ᠵᠢᠮᠢᠰ ᠤᠨ ᠬᠠᠯᠢᠰᠤᠨ ᠬᠠᠶᠢᠷᠴᠠᠭ ᠢ ︽ᠰᠢᠨ᠎ᠡ ᠤᠭᠰᠠᠷᠠᠯᠲᠠ︾ ᠰᠣᠯᠢᠵᠤ᠂ ᠵᠠᠮ ᠤᠨ ᠥᠩᠭᠡ ᠵᠢᠰᠦ ᠶᠢ ᠳᠠᠬᠢᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/3/27
      ᠵᠢᠮᠢᠰ ᠤᠨ ᠬᠠᠯᠢᠰᠤᠨ ᠬᠠᠶᠢᠷᠴᠠᠭ ᠪᠣᠯ ᠨᠢᠭᠡ ᠬᠤᠲᠠ ᠶᠢᠨ ᠳᠤᠲᠠᠭᠳᠠᠵᠤ ᠪᠣᠯᠣᠰᠢ ᠦᠭᠡᠢ᠂ ᠬᠠᠮᠤᠭ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠮᠥᠨ᠂ ᠬᠥᠮᠥᠰ ᠤᠨ ᠬᠠᠶᠠᠭᠳᠠᠮᠠᠯ ᠪᠣᠳᠠᠰ ᠬᠠᠶᠠᠵᠤ ᠲᠥᠬᠦᠮ ᠦᠵᠡᠭᠦᠯᠦᠭᠰᠡᠨ ᠢᠶᠠᠷ ᠪᠠᠷᠠᠬᠤ ᠦᠭᠡᠢ᠂ ᠬᠤᠲᠠ ᠶᠢᠨ ᠣᠷᠴᠢᠨ ᠲᠣᠭᠤᠷᠢᠨ ᠢ ᠭᠤᠶᠣᠯᠠᠵᠤ ᠴᠢᠳᠠᠨ᠎ᠠ᠃ ᠬᠤᠲᠠ ᠶᠢᠨ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠴᠢᠩᠭᠠᠳᠬᠠᠵᠤ᠂ ᠴᠡᠪᠡᠷ ᠴᠡᠮᠴᠡᠭᠡᠷ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ 20 ᠤ ᠡᠳᠦᠷ ᠠᠴᠠ ᠡᠬᠢᠯᠡᠨ᠂ ᠰᠠᠶᠢᠬᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠬᠠᠷᠢᠶᠠᠲᠤ ᠣᠷᠣᠨ ᠤ ᠬᠠᠭᠤᠴᠢᠨ ᠡᠪᠳᠡᠷᠬᠡᠢ ᠵᠢᠮᠢᠰ ᠤᠨ ᠬᠠᠯᠢᠰᠤᠨ ᠬᠠᠶᠢᠷᠴᠠᠭ ᠢ ᠰᠣᠯᠢᠵᠤ᠂ ᠬᠠᠷᠢᠶᠠᠲᠤ ᠣᠷᠣᠨ ᠤ ᠵᠢᠮᠢᠰ ᠤᠨ ᠬᠠᠶᠢᠷᠴᠠᠭ ᠤᠨ ᠪᠦᠷᠬᠦᠴᠡ ᠶᠢᠨ ᠨᠢᠭᠲᠠᠴᠠ ᠶᠢ ᠳᠡᠭᠡᠭᠰᠢᠯᠡᠭᠦᠯᠬᠦ ᠶᠢᠨ ᠬᠠᠮᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠰᠠᠨᠠᠭᠠᠴᠢᠯᠠᠬᠤ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ ᠶᠢᠨ ᠰᠠᠭᠤᠷᠢ ᠪᠠᠲᠤᠯᠠᠭ᠎ᠠ ᠬᠠᠩᠭᠠᠭᠰᠠᠨ ᠪᠠᠶᠢᠨ᠎ᠠ᠃
           ᠪᠢᠳᠡ ᠡᠨᠡ ᠤᠳᠠᠭ᠎ᠠ 500 ᠪᠦᠯᠦᠭ ᠵᠢᠮᠢᠰ ᠤᠨ ᠬᠠᠯᠢᠰᠤᠨ ᠬᠠᠶᠢᠷᠴᠠᠭ ᠢ ᠰᠣᠯᠢᠵᠤ᠂ ᠬᠠᠶᠢᠷᠴᠠᠭ ᠳᠡᠭᠡᠷ᠎ᠡ ᠦᠰᠦᠭ ᠪᠢᠴᠢᠭ ᠪᠠ ᠵᠢᠷᠤᠭ ᠲᠡᠮᠳᠡᠭ ᠤᠨ ᠬᠡᠯᠪᠡᠷᠢ ᠪᠠᠷ ᠬᠤᠭ ᠨᠣᠪᠰᠢ ᠵᠢᠭᠰᠠᠭᠠᠵᠤ᠂ ᠬᠤᠲᠠ ᠶᠢᠨ ᠠᠷᠠᠳ ᠬᠤᠭ ᠨᠣᠪᠰᠢ ᠶᠢ ᠲᠥᠷᠥᠯ ᠬᠤᠪᠢᠶᠠᠬᠤ ᠱᠠᠭᠠᠷᠳᠠᠯᠭ᠎ᠠ ᠶᠣᠰᠣᠭᠠᠷ ᠬᠤᠭ ᠨᠣᠪᠰᠢ ᠶᠢ ᠵᠥᠪ ᠢᠶᠠᠷ ᠲᠠᠯᠪᠢᠬᠤ ᠳᠤ ᠳᠥᠭᠦᠮ ᠦᠵᠡᠭᠦᠯᠪᠡ᠃ ᠵᠢᠮᠢᠰ ᠤᠨ ᠬᠠᠯᠢᠰᠤᠨ ᠬᠠᠶᠢᠷᠴᠠᠭ ᠨᠢ ᠭᠤᠣᠯᠳᠠᠭᠤ ᠴᠡᠯᠡᠭᠡᠷ ᠲᠠᠯ᠎ᠠ ᠶᠡᠭᠡ ᠵᠡᠭᠡᠯᠢ᠂ ᠵᠣᠣ ᠤᠳᠠ ᠵᠠᠮ᠂ ᠲᠣᠷᠭᠠᠨ ᠵᠠᠮ ᠤᠨ ᠶᠡᠭᠡ ᠵᠠᠮ ᠵᠡᠷᠭᠡ ᠭᠤᠣᠯ ᠳᠡᠳ᠋ ᠵᠠᠮ ᠱᠤᠭᠤᠮ ᠢᠶᠠᠷ ᠲᠠᠷᠬᠠᠵᠤ᠂ ᠬᠤᠲᠠ ᠶᠢᠨ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠳᠤᠷ᠎ᠠ ᠪᠠᠷ ᠢᠶᠠᠨ ᠬᠤᠭ ᠨᠣᠪᠰᠢ ᠶᠢ ᠬᠠᠶᠠᠬᠤ ᠠᠵᠢᠯᠯᠠᠭ᠎ᠠ ᠶᠢ ᠪᠠᠭᠠᠰᠬᠠᠵᠤ᠂ ᠬᠤᠲᠠ ᠶᠢᠨ ᠪᠣᠯᠪᠠᠰᠤᠨ ᠤ ᠬᠡᠮᠵᠢᠶ᠎ᠡ ᠪᠠ ᠬᠤᠲᠠ ᠶᠢᠨ ᠴᠢᠨᠠᠷ ᠳᠡᠰ ᠢ ᠨᠠᠩ ᠳᠡᠭᠡᠭᠰᠢᠯᠡᠭᠦᠯᠵᠦ᠂ ᠬᠤᠲᠠ ᠶᠢᠨ ᠳᠦᠷᠢ ᠲᠥᠷᠬᠦ ᠶᠢ ᠴᠢᠮᠡᠭᠯᠡᠵᠡᠢ᠃ ᠰᠣᠯᠢᠭᠳᠠᠭᠰᠠᠨ ᠤ ᠳᠠᠷᠠᠭ᠎ᠠ ᠪᠢᠳᠡ ᠪᠠᠰᠠ ᠵᠢᠮᠢᠰ ᠤᠨ ᠬᠠᠯᠢᠰᠤᠨ ᠬᠠᠶᠢᠷᠴᠠᠭ ᠤᠨ ᠬᠠᠮᠠᠭᠠᠯᠠᠯᠲᠠ ᠪᠠᠨ ᠴᠢᠩᠭᠠᠳᠬᠠᠨ᠎ᠠ ᠭᠡᠵᠦ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ ᠲᠥᠪ ᠤᠨ ᠵᠢᠶᠠ ᠴᠢᠨ ᠦᠢᠯᠡᠴᠢᠯᠡᠭᠡᠨ ᠤ ᠺᠣᠮᠫᠠᠨᠢ ᠶᠢᠨ ᠱᠦᠭᠦᠷᠳᠡᠨ ᠴᠡᠪᠡᠷᠯᠡᠬᠦ ᠠᠩᠭᠢ ᠶᠢᠨ ᠳᠠᠷᠤᠭ᠎ᠠ ᠯᠢ ᠭᠦᠢ ᠼᠠᠩ ᠢᠯᠡᠳᠬᠡᠵᠡᠢ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号