ᠢᠳᠡᠭᠡᠨ ᠤ ᠠᠮᠤᠷ ᠲᠦᠪᠰᠢᠨ ᠪᠣᠯ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ
ᠨᠡᠶᠢᠲᠡᠯᠡᠭᠰᠡᠨ ᠴᠠᠭ᠄
2024/3/27
     ᠢᠳᠡᠭᠡᠨ ᠤ ᠠᠮᠤᠷ ᠲᠦᠪᠰᠢᠨ ᠶᠡᠷᠦ ᠠᠴᠠ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠮᠥᠨ᠂ ᠪᠠᠰᠠ ᠴᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ ᠮᠥᠨ᠃ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠰᠤᠷᠤᠭᠴᠢᠳ ᠢ ᠬᠥᠲᠥᠯᠥᠨ ᠵᠢᠯᠤᠭᠤᠳᠴᠤ ᠢᠳᠡᠭᠡᠨ ᠤᠮᠳᠠᠭᠠᠨ ᠤ ᠠᠷᠢᠭᠤᠨ ᠴᠡᠪᠡᠷ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠰᠤᠷᠭᠠᠭᠤᠯᠢ ᠶᠢᠨ ᠬᠦᠷᠢᠶᠡᠨ ᠳᠤ ᠣᠷᠣᠵᠤ᠂ ᠢᠳᠡᠭᠡᠨ ᠤ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
    ᠠᠵᠢᠯᠯᠠᠭ᠎ᠠ ᠶᠢᠨ ᠳᠤᠮᠳᠠ᠂ ᠠᠵᠢᠯᠲᠠᠳ ᠰᠤᠷᠤᠭᠴᠢᠳ ᠤᠨ ᠬᠠᠮᠲᠤᠯᠢᠭ ᠤᠨ ᠢᠳᠡᠭᠡᠨ ᠤᠮᠳᠠᠭᠠᠨ ᠤ ᠬᠡᠷᠡᠭᠯᠡᠭᠡᠨ ᠤ ᠣᠨᠴᠠᠯᠢᠭ ᠲᠠᠢ ᠤᠶᠠᠯᠳᠤᠭᠤᠯᠤᠨ᠂ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠦᠷᠭᠦᠯᠵᠢ ᠲᠣᠬᠢᠶᠠᠯᠳᠤᠳᠠᠭ ᠤᠷᠢᠳᠴᠢᠯᠠᠨ ᠪᠣᠭᠤᠳᠠᠯᠯᠠᠭᠰᠠᠨ ᠢᠳᠡᠭᠡᠨ᠂ ᠬᠠᠭᠤᠷᠮᠠᠭ ᠮᠠᠭᠤ ᠢᠳᠡᠭᠡᠨ ᠢ ᠬᠡᠷᠬᠢᠨ ᠢᠯᠭᠠᠨ ᠲᠠᠨᠢᠬᠤ ᠵᠡᠷᠭᠡ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠠᠮᠢᠳᠤᠯᠢᠭ ᠢᠶᠠᠷ ᠲᠠᠶᠢᠯᠪᠤᠷᠢᠯᠠᠵᠤ᠂ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠢ ᠠᠩᠬᠠᠷᠬᠤ ᠶᠢ ᠰᠠᠨᠠᠭᠠᠴᠢᠯᠠᠵᠤ᠂ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠪᠠᠶᠢᠭ᠎ᠠ ᠰᠤᠷᠤᠭᠴᠢᠳ ᠲᠤ ︽ᠢᠳᠡᠭᠡᠨ ᠤ ᠪᠦᠷᠢᠯᠭᠡᠬᠦ ᠶᠢ ᠡᠰᠡᠷᠭᠦᠴᠡᠬᠦ ᠬᠠᠤᠯᠢ︾ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠪᠣᠬᠢᠷᠲᠤᠯ ᠦᠭᠡᠢ ᠡᠷᠡᠭᠦᠯ ᠮᠡᠨᠳᠦ᠂ ᠪᠣᠯᠪᠠᠰᠤᠨ ᠣᠶᠤᠨᠴᠢ ᠬᠡᠷᠡᠭᠯᠡᠭᠡᠨ ᠤ ᠣᠶᠢᠯᠠᠭᠠᠭᠳᠠᠬᠤᠨ ᠢ ᠪᠣᠶ ᠪᠣᠯᠭᠠᠵᠤ᠂ ᠡᠳᠦᠷ ᠲᠤᠲᠤᠮ ᠬᠤᠭᠤᠯᠠᠯᠠᠬᠤ ᠳᠠᠭᠠᠨ ᠬᠤᠭᠤᠰᠤᠨ ᠫᠠᠨᠰᠠ ᠶᠢᠨ ᠠᠵᠢᠯᠯᠠᠭ᠎ᠠ ᠶᠢᠨ ᠦᠢᠯᠡᠳᠦᠯᠭᠡᠵᠢᠭᠦᠯᠦᠭᠴᠢ᠂ ᠪᠣᠯᠪᠠᠰᠤᠨ ᠬᠤᠭᠤᠯᠠᠨ ᠰᠢᠷᠡᠭᠡᠨ ᠤ ᠬᠠᠮᠠᠭᠠᠯᠠᠭᠴᠢ᠂ ᠰᠠᠶᠢᠨ ᠰᠠᠶᠢᠬᠠᠨ ᠠᠮᠢᠳᠤᠷᠠᠯ ᠤᠨ ᠡᠭᠦᠳᠦᠨ ᠪᠦᠲᠦᠭᠡᠭᠴᠢ ᠪᠣᠯᠬᠤ ᠶᠢ ᠤᠷᠢᠶᠠᠯᠠᠪᠠ᠃          ᠲᠣᠰ ᠤᠳᠠᠭᠠᠨ ᠤ ᠠᠵᠢᠯᠯᠠᠭ᠎ᠠ ᠳᠤ᠂ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠰᠣᠨᠣᠷ ᠰᠡᠷᠡᠮᠵᠢ ᠪᠠᠨ ᠳᠡᠭᠡᠭᠰᠢᠯᠡᠭᠦᠯᠦᠨ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠰᠤᠷᠭᠠᠭᠤᠯᠢ ᠲᠠᠢ ᠭᠠᠷ ᠬᠤᠯᠪᠣᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠰᠤᠷᠭᠠᠭᠤᠯᠢ ᠶᠢᠨ ᠬᠦᠷᠢᠶ᠎ᠡ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠢᠳᠡᠪᠬᠢᠲᠡᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号