ᠰᠠᠶᠢᠬᠠᠨ ᠲᠣᠭᠤᠷᠢᠭ ᠄ ᠲᠣᠭᠤᠷᠢᠭ ᠲᠤ ᠰᠠᠭᠤᠭ᠎ᠠ ᠪᠠᠩᠬᠢ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢ ᠵᠣᠯᠭᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
       ︽ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠦᠬᠦᠯᠢ ᠴᠣᠭᠴᠠ ᠶᠢᠨ ᠪᠠᠶᠢᠷᠢᠰᠢᠭᠤᠯᠤᠯ ᠳᠤ ᠲᠦᠷᠭᠡᠨ ᠵᠣᠬᠢᠴᠠᠬᠤ ᠶᠢ ᠲᠦᠷᠭᠡᠳᠬᠡᠵᠦ᠂ ᠰᠠᠶᠢᠬᠠᠨ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠡᠯᠡ ᠮᠥᠩᠭᠦ ᠶᠢᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠴᠢᠳᠠᠮᠵᠢ ᠶᠢ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠣᠭᠤᠷᠢᠭ ᠲᠤ ᠰᠠᠭᠤᠭ᠎ᠠ ᠪᠠᠩᠬᠢ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢ ᠵᠣᠯᠭᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠠᠶᠢᠬᠠᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠠᠩ ᠺᠠᠢ ᠬᠤᠳᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠶᠢᠨ ᠴᠢᠶᠣᠤ ᠴᠧᠩ ᠬᠤᠳᠠ ᠶᠢᠨ ᠪᠦᠲᠦᠭᠡᠨ ᠪᠠᠶᠢᠭᠤᠯᠤᠯᠲᠠ ᠵᠢᠴᠢ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠲᠣᠭᠤᠷᠢᠭ ᠲᠤ ᠰᠠᠭᠤᠭ᠎ᠠ ᠠᠵᠤ ᠠᠬᠤᠶᠢᠯᠠᠯ᠂ ᠬᠠᠷᠢᠶ᠎ᠠ ᠣᠷᠣᠨ ᠤ ᠪᠠᠩᠬᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠡᠶᠢᠳᠡ 30 ᠭᠠᠷᠤᠢ ᠬᠥᠮᠥᠨ ᠬᠤᠷᠠᠯ ᠳᠤ ᠣᠷᠣᠯᠴᠠᠪᠠ᠃
         ᠬᠤᠷᠠᠯ ᠳᠡᠭᠡᠷ᠎ᠡ᠂ ᠰᠠᠶᠢᠬᠠᠨ ᠬᠤᠲᠠ ᠶᠢᠨ ᠪᠡᠯᠡ ᠣᠷᠣᠭᠤᠯᠤᠯᠲᠠ᠂ ᠰᠠᠶᠢᠬᠠᠨ ᠲᠠᠷᠢᠶᠠᠯᠠᠩ ᠤᠨ ᠪᠡᠯᠡ ᠣᠷᠣᠭᠤᠯᠤᠯᠲᠠ ᠵᠡᠷᠭᠡ 6 ᠠᠵᠤ ᠠᠬᠤᠶᠢᠯᠠᠯ ᠭᠤᠣᠯᠳᠠᠯᠭ᠎ᠠ ᠲᠠᠢ ᠲᠥᠷᠥᠯ ᠵᠦᠢᠯ ᠢ ᠲᠠᠨᠢᠯᠴᠠᠭᠤᠯᠪᠠ︔ ᠳᠤᠮᠳᠠᠳᠤ ᠤᠯᠤᠰ ᠤᠨ ᠪᠠᠩᠬᠢ᠂ ᠵᠠᠮ ᠬᠠᠷᠢᠯᠴᠠᠭᠠᠨ ᠤ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠲᠠᠷᠢᠶᠠᠯᠠᠩ ᠤᠨ ᠪᠠᠩᠬᠢ ᠵᠡᠷᠭᠡ 9 ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠣᠰ ᠪᠡᠶ᠎ᠡ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠲᠠᠯ᠎ᠠ ᠪᠠᠷ ᠬᠢ ᠣᠨᠴᠠᠯᠢᠭ ᠪᠠ ᠬᠢᠯᠠᠰ ᠴᠡᠭᠲᠦ ᠲᠤᠬᠠᠶᠢᠯᠠᠭᠰᠠᠨ ᠠᠵᠢᠯ ᠢᠶᠠᠨ ᠲᠠᠨᠢᠯᠴᠠᠭᠤᠯᠵᠤ᠂ ᠣᠶᠢᠷ᠎ᠠ ᠶᠢᠨ ᠬᠤᠭᠤᠴᠠᠭᠠᠨ ᠳᠤ ᠵᠢᠭᠡᠯᠡᠯᠭᠡ ᠶᠢᠨ ᠬᠠᠨᠳᠤᠰᠢ᠂ ᠵᠢᠭᠡᠯᠡᠯᠭᠡ ᠶᠢᠨ ᠦᠢᠯᠡᠳᠬᠦᠨ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠵᠢᠴᠢ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ᠂ ᠪᠣᠬᠢᠷᠲᠤᠯ ᠦᠭᠡᠢ ᠢᠲᠡᠭᠡᠮᠵᠢᠲᠦ ᠵᠢᠭᠡᠯᠡᠯᠭᠡ ᠶᠢᠨ ᠲᠥᠷᠥᠯ ᠵᠦᠢᠯ ᠵᠡᠷᠭᠡ ᠮᠡᠳᠡᠭᠡ ᠵᠠᠩᠭᠢ ᠶᠢ ᠲᠠᠨᠢᠯᠴᠠᠭᠤᠯᠵᠤ᠂ ᠠᠵᠤ ᠠᠬᠤᠶᠢᠯᠠᠯ ᠤᠨ ᠳᠤᠷᠠᠳᠤᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤ ᠥᠭᠭᠦᠭᠰᠡᠨ ᠪᠥᠭᠡᠳ ᠪᠠᠩᠬᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠡᠷᠬᠢᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠰᠠᠨᠠᠭᠤᠯᠭ᠎ᠠ ᠳᠤᠷᠠᠳᠴᠤ᠂ ᠬᠤᠶᠠᠷ ᠲᠠᠯ᠎ᠠ ᠪᠠᠷ ᠢᠶᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠳᠤ ᠰᠢᠨ᠎ᠡ ᠶᠢ ᠡᠭᠦᠳᠬᠦ᠂ ᠮᠥᠩᠭᠦᠨ ᠭᠦᠢᠯᠭᠡᠭᠡᠨ ᠤ ᠠᠮᠢ ᠠᠬᠤᠢ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃             ᠬᠤᠷᠠᠯ ᠠᠴᠠ᠂ ︽ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ︾ ᠲᠤᠯᠭᠠᠮ᠎ᠠ ᠰᠡᠳᠬᠢᠯᠭᠡ ᠶᠢ ᠴᠠᠭ ᠢᠮᠠᠭᠲᠠ ᠡᠪᠦᠷᠯᠡᠵᠦ᠂ ᠲᠦᠷᠦᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠡᠯ᠎ᠡ ᠲᠦᠷᠦᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠬᠤᠷᠳᠤᠴᠠ ᠪᠠᠨ ᠲᠦᠷᠭᠡᠳᠬᠡᠬᠦ ᠶᠢ ᠠᠬᠢᠭᠤᠯᠬᠤ ᠬᠡᠷᠡᠭᠲᠡᠢ᠃ ᠠᠵᠢᠯ ᠤᠨ ᠰᠡᠳᠬᠢᠴᠡ ᠪᠠᠨ ᠰᠢᠨ᠎ᠡ ᠪᠠᠷ ᠡᠭᠦᠳᠴᠦ᠂ ᠲᠥᠷᠥᠯ ᠵᠦᠢᠯ ᠤᠨ ᠪᠣᠭᠤᠳᠠᠯ ᠪᠠᠭᠯᠠᠭ᠎ᠠ᠂ ᠪᠠᠩᠬᠢ ᠶᠢᠨ ᠦᠢᠯᠡᠳᠬᠦᠨ ᠤ ᠵᠢᠷᠤᠭ ᠲᠥᠯᠥᠪᠯᠡᠭᠡ ᠵᠢᠴᠢ ᠠᠵᠢᠯ ᠤᠨ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠬᠦ ᠰᠡᠳᠬᠢᠬᠦᠢ ᠪᠠᠨ ᠢᠯᠡᠷᠡᠭᠦᠯᠵᠦ᠂ ᠡᠭᠦᠨ ᠢᠶᠠᠷ ᠨᠡᠶᠢᠭᠡᠮ ᠤᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢ ᠬᠥᠭᠵᠢᠭᠡᠵᠦ᠂ ᠲᠥᠷᠥᠯ ᠵᠦᠢᠯ ᠤᠨ ᠤᠷᠤᠭᠰᠢᠲᠠᠢ ᠠᠭᠢᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃         ᠬᠤᠷᠠᠯ ᠠᠴᠠ᠂ ᠬᠤᠲᠠ᠂ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠠᠵᠢᠯ ᠤᠨ ᠰᠠᠯᠠᠭ᠎ᠠ ᠮᠥᠴᠢᠷ ᠤᠨ ᠬᠤᠭᠤᠷᠣᠨᠳᠣᠬᠢ ᠬᠥᠨᠳᠡᠯᠡᠨ ᠭᠤᠯᠳᠤ ᠠᠵᠢᠯ ᠤᠨ ᠬᠠᠮᠲᠤᠷᠠᠯ ᠤᠨ ᠬᠦᠴᠦᠨ ᠢ ᠴᠢᠩᠭᠠᠳᠬᠠᠵᠤ᠂ ᠠᠵᠤ ᠦᠢᠯᠡᠰ ᠢ ᠠᠭᠤᠰᠤᠯᠴᠠᠭᠤᠯᠤᠨ ᠵᠣᠯᠭᠠᠭᠤᠯᠬᠤ ᠦᠢᠯᠡᠴᠢᠯᠡᠭᠡ ᠶᠢ ᠪᠦᠬᠦ ᠲᠠᠯ᠎ᠠ ᠪᠠᠷ ᠴᠢᠩᠭᠠᠳᠬᠠᠵᠤ᠂ ᠨᠡᠩ ᠤᠯᠠᠨ ︽ᠮᠥᠩᠭᠦᠨ ᠭᠦᠢᠯᠭᠡᠭᠡ ᠶᠢ ᠠᠮᠢᠳᠤᠯᠢᠭ ᠪᠣᠯᠭᠠᠬᠤ︾ ᠶᠢ ᠬᠥᠲᠥᠯᠥᠨ ᠵᠢᠯᠤᠭᠤᠳᠴᠤ ᠪᠣᠳᠠᠲᠤ ᠴᠣᠭᠴᠠ ᠶᠢᠨ ᠠᠵᠤ ᠠᠬᠤᠢ᠂ ᠠᠵᠤ ᠠᠬᠤᠶᠢᠯᠠᠯ ᠢ ᠬᠤᠪᠢᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠳᠡ ᠦᠭᠡᠢ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠬᠠᠩᠭᠠᠬᠤ ᠬᠡᠷᠡᠭᠲᠡᠢ᠃         ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号