤ ᠠᠷᠪᠢᠯᠠᠬᠤ ᠵᠢᠵᠢᠭ ᠮᠡᠳᠡᠯᠭᠡ ᠵᠡᠷᠭᠡ ᠡᠯ᠎ᠡ ᠵᠦᠢᠯ ᠤᠨ ᠤᠰᠤ ᠠᠷᠪᠢᠯᠠᠬᠤ ᠮᠡᠳᠡᠯᠭᠡ ᠶᠢ ᠲᠠᠶᠢᠯᠪᠤᠷᠢᠯᠠᠵᠤ᠂ ᠰᠠᠭᠤᠭᠠᠯᠢ ᠠᠷᠠᠳ ᠢ ᠢᠳᠡᠪᠬᠢᠲᠡᠢ ᠣᠷᠣᠯᠴᠠᠵᠤ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠤᠰᠤ ᠶᠢ ᠠᠷᠪᠢᠯᠠᠵᠤ ᠬᠡᠷᠡᠭᠯᠡᠬᠦ ᠳᠠᠳᠬᠠᠯ ᠢ ᠪᠣᠶ ᠪᠣᠯᠭᠠᠬᠤ ᠶᠢ ᠤᠷᠢᠶᠠᠯᠠᠪᠠ᠃ ᠠᠵᠢᠯᠯᠠᠭ᠎ᠠ ᠶᠢᠨ ᠳᠤᠮᠳᠠ᠂ ᠠᠵᠢᠯᠲᠠᠳ ᠬᠤᠲᠠ ᠶᠢᠨ ᠠᠷᠠᠳ ᠲᠤ 500 ᠭᠠᠷᠤᠢ ᠬᠤᠪᠢ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠭᠰᠠᠨ ᠢᠶᠠᠷ ᠪᠠᠷᠠᠬᠤ ᠦᠭᠡᠢ᠂ ᠪᠠᠰᠠ ᠵᠢᠵᠢᠭ ᠪᠡᠯᠡᠭ ᠢ ᠨᠠᠷᠢᠨ ᠨᠢᠮᠪᠠᠢ ᠪᠡᠯᠡᠳᠬᠡᠵᠦ᠂ ᠡᠭᠦᠨ ᠢᠶᠠᠷ ᠣᠯᠠᠨ ᠤ ᠤᠰᠤ ᠠᠷᠪᠢᠯᠠᠬᠤ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃
    ︽ᠤᠰᠤᠨ ᠤ ᠡᠬᠢ ᠪᠠᠶᠠᠯᠢᠭ ᠤᠨ ᠡᠷᠬᠢᠮ ᠨᠠᠨᠳᠢᠨ ᠴᠢᠨᠠᠷ ᠢ ᠪᠢᠳᠡ ᠴᠠᠭ ᠢᠮᠠᠭᠲᠠ ᠲᠠᠨᠢᠵᠤ᠂ ᠥᠨᠥᠳᠥᠷ ᠤᠨ ᠠᠵᠢᠯᠯᠠᠭ᠎ᠠ ᠪᠢᠳᠡᠨ ᠢ ᠤᠰᠤᠨ ᠤ ᠡᠬᠢ ᠪᠠᠶᠠᠯᠢᠭ ᠢ ᠠᠷᠪᠢᠯᠠᠬᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ ᠴᠢᠬᠤᠯᠠ ᠴᠢᠨᠠᠷ ᠤᠨ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠤᠰᠤ ᠠᠷᠪᠢᠯᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠵᠣᠯ ᠵᠢᠷᠭᠠᠯᠲᠤ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠶ᠎ᠠ︾ ᠭᠡᠵᠦ  ᠬᠤᠲᠠ ᠶᠢᠨ ᠠᠷᠠᠳ ᠵᠠᠩ ᠠᠪᠠᠭ᠋ᠠᠢ ᠰᠤᠷᠪᠤᠯᠵᠢᠯᠠᠭᠴᠢ ᠳᠤ ᠬᠡᠯᠡᠪᠡ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠰᠠᠭᠤᠭᠠᠯᠢ ᠠᠷᠠᠳ ᠢ ᠤᠰᠤᠨ ᠤ ᠡᠬᠢ ᠪᠠᠶᠠᠯᠢᠭ ᠤᠨ ᠴᠢᠬᠤᠯᠠ ᠴᠢᠨᠠᠷ ᠤᠨ ᠲᠤᠬᠠᠢ ᠨᠠᠩ ᠲᠣᠳᠣᠷᠬᠠᠢ ᠲᠠᠨᠢᠯᠲᠠ ᠲᠠᠢ ᠪᠣᠯᠭᠠᠬᠤ ᠪᠠᠷ ᠪᠠᠷᠠᠬᠤ ᠦᠭᠡᠢ᠂ ᠪᠥᠬᠦ ᠨᠡᠶᠢᠭᠡᠮ ᠤᠨ ᠬᠡᠪᠴᠢᠶᠡᠨ ᠳᠤ ︽ᠤᠰᠤ ᠶᠢ ᠬᠠᠶᠢᠷᠠᠯᠠᠬᠤ᠂ ᠤᠰᠤ ᠶᠢ ᠠᠷᠪᠢᠯᠠᠬᠤ᠂ ᠤᠰᠤ ᠶᠢ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠤᠬᠠᠭᠤᠯᠭ᠎ᠠ ᠪᠠᠷ ᠳᠠᠮᠵᠢᠨ᠂ ᠰᠠᠭᠤᠭᠠᠯᠢ ᠠᠷᠠᠳ ᠤᠨ ᠤᠰᠤ ᠠᠷᠪᠢᠯᠠᠬᠤ ᠤᠬᠠᠮᠰᠠᠷ ᠪᠣᠯᠣᠨ ᠤᠰᠤᠨ ᠤ ᠰᠠᠨᠠᠭᠠᠰᠢᠷᠠᠨ ᠵᠣᠪᠠᠨᠢᠬᠤ ᠤᠬᠠᠮᠰᠠᠷ ᠢ ᠢᠯᠡᠳᠲᠡ ᠳᠡᠭᠡᠭᠰᠢᠯᠡᠭᠦᠯᠵᠡᠢ᠂ ᠡᠨᠡ ᠨᠢ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ᠂ ᠥᠨᠳᠥᠷ ᠪᠦᠲᠦᠮᠵᠢᠲᠡᠶ ᠪᠠᠷ ᠠᠰᠢᠭᠯᠠᠬᠤ᠂ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠪᠠ ᠪᠦᠲᠦᠮᠵᠢᠲᠡᠶ ᠬᠠᠮᠢᠶᠠᠷᠬᠤ ᠶᠢ ᠲᠦᠯᠬᠢᠨ ᠠᠬᠢᠭᠤᠯᠬᠤ ᠳᠤ ᠠᠰᠢᠭᠲᠠᠢ ᠶᠤᠮ᠃          ᠤᠰᠤ ᠪᠣᠯ ᠠᠮᠢ ᠨᠠᠰᠤᠨ ᠤ ᠡᠬᠢ ᠰᠤᠷᠪᠤᠯᠵᠢ ᠮᠥᠨ᠂ ᠨᠡᠩ ᠴᠤ ᠬᠥᠮᠥᠨ ᠲᠥᠷᠥᠯᠬᠢᠲᠡᠨ ᠤ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠮᠥᠨ᠃ ᠪᠢᠳᠡ ᠭᠠᠷ ᠬᠤᠯᠪᠣᠯᠴᠠᠨ ᠬᠠᠮᠲᠤᠪᠠᠷ ᠤᠷᠤᠭᠰᠢᠯᠠᠵᠤ᠂ ᠳᠤᠰᠤᠯ ᠤᠰᠤ ᠨᠢᠭᠡᠪᠦᠷᠢ ᠶᠢ ᠨᠠᠷᠢᠨ ᠨᠢᠮᠪᠠᠢ ᠪᠣᠳᠣᠵᠤ ᠰᠠᠶᠢᠲᠤᠷ ᠬᠡᠷᠡᠭᠯᠡᠵᠦ᠂ ᠮᠠᠨ ᠤ ᠤᠰᠤᠨ ᠤ ᠡᠬᠢ ᠪᠠᠶᠠᠯᠢᠭ ᠢᠶᠠᠨ ᠴᠢᠩᠭ᠎ᠠ ᠨᠢᠮᠪᠠᠢ ᠰᠠᠶᠢᠲᠤᠷ ᠬᠠᠮᠢᠶᠠᠷᠴᠤ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠭᠡᠷ ᠣᠷᠣᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号