| | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠥᠪᠥᠷ ᠮᠣᠩᠭᠤᠯ ᠤᠨ 1678 ᠮᠠᠯᠴᠢᠨ ᠲᠠᠷᠢᠶᠠᠴᠢᠨ | ᠥᠨᠳᠥᠷ᠂ ᠳᠤᠮᠳᠠ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠣᠯᠵᠤ᠂ ᠴᠥᠮ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠨᠢᠭᠡᠳᠦᠭᠡᠷ ᠹᠷᠣᠨᠲ ᠠᠴᠠ ᠢᠷᠡᠭᠰᠡᠨ ᠶᠤᠮ᠃ | | | ᠣᠶᠢᠯᠠᠭᠠᠭᠰᠠᠨ ᠢᠶᠠᠷ᠂ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠥᠯ ᠤᠨ ᠴᠢᠳᠠᠪᠤᠷᠢᠲᠠᠨ ᠤ ᠰᠢᠨᠡᠴᠢᠯᠡᠵᠦ | ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠪᠦᠲᠦᠮᠵᠢᠲᠡᠶ ᠰᠡᠷᠭᠦᠭᠡᠵᠦ᠂ ᠤᠯᠤᠰ ᠤᠨ ᠮᠠᠯ ᠲᠠᠷᠢᠶᠠᠨ ᠤ | ᠭᠠᠷᠤᠯᠢ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠢ ᠪᠦᠲᠦᠭᠡᠨ ᠪᠠᠶᠢᠭᠤᠯᠬᠤ ᠶᠢ ᠳᠡᠮᠵᠢᠬᠦ ᠶᠢᠨ ᠲᠥᠯᠥᠭᠡ᠂ | 2021 ᠣᠨ ᠠᠴᠠ ᠡᠬᠢᠯᠡᠨ ᠥᠪᠥᠷ ᠮᠣᠩᠭᠤᠯ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢᠨ | ᠰᠢᠯᠭᠠᠷᠠᠭᠤᠯᠤᠯᠲᠠ ᠶᠢ ᠰᠦᠪᠡᠭᠴᠢᠯᠡᠨ ᠬᠡᠷᠡᠭᠵᠢᠭᠦᠯᠬᠦ ᠶᠢᠨ ᠬᠠᠮᠲᠤ ᠤᠯᠠᠭᠠᠨᠬᠠᠳᠠ ᠬᠤᠲᠠ᠂ ᠰᠢᠯᠢ ᠶᠢᠨ ᠭᠤᠣᠯ | ᠠᠶᠢᠮᠠᠭ ᠲᠤ ᠲᠠᠷᠢᠶᠠᠴᠢᠨ ᠮᠠᠯᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠤᠷᠰᠢᠯᠲᠠ ᠶᠢᠨ ᠠᠵᠢᠯ ᠢ | ᠲᠣᠰ ᠲᠣᠰ ᠥᠷᠨᠢᠭᠦᠯᠵᠦ᠂ ᠬᠥᠳᠡᠭᠡ ᠲᠣᠰᠬᠤᠨ ᠤ ᠡᠨᠧᠷᠭᠢ᠂ ᠡᠵᠡᠩᠨᠡᠯᠲᠡ ᠬᠠᠮᠢᠶᠠᠷᠤᠯᠲᠠ᠂ ᠰᠡᠯᠡᠭᠦᠴᠡᠯ ᠲᠠᠷᠢᠶᠠᠯᠠᠩ᠂ | ᠲᠡᠵᠢᠭᠡᠨ ᠦᠷᠡᠵᠢᠭᠦᠯᠬᠦ᠂ ᠴᠠᠭᠠᠨ ᠢᠳᠡᠭᠡ ᠪᠣᠯᠪᠠᠰᠤᠷᠠᠭᠤᠯᠬᠤ ᠵᠡᠷᠭᠡ ᠬᠢᠨᠠᠨ ᠲᠣᠭᠲᠠᠭᠠᠬᠤ ᠮᠡᠷᠭᠡᠵᠢᠯ ᠢ | ᠲᠣᠬᠢᠷᠠᠭᠤᠯᠵᠤ᠂ ᠮᠡᠳᠡᠭᠦᠯᠦᠭᠰᠡᠳ ᠲᠠᠷᠢᠶᠠᠯᠠᠩ ᠵᠦᠢ ︵ᠲᠠᠷᠢᠶᠠᠯᠠᠩ ᠤᠨ ᠠᠵᠤ ᠠᠬᠤᠢ︶᠂ ᠮᠠᠯ ᠠᠵᠤ ᠠᠬᠤᠢ ︵ᠮᠠᠯ | ᠡᠮᠨᠡᠯᠭᠡ︶᠂ ᠢᠨᠵᠧᠨᠧᠷᠢᠩ ︵ᠲᠠᠷᠢᠶᠠᠯᠠᠩ ᠤᠨ ᠮᠠᠰᠢᠨ᠂ ᠤᠰᠤᠨ ᠭᠠᠷᠤᠯᠲᠠ ᠶᠢᠨ ᠮᠡᠷᠭᠡᠵᠢᠯ︶ ᠵᠡᠷᠭᠡ 3 ᠮᠡᠷᠭᠡᠵᠢᠯ ᠤᠨ | ᠥᠨᠳᠥᠷ᠂ ᠳᠤᠮᠳᠠ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢ ᠥᠪᠡᠰᠦᠪᠡᠨ ᠰᠣᠩᠭᠤᠨ ᠮᠡᠳᠡᠭᠦᠯᠵᠦ ᠪᠣᠯᠣᠨ᠎ᠠ᠃ | ᠪᠠᠷᠢᠮᠵᠢᠶᠠᠨ ᠤ ᠲᠠᠯ᠎ᠠ ᠪᠠᠷ ᠥᠩᠭᠡᠷᠡᠭᠰᠡᠨ ᠤ ︽ᠰᠤᠷᠤᠯᠭ᠎ᠠ ᠶᠢᠨ ᠨᠠᠮᠲᠠᠷ᠂ ᠥᠭᠦᠯᠡᠯ᠂ ᠬᠢᠷᠢ ᠬᠡᠮ︾ ᠵᠡᠷᠭᠡ ᠦᠨᠡᠯᠡᠬᠦ | ᠪᠠᠷᠢᠮᠵᠢᠶ᠎ᠠ ᠶᠢ ᠡᠪᠳᠡᠵᠦ᠂ ᠣᠷᠣᠨ ᠪᠦᠰᠡ᠂ ᠠᠵᠤ ᠦᠢᠯᠡᠰ ᠪᠠ ᠬᠥᠭᠵᠢᠯᠲᠡ ᠶᠢᠨ ᠣᠨᠴᠠᠯᠢᠭ ᠲᠤ ᠨᠡᠶᠢᠴᠡᠭᠰᠡᠨ ᠬᠢᠨᠠᠨ | ᠲᠣᠭᠲᠠᠭᠠᠬᠤ ᠨᠠᠷᠢᠨ ᠳᠦᠷᠢᠮ᠂ ᠬᠢᠨᠠᠨ ᠲᠣᠭᠲᠠᠭᠠᠬᠤ ᠴᠤᠪᠤᠷᠠᠯ ᠪᠠ ᠬᠢᠨᠠᠨ ᠲᠣᠭᠲᠠᠭᠠᠬᠤ ᠠᠷᠭ᠎ᠠ ᠶᠢ ᠪᠠᠶᠢᠳᠠᠯ ᠳᠤ ᠨᠢ | ᠲᠣᠬᠢᠷᠠᠭᠤᠯᠤᠨ ᠲᠣᠭᠲᠠᠭᠠᠵᠤ᠂ ᠨᠡᠶᠢᠭᠡᠮ ᠤᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠮᠡᠷᠭᠡᠵᠢᠯ ᠤᠨ | ᠲᠦᠪᠰᠢᠨ ᠵᠡᠷᠭᠡ ᠶᠢᠨ ᠲᠣᠭᠤᠷᠢᠨ ᠳᠤ᠂ ᠮᠡᠷᠭᠡᠵᠢᠯᠲᠡᠨ ᠬᠢᠨᠠᠨ ᠲᠣᠭᠲᠠᠭᠠᠬᠤ᠂ ᠦᠢᠯᠡᠳᠦᠯᠭᠡ᠂ ᠪᠣᠳᠠᠲᠤ ᠠᠮᠵᠢᠯᠲᠠ ᠶᠢ | ᠬᠢᠨᠠᠨ ᠰᠢᠯᠭᠠᠬᠤ ᠵᠡᠷᠭᠡ ᠣᠯᠠᠨ ᠵᠠᠭᠪᠤᠷ ᠢᠶᠠᠷ ᠳᠠᠮᠵᠢᠭᠤᠯᠤᠨ᠂ ᠴᠢᠨᠠᠷ ᠪᠠ ᠬᠡᠮᠵᠢᠶ᠎ᠡ ᠶᠢ ᠲᠣᠭᠲᠠᠭᠠᠵᠤ ᠬᠢᠨᠠᠨ | ᠲᠣᠭᠲᠠᠭᠠᠬᠤ ᠣᠷᠭᠠᠨᠢᠭ ᠠᠭᠤᠰᠤᠯᠴᠠᠯ ᠢ ᠪᠡᠶᠡᠯᠡᠭᠦᠯᠪᠡ᠃ 2023 ᠣᠨ ᠳᠤ᠂ ᠥᠪᠥᠷ ᠮᠣᠩᠭᠤᠯ ᠤᠨ ᠮᠠᠯᠴᠢᠨ | ᠲᠠᠷᠢᠶᠠᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠪᠥᠬᠦ ᠣᠷᠣᠨ ᠳᠤ ᠪᠥᠬᠦ ᠲᠠᠯ᠎ᠠ ᠪᠠᠷ | ᠥᠷᠨᠢᠭᠦᠯᠵᠦ᠂ ᠪᠥᠬᠦ ᠵᠢᠯ ᠳᠤ 1336 ᠬᠥᠮᠥᠨ ᠮᠡᠷᠭᠡᠵᠢᠯ ᠤᠨ ᠴᠣᠯᠠ ᠣᠯᠪᠠ᠃ ᠡᠭᠦᠨ ᠳᠤ ᠥᠨᠳᠥᠷ ᠵᠡᠷᠭᠡ ᠶᠢᠨ | ᠮᠡᠷᠭᠡᠵᠢᠯ ᠤᠨ ᠴᠣᠯᠠ 99᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ 544᠂ ᠠᠩᠬ᠎ᠠ ᠵᠡᠷᠭᠡ ᠶᠢᠨ ᠮᠡᠷᠭᠡᠵᠢᠯ ᠤᠨ | ᠴᠣᠯᠠ 693 ᠪᠣᠶ᠃ | | | ︽ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠶᠢ ᠥᠷᠨᠢᠭᠦᠯᠬᠦ ᠪᠣᠯ ᠬᠥᠳᠡᠭᠡ | ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠨᠢᠭᠡ ᠵᠦᠢᠯ ᠤᠨ ᠴᠢᠬᠤᠯᠠ | ᠳᠦᠷᠢᠮ ᠤᠨ ᠡᠭᠦᠳᠦᠯᠲᠡ ᠮᠥᠨ᠂ ᠡᠨᠡ ᠨᠢ ᠮᠠᠯᠴᠢᠨ ᠲᠠᠷᠢᠶᠠᠴᠢᠨ ᠤ ᠬᠤᠪᠢ ᠬᠥᠮᠥᠨ ᠤ ᠢᠷᠠᠭᠤ ᠠᠯᠳᠠᠷ᠂ | ᠨᠡᠶᠢᠭᠡᠮ ᠤᠨ ᠪᠠᠶᠢᠷᠢ ᠰᠠᠭᠤᠷᠢ ᠪᠠᠨ ᠮᠡᠳᠡᠷᠡᠬᠦ ᠰᠡᠳᠬᠢᠯᠭᠡ ᠶᠢ ᠪᠦᠲᠦᠮᠵᠢᠲᠡᠶ ᠳᠡᠭᠡᠭᠰᠢᠯᠡᠭᠦᠯᠬᠦ ᠶᠢᠨ ᠬᠠᠮᠲᠤ ᠱᠠᠩᠨᠠᠨ | ᠨᠥᠬᠦᠪᠦᠷᠢᠯᠡᠬᠦ ᠪᠠ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠢᠵᠢ ᠪᠦᠷᠢᠳᠦᠭᠦᠯᠦᠨ᠂ ᠮᠠᠯᠵᠢᠬᠤ ᠲᠠᠷᠢᠶᠠᠯᠠᠬᠤ | ᠣᠷᠣᠨ ᠤ ᠨᠡᠩ ᠣᠯᠠᠨ ᠴᠢᠳᠠᠪᠤᠷᠢᠲᠠᠳ ᠤᠨ ᠮᠡᠷᠭᠡᠵᠢᠯ ᠰᠤᠷᠬᠤ᠂ ᠴᠢᠳᠠᠪᠤᠷᠢ ᠪᠠᠨ ᠨᠡᠮᠡᠭᠳᠡᠭᠦᠯᠬᠦ᠂ ᠦᠨᠳᠦᠰᠦᠨ | ᠱᠠᠲᠤᠨ ᠳᠤ ᠦᠨᠳᠦᠰᠦᠯᠡᠬᠦ ᠶᠢ ᠨᠢ ᠤᠷᠮᠠᠰᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃︾ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠷᠭᠡᠵᠢᠯᠲᠡᠨ ᠤ ᠬᠠᠮᠢᠶᠠᠷᠤᠯᠲᠠ ᠶᠢᠨ ᠭᠠᠵᠠᠷ ᠤᠨ | ᠳᠠᠷᠤᠭ᠎ᠠ ᠥᠯᠵᠡᠶᠢᠮᠥ᠋ᠩᠬᠡ ᠬᠡᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤ ᠪᠦᠬᠦ | ᠣᠷᠣᠨ ᠤ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡᠨ ᠤ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠤᠲᠤᠭ ᠤᠨ ᠴᠢᠳᠠᠪᠤᠷᠢᠲᠠᠨ ᠢ | ᠬᠥᠮᠥᠵᠢᠭᠦᠯᠬᠦ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠪᠠᠶᠢᠭᠤᠯᠤᠨ᠂ ᠮᠠᠯᠴᠢᠨ ᠲᠠᠷᠢᠶᠠᠴᠢᠳ ᠢ ᠵᠣᠷᠢᠭᠵᠢᠭᠤᠯᠤᠨ | ᠳᠠᠭᠠᠭᠤᠯᠵᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠪᠠ ᠭᠠᠭᠴᠠ ᠮᠡᠷᠭᠡᠵᠢᠯ ᠢᠶᠠᠷ ᠢᠶᠠᠨ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ︽ᠥᠭᠦᠯᠡᠯ︾ ᠢ ᠨᠢ ᠲᠠᠷᠢᠶᠠᠨ | ᠭᠠᠵᠠᠷ ᠲᠤ ᠪᠢᠴᠢᠭᠦᠯᠦᠨ᠎ᠡ᠃ |