ᠮᠠᠨ ᠤ ᠣᠷᠣᠨ 52 ᠲᠤᠰᠬᠠᠢ ᠮᠡᠷᠭᠡᠵᠢᠯ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/3/28
     ᠰᠤᠷᠭᠠᠨ ᠬᠥᠮᠦᠵᠢᠯ ᠤᠨ ᠶᠠᠮᠤᠨ 2023 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠳᠠᠩᠰᠠᠯᠠᠭᠤᠯᠤᠭᠰᠠᠨ ᠪᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠲᠦᠷᠦᠭᠦᠬᠡᠨ ᠨᠡᠶᠢᠲᠡᠯᠡᠪᠡ᠃ ᠡᠭᠦᠨ ᠳᠤ᠂ ᠮᠠᠨ ᠤ ᠣᠷᠣᠨ 52 ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠳᠤ ᠲᠣᠬᠢᠷᠠᠭᠤᠯᠤᠯᠲᠠ ᠬᠢᠵᠦ᠂ 11 ᠶᠡᠭᠡ ᠳᠡᠭᠡᠳᠦ ᠰᠤᠷᠭᠠᠭᠤᠯᠢ ᠳᠤ 22 ᠵᠢᠩᠬᠢᠨᠢ ᠠᠩᠭᠢ ᠶᠢᠨ ᠲᠤᠰᠬᠠᠢ ᠮᠡᠷᠭᠡᠵᠢᠯ︵ᠡᠭᠦᠨ ᠳᠤ ᠪᠠᠶᠢᠭᠠᠯᠢ ᠶᠢᠨ ᠰᠢᠨᠵᠢᠯᠡᠬᠦ ᠤᠬᠠᠭᠠᠨ ᠠᠵᠤ ᠦᠢᠯᠡᠳᠪᠦᠷᠢ ᠲᠠᠷᠢᠶᠠᠯᠠᠩ ᠠᠨᠠᠭᠠᠬᠤ ᠤᠬᠠᠭᠠᠨ ᠤ ᠲᠥᠷᠥᠯ ᠤᠨ ᠲᠤᠰᠬᠠᠢ ᠮᠡᠷᠭᠡᠵᠢᠯ 16 ᠪᠤᠶ︶ ᠰᠢᠨ᠎ᠡ ᠪᠠᠷ ᠨᠡᠮᠡᠵᠦ᠂ 30 ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠬᠠᠰᠤᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠲᠠᠢ ᠨᠢᠭᠲᠠ ᠵᠣᠯᠭᠠᠭᠤᠯᠵᠠᠢ᠃      ᠲᠣᠰ ᠤᠳᠠᠭᠠᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠳᠤ᠂ ᠰᠠᠭᠤᠷᠢ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠲᠣᠭᠲᠠᠭᠤᠨ ᠪᠠᠶᠢᠯᠭᠠᠬᠤ ᠶᠢᠨ ᠬᠠᠮᠲᠤ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠶᠢᠨ ᠪᠠᠶᠢᠭ᠎ᠠ ᠲᠤᠰᠬᠠᠢ ᠮᠡᠷᠭᠡᠵᠢᠯ ᠵᠢᠴᠢ ᠲᠠᠷᠬᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠲᠣᠬᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠤ ᠦᠢᠯᠡᠰ ᠤᠨ ᠲᠤᠰᠬᠠᠢ ᠮᠡᠷᠭᠡᠵᠢᠯ᠂ ᠳᠠᠪᠠᠭᠤᠯᠢᠭ ᠪᠠ ᠣᠨᠴᠠᠯᠢᠭᠲᠤ ᠲᠤᠰᠬᠠᠢ ᠮᠡᠷᠭᠡᠵᠢᠯ ᠢ ᠭᠤᠣᠯᠳᠠᠯᠭ᠎ᠠ ᠲᠠᠢ ᠲᠡᠳᠬᠦᠨ ᠳᠡᠮᠵᠢᠵᠦ᠂ ᠳᠠᠪᠠᠭᠤᠯᠢᠭ ᠪᠥᠭᠡᠳ ᠣᠨᠴᠠᠯᠢᠭᠲᠤ ᠲᠤᠰᠬᠠᠢ ᠮᠡᠷᠭᠡᠵᠢᠯ ᠤᠨ ᠪᠦᠯᠦᠭᠵᠢᠯ ᠢ ᠪᠤᠶ ᠪᠤᠯᠭᠠᠬᠰᠠᠨ ᠪᠠᠶᠢᠨ᠎ᠠ᠃      ᠡᠭᠦᠨ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠬᠤᠪᠣᠷ ᠰᠢᠷᠣᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠲᠤᠰᠬᠠᠢ ᠮᠡᠷᠭᠡᠵᠢᠯ ᠪᠠ ᠡᠨᠧᠷᠭᠢ ᠶᠢᠨ ᠬᠢᠮᠢ ᠶᠢᠨ ᠲᠤᠰᠬᠠᠢ ᠮᠡᠷᠭᠡᠵᠢᠯ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠯᠤᠰ ᠰᠡᠷᠡᠯ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠰᠢᠨᠵᠢᠯᠡᠬᠦ ᠤᠬᠠᠭᠠᠨ᠂ ᠭᠠᠵᠠᠷ ᠰᠢᠷᠣᠢ ᠶᠢᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠠᠮᠢᠳᠤ ᠪᠣᠳᠠᠰ ᠤᠨ ᠡᠮ ᠦᠢᠯᠡᠳᠬᠦ ᠮᠡᠷᠭᠡᠵᠢᠯ᠂ ᠥᠪᠥᠷ ᠮᠣᠩᠭᠤᠯ ᠤᠨ ᠬᠤᠩᠳᠧ ᠨᠡᠶᠢᠭᠡᠮ ᠤᠨ ᠰᠢᠨᠵᠢᠯᠡᠬᠦ ᠤᠬᠠᠭᠠᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠰᠢᠨ᠎ᠡ ᠵᠠᠭᠤᠴᠢᠯᠠᠭᠤᠷ ᠤᠨ ᠮᠡᠷᠭᠡᠵᠢᠯ ᠵᠡᠷᠭᠡ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠯᠦᠭᠡ ᠨᠢᠭᠲᠠ ᠬᠤᠯᠪᠣᠭᠳᠠᠬᠤ 6 ᠲᠤᠰᠬᠠᠢ ᠮᠡᠷᠭᠡᠵᠢᠯ ᠢ ᠮᠠᠨ ᠤ ᠣᠷᠣᠨ ᠳᠤ ᠠᠩᠬ᠎ᠠ ᠤᠳᠠᠭ᠎ᠠ ᠪᠠᠶᠢᠷᠢᠰᠢᠭᠤᠯᠪᠠ; ᠡᠭᠦᠨ ᠤ ᠬᠠᠮᠲᠤ᠂ ᠣᠶᠢᠷ᠎ᠠ ᠶᠢᠨ ᠵᠢᠯ ᠤᠨ ᠠᠵᠢᠯ ᠣᠯᠭᠤᠯᠲᠠ ᠶᠢᠨ ᠨᠣᠷᠮ᠎ᠠ ᠨᠡᠯᠢᠶᠡᠳ ᠳᠣᠣᠷ᠎ᠠ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠵᠣᠬᠢᠴᠠᠯᠳᠤᠬᠤ ᠬᠡᠮᠵᠢᠶ᠎ᠡ ᠪᠠᠷ ᠳᠣᠣᠷ᠎ᠠ᠂ ᠰᠤᠷᠭᠠᠭᠤᠯᠢ ᠡᠷᠭᠢᠯᠡᠭᠦ ᠰᠠᠭᠤᠷᠢ ᠪᠠᠷ ᠠᠨᠠᠢ 30 ᠲᠤᠰᠬᠠᠢ ᠮᠡᠷᠭᠡᠵᠢᠯ ᠢ ᠬᠦᠴᠦᠨ ᠦᠭᠡᠢ ᠪᠣᠯᠭᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号