ᠠᠮᠢ ᠨᠠᠰᠤ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠤᠶ᠎ᠠ︕
ᠨᠡᠶᠢᠲᠡᠯᠡᠭᠰᠡᠨ ᠴᠠᠭ᠄
2024/3/28
      ᠴᠢᠰᠤ ᠪᠦᠲᠦᠭᠡᠬᠦ ᠭᠤᠣᠯ ᠡᠰ ᠤᠨ ᠮᠡᠳᠡᠯᠭᠡ ᠶᠢ ᠭᠦᠨᠵᠡᠭᠡᠢ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠴᠢᠳᠠᠪᠤᠷᠢ ᠶᠢ ᠳᠡᠭᠡᠭᠱᠢᠯᠡᠭᠦᠯᠦᠨ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ  ᠤᠨ ᠬᠥᠮᠥᠨᠴᠢ ᠦᠵᠡᠯ  ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠬᠢᠩᠭᠠᠨ ᠡᠮᠦᠨ᠎ᠡ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠲᠤ 3 ᠰᠠᠷ᠎ᠠ ᠶᠢᠨ 26  ᠤ ᠡᠳᠦᠷ︽ᠴᠢᠰᠤ ᠪᠦᠲᠦᠭᠡᠬᠦ ᠭᠤᠣᠯ ᠡᠰ ᠢᠶᠠᠨ ᠡᠷᠭᠦᠨ᠂ ᠠᠮᠢ ᠨᠠᠰᠤᠨ ᠤ ᠱᠢᠨ᠎ᠡ ᠬᠦᠰᠡᠯ ᠢᠶᠠᠨ ᠳᠠᠮᠵᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠨᠠᠷᠢᠨ ᠨᠢᠮᠪᠠᠢ ᠤᠬᠠᠭᠤᠯᠤᠭᠰᠠᠨ ᠪᠥᠭᠡᠳ ᠠᠪᠤᠷᠠᠭᠴᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠵᠡᠷᠭᠡᠪᠡᠷ ᠶᠠᠪᠤᠭᠳᠠᠭᠤᠯᠪᠠ᠃          ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠵᠢᠯᠲᠠᠳ ᠤᠨ ᠨᠠᠷᠢᠨ ᠰᠡᠳᠬᠢᠯ ᠤᠨ ᠵᠢᠯᠣᠭᠤᠳᠤᠯᠭ᠎ᠠ ᠳᠣᠣᠷ᠎ᠠ᠂ ᠠᠮᠢ ᠨᠠᠰᠤ ᠶᠢ ᠪᠢᠰᠢᠷᠡᠨ ᠵᠢᠷᠦᠬᠡᠰᠢᠶᠡᠬᠦ ᠪᠠ ᠪᠤᠰᠤᠳ ᠲᠤ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ ᠬᠠᠯᠠᠮᠵᠢ ᠶᠢ ᠡᠪᠦᠷᠯᠡᠨ᠂ ᠴᠢᠰᠤ ᠪᠦᠲᠦᠭᠡᠬᠦ ᠭᠤᠣᠯ ᠡᠰ ᠤᠨ ᠦᠯᠢᠭᠡᠷ ᠠᠪᠬᠤ ᠪᠦᠷᠢᠳᠬᠡᠯ ᠤᠨ ᠬᠦᠰᠦᠨᠦᠭᠲᠦ ᠶᠢ ᠲᠠᠭᠯᠠᠬᠤ ᠶᠢᠨ ᠬᠠᠮᠲᠤ ᠡᠮᠨᠡᠯᠭᠡ ᠶᠢᠨ ᠠᠵᠢᠯᠲᠠᠨ ᠲᠠᠢ ᠢᠳᠡᠪᠬᠢᠲᠡᠢ ᠬᠠᠮᠵᠢᠯᠴᠠᠨ ᠴᠢᠰᠤᠨ ᠤ ᠦᠯᠢᠭᠡᠷ ᠠᠪᠴᠠᠢ᠃ ᠲᠡᠳᠡ ᠪᠣᠳᠠᠲᠤ ᠠᠵᠢᠯᠯᠠᠭ᠎ᠠ ᠪᠠᠷ ᠢᠶᠠᠨ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠠᠮᠢ ᠨᠠᠰᠤᠨ ᠤ ᠬᠦᠰᠡᠯ ᠡᠷᠡᠮᠡᠯᠵᠡᠯ ᠢ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠴᠤᠭ ᠵᠢᠪᠬᠤᠭ᠎ᠠ ᠪᠠ ᠡᠭᠦᠷᠭᠡᠯᠡᠯ ᠢ ᠢᠯᠡᠷᠡᠭᠦᠯᠪᠡ᠃
     ᠴᠢᠰᠤᠨ ᠤ ᠦᠯᠢᠭᠡᠷ ᠴᠤᠭᠯᠠᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠰᠠᠶᠢᠬᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠰᠠᠶᠢᠨ ᠳᠤᠷ᠎ᠠ ᠶᠢᠨ ᠠᠵᠢᠯᠯᠠᠭᠴᠢ ᠨᠢᠭᠡᠪᠦᠷᠢ ᠳᠤ ᠢᠷᠠᠭᠤ ᠠᠯᠳᠠᠷ ᠤᠨ ᠦᠨᠡᠮᠯᠡᠯ ᠵᠢᠴᠢ ᠤᠬᠠᠭᠤᠯᠭ᠎ᠠ ᠶᠢᠨ ᠳᠤᠷᠠᠰᠬᠠᠯ ᠤᠨ ᠪᠣᠳᠠᠰ ᠣᠯᠭᠤᠵᠤ᠂ ᠲᠡᠳᠡᠨ ᠤ ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠡᠬᠤ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠶᠢ ᠬᠥᠬᠢᠭᠦᠯᠦᠨ ᠰᠠᠶᠢᠰᠢᠶᠠᠪᠠ᠃     ᠡᠭᠦᠨ ᠤ ᠬᠠᠮᠲᠤ᠂ ᠠᠪᠤᠷᠠᠨ ᠲᠤᠰᠠᠯᠠᠭᠴᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠴᠤ ᠵᠡᠷᠭᠡᠪᠡᠷ ᠶᠠᠪᠤᠭᠳᠠᠵᠤ ᠪᠠᠶᠢᠨ᠎ᠠ᠃ ᠠᠵᠢᠯᠲᠠᠳ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠪᠠ ᠠᠮᠢᠳᠤᠯᠢᠭ ᠪᠣᠳᠠᠲᠠᠢ ᠪᠣᠯᠪᠠᠰᠤᠷᠠᠯ ᠤᠨ ᠦᠵᠡᠭᠦᠯᠦᠯᠭᠡ ᠪᠠᠷ ᠳᠠᠮᠵᠢᠭᠤᠯᠤᠨ᠂ ᠰᠤᠷᠤᠭᠴᠢᠳ ᠲᠤ ᠲᠦᠷᠭᠡᠨ ᠠᠪᠤᠷᠠᠯᠲᠠ ᠶᠢᠨ ᠤᠷ᠎ᠠ ᠴᠢᠳᠠᠪᠤᠷᠢ ᠶᠢ ᠤᠯᠠᠮᠵᠢᠯᠠᠵᠤ᠂ ᠴᠡᠭᠡᠵᠢᠨ ᠭᠠᠳᠠᠨ᠎ᠠ ᠳᠠᠷᠤᠯᠲᠠ ᠥᠭᠬᠦ᠂ ᠴᠢᠰᠤ ᠵᠣᠭᠰᠤᠭᠠᠬᠤ᠂ ᠪᠣᠭᠤᠳᠠᠯᠯᠠᠬᠤ᠂ ᠶᠠᠰᠤ ᠬᠤᠭᠤᠷᠠᠬᠤ ᠵᠡᠷᠭᠡ ᠤᠨᠤᠯ ᠪᠠ ᠪᠣᠳᠠᠲᠤ ᠪᠣᠯᠪᠠᠰᠤᠷᠠᠯ ᠤᠨ ᠤᠷ᠎ᠠ ᠮᠡᠷᠭᠡᠵᠢᠯ ᠢ ᠪᠠᠭᠲᠠᠭᠠᠭᠰᠠᠨ ᠶᠤᠮ᠃ ᠰᠤᠷᠤᠭᠴᠢᠳ ᠪᠦᠬᠦ ᠠᠩᠬᠠᠷᠤᠯ ᠢᠶᠠᠨ ᠲᠥᠪᠯᠡᠷᠡᠭᠦᠯᠦᠨ᠂ ᠢᠳᠡᠪᠬᠢᠲᠡᠢ ᠪᠠᠷ ᠬᠥᠳᠡᠯᠦᠯᠴᠡᠵᠦ᠂ ᠪᠣᠳᠠᠲᠤ ᠬᠡᠷᠡᠭᠯᠡᠭᠡᠨ ᠤ ᠲᠦᠷᠭᠡᠨ ᠠᠪᠤᠷᠠᠯᠲᠠ ᠶᠢᠨ ᠤᠷ᠎ᠠ ᠴᠢᠳᠠᠪᠤᠷᠢ ᠶᠢ ᠡᠵᠡᠮᠰᠢᠭᠰᠡᠨ ᠢᠶᠠᠷ ᠪᠠᠷᠠᠬᠤ ᠦᠭᠡᠢ᠂ ᠭᠡᠨᠡᠳᠲᠡ ᠶᠢᠨ ᠬᠡᠷᠡᠭ ᠢ ᠠᠷᠭᠠᠴᠠᠬᠤ ᠢᠲᠡᠭᠡᠯ ᠪᠠ ᠴᠢᠳᠠᠪᠤᠷᠢ ᠪᠠᠨ ᠨᠠᠩ ᠨᠡᠮᠡᠭᠳᠡᠭᠦᠯᠦᠭᠰᠡᠨ ᠪᠠᠶᠢᠨ᠎ᠠ᠃
     ᠰᠠᠶᠢᠬᠠᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠢᠷᠡᠭᠡᠳᠦᠢ ᠳᠤ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠩ ᠣᠯᠠᠨ ᠡᠱᠢᠲᠦ᠂ ᠨᠡᠩ ᠪᠦᠲᠦᠭᠡᠯᠴᠢ ᠠᠷᠭ᠎ᠠ ᠪᠠᠷ ᠴᠢᠰᠤ ᠪᠦᠲᠦᠭᠡᠬᠦ ᠭᠤᠣᠯ ᠡᠰ ᠤᠨ ᠮᠡᠳᠡᠯᠭᠡ ᠶᠢ  ᠲᠦᠭᠡᠮᠡᠯᠵᠢᠭᠦᠯᠦᠨ᠎ᠡ᠃ ᠡᠭᠦᠨ ᠤ ᠬᠠᠮᠲᠤ᠂ ᠪᠠᠰᠠ ᠠᠪᠤᠷᠠᠭᠴᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠦᠷᠭᠦᠯᠵᠢᠯᠡᠨ ᠡᠷᠭᠢᠯᠡᠵᠦ᠂ ᠣᠯᠠᠨ ᠨᠡᠶᠢᠲᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
     ᠲᠣᠰ ᠤᠳᠠᠭᠠᠨ ᠤ ᠠᠵᠢᠯᠯᠠᠭ᠎ᠠ ᠨᠢ ᠨᠢᠭᠡ ᠤᠳᠠᠭᠠᠨ ᠤ ᠠᠮᠵᠢᠯᠲᠠ ᠣᠯᠣᠭᠰᠠᠨ ᠨᠡᠶᠢᠲᠡ ᠶᠢᠨ ᠠᠰᠠᠷᠠᠮᠵᠢ ᠶᠢᠨ ᠦᠢᠯᠡᠳᠦᠯᠭᠡ ᠪᠣᠯᠬᠤ ᠪᠠᠷ ᠪᠠᠷᠠᠬᠤ ᠦᠭᠡᠢ᠂ ᠨᠠᠩ ᠴᠤ ᠭᠦᠨ ᠭᠦᠨᠵᠡᠭᠡᠢ ᠠᠮᠢ ᠨᠠᠰᠤᠨ ᠤ ᠬᠥᠮᠦᠵᠢᠯ ᠪᠣᠯᠣᠨ᠎ᠠ᠃ ᠰᠠᠶᠢᠬᠠᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠨᠢ ᠭᠤᠣᠯ ᠡᠰ ᠢ ᠴᠤᠭᠯᠠᠭᠤᠯᠬᠤ ᠪᠠ ᠲᠦᠷᠭᠡᠨ ᠠᠪᠤᠷᠠᠬᠤ ᠪᠣᠯᠪᠠᠰᠤᠷᠠᠯ ᠢ ᠣᠷᠭᠠᠨᠢᠭ ᠢᠶᠠᠷ ᠤᠶᠠᠯᠳᠤᠭᠤᠯᠬᠤ ᠪᠠᠷ ᠳᠠᠮᠵᠢᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠳᠤ ᠨᠢᠭᠡᠨ ᠡᠪᠳᠡᠷᠡᠰᠢ ᠦᠭᠡᠢ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠠᠮᠢ ᠨᠠᠰᠤᠨ ᠤ ᠬᠦᠰᠡᠯ ᠤᠨ ᠴᠡᠴᠡᠭ ᠢ ᠡᠨᠡᠬᠦ ᠨᠤᠲᠤᠭ ᠳᠡᠪᠢᠰᠬᠡᠷ ᠳᠡᠭᠡᠷ᠎ᠡ ᠨᠡᠩ ᠦᠵᠡᠰᠬᠦᠯᠡᠩᠲᠦ ᠰᠠᠶᠢᠬᠠᠨ ᠬᠠᠷᠠᠭᠳᠠᠭᠤᠯᠵᠠᠢ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号