5 ᠰᠠᠷ᠎ᠠ ᠶᠢᠨ 1 ᠤ ᠡᠳᠦᠷ ᠠᠴᠠ ᠡᠬᠢᠯᠡᠵᠦ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠦᠨ᠎ᠡ︕
ᠨᠡᠶᠢᠲᠡᠯᠡᠭᠰᠡᠨ ᠴᠠᠭ᠄
2024/3/28
     ᠠᠷᠠᠳ ᠤᠨ ᠶᠠᠪᠤᠳᠠᠯ ᠤᠨ ᠶᠠᠮᠤᠨ ᠣᠶᠢᠷ᠎ᠠ ᠳᠤ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠪᠡ᠂ ᠲᠣᠰ ᠠᠷᠭ᠎ᠠ ᠶᠢ 2024 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃            ᠣᠶᠢᠯᠠᠭᠠᠭᠰᠠᠨ ᠢᠶᠠᠷ᠂ 2022 ᠣᠨ ᠤ 5 ᠰᠠᠷ᠎ᠠ ᠶᠢᠨ 1 ᠤ ᠡᠳᠦᠷ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠢ ᠡᠬᠢᠯᠡᠨ ᠬᠡᠷᠡᠭᠵᠢᠭᠦᠯᠵᠦ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠳᠤ ᠪᠥᠬᠦ ᠲᠠᠯ᠎ᠠ ᠶᠢᠨ᠂ ᠰᠢᠰᠲ᠋ᠧᠮ ᠲᠠᠢ ᠲᠣᠭᠲᠠᠭᠠᠯ ᠭᠠᠷᠭᠠᠪᠠ᠃ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠲᠥᠯᠥᠭᠡ᠂ ᠠᠷᠠᠳ ᠤᠨ ᠶᠠᠪᠤᠳᠠᠯ ᠤᠨ ᠶᠠᠮᠤᠨ ᠠᠴᠠ ᠲᠣᠰ ᠠᠷᠭ᠎ᠠ ᠶᠢ ᠲᠣᠭᠲᠠᠭᠠᠨ ᠨᠡᠶᠢᠲᠡᠯᠡᠪᠡ᠃ ᠡᠨᠡ ᠬᠦ ᠠᠷᠭ᠎ᠠ ᠨᠢ ᠨᠡᠶᠢᠲᠡ 26 ᠵᠦᠢᠯ ᠪᠠᠶᠢᠵᠤ᠂ ᠳᠦᠷᠢᠮ ᠢ ᠨᠠᠷᠢᠯᠢᠭᠵᠢᠭᠤᠯᠤᠨ ᠨᠥᠬᠦᠪᠦᠷᠢᠯᠡᠭᠰᠡᠨ ᠪᠠᠶᠢᠨ᠎ᠠ᠃          ᠭᠠᠵᠠᠷ ᠤᠨ ᠨᠡᠷ᠎ᠡ ᠶᠢ ᠨᠡᠷᠡᠶᠢᠳᠴᠦ ᠨᠡᠷ᠎ᠡ ᠶᠢ ᠨᠢ ᠬᠠᠯᠠᠬᠤ ᠲᠠᠯ᠎ᠠ ᠪᠠᠷ᠂ ᠠᠷᠭ᠎ᠠ ᠳᠤ ᠭᠠᠵᠠᠷ ᠤᠨ ᠨᠡᠷ᠎ᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ ᠠᠭᠤᠯᠭ᠎ᠠ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠬᠤᠪᠢᠷᠠᠭᠤᠯᠬᠤ ᠲᠠᠰ ᠳᠠᠷᠠᠭᠠᠯᠠᠯ ᠢ ᠲᠣᠭᠲᠠᠭᠠᠵᠤ᠂ ᠬᠥᠮᠥᠨ ᠤ ᠨᠡᠷ᠎ᠡ᠂ ᠠᠵᠤ ᠠᠬᠤᠶᠢᠯᠠᠯ ᠤᠨ ᠨᠡᠷᠡᠶᠢᠳᠦᠯ᠂ ᠲᠠᠸᠠᠷ ᠤᠨ ᠲᠡᠮᠳᠡᠭ ᠤᠨ ᠨᠡᠷᠡᠶᠢᠳᠦᠯ ᠢᠶᠠᠷ ᠭᠠᠵᠠᠷ ᠤᠨ ᠨᠡᠷ᠎ᠡ ᠪᠣᠯᠭᠠᠬᠤ ᠦᠭᠡᠢ ᠪᠠᠶᠢᠬᠤ ᠲᠤᠬᠠᠢ ᠣᠨᠴᠠᠭᠠᠶ ᠲᠣᠭᠲᠠᠭᠠᠯ ᠢ ᠲᠣᠳᠣᠷᠬᠠᠢ ᠲᠣᠭᠲᠠᠭᠠᠵᠤ᠂ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠪᠦᠬᠦᠢ ᠨᠡᠷᠡᠶᠢᠳᠦᠯ ᠤᠨ ᠬᠡᠪᠴᠢᠶ᠎ᠡ ᠶᠢ ᠬᠤᠯᠪᠣᠭᠳᠠᠯ ᠪᠦᠬᠦᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢ ᠦᠨᠳᠦᠰᠦᠯᠡᠨ ᠲᠣᠭᠲᠠᠭᠠᠨ᠎ᠠ ᠭᠡᠵᠦ ᠲᠣᠭᠲᠠᠭᠠᠵᠠᠢ᠃            ᠭᠠᠵᠠᠷ ᠤᠨ ᠨᠡᠷ᠎ᠡ ᠶᠢ ᠬᠡᠷᠡᠭᠯᠡᠬᠦ ᠲᠠᠯ᠎ᠠ ᠪᠠᠷ᠂ ᠠᠷᠭ᠎ᠠ ᠳᠤ ᠭᠠᠵᠠᠷ ᠤᠨ ᠨᠡᠷ᠎ᠡ ᠶᠢ ᠷᠣᠮᠠ ᠴᠠᠭᠠᠨ ᠲᠣᠯᠣᠭᠠᠢ ᠪᠠᠷ ᠠᠪᠢᠶᠠᠴᠢᠯᠠᠨ ᠪᠢᠴᠢᠬᠦ᠂ ᠭᠠᠵᠠᠷ ᠤᠨ ᠨᠡᠷ᠎ᠡ ᠶᠢᠨ ᠬᠡᠷᠡᠭᠯᠡᠭᠡᠨ ᠤ ᠦᠰᠦᠭ ᠤᠨ ᠳᠠᠭᠤᠳᠠᠯᠭ᠎ᠠ ᠶᠢ ᠬᠢᠨᠠᠨ ᠲᠣᠭᠲᠠᠭᠠᠬᠤ᠂ ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠭᠠᠵᠠᠷ ᠤᠨ ᠨᠡᠷ᠎ᠡ ᠪᠠ ᠭᠠᠳᠠᠭᠠᠳᠤ ᠬᠡᠯᠡᠨ ᠤ ᠭᠠᠵᠠᠷ ᠤᠨ ᠨᠡᠷ᠎ᠡ ᠶᠢ ᠬᠢᠲᠠᠳ ᠦᠰᠦᠭ ᠢᠶᠠᠷ ᠣᠷᠴᠢᠭᠤᠯᠤᠨ ᠪᠢᠴᠢᠬᠦ ᠵᠢᠴᠢ ᠪᠠᠷᠢᠮᠵᠢᠶᠠᠲᠤ ᠬᠢᠲᠠᠳ ᠦᠰᠦᠭ ᠤᠨ ᠣᠷᠴᠢᠭᠤᠯᠭ᠎ᠠ ᠶᠢᠨ ᠨᠡᠷ᠎ᠡ ᠶᠢ ᠬᠡᠷᠡᠭᠯᠡᠬᠦ ᠵᠡᠷᠭᠡ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠭᠠᠵᠠᠷ ᠤᠨ ᠨᠡᠷ᠎ᠡ ᠶᠢᠨ ᠲᠡᠮᠳᠡᠭ ᠢ ᠪᠠᠶᠢᠷᠢᠯᠠᠭᠤᠯᠬᠤ ᠪᠠ ᠬᠠᠮᠠᠭᠠᠯᠠᠬᠤ ᠪᠣᠳᠠᠲᠠᠢ ᠠᠭᠤᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃          ᠭᠠᠵᠠᠷ ᠤᠨ ᠨᠡᠷ᠎ᠡ ᠶᠢᠨ ᠰᠣᠶᠣᠯ ᠤᠨ ᠬᠠᠮᠠᠭᠠᠯᠠᠯᠲᠠ ᠶᠢᠨ ᠲᠠᠯ᠎ᠠ ᠪᠠᠷ᠂ ᠠᠷᠭ᠎ᠠ ᠳᠤ ᠭᠠᠵᠠᠷ ᠤᠨ ᠨᠡᠷ᠎ᠡ ᠶᠢᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠭᠠᠵᠠᠷ ᠤᠨ ᠨᠡᠷ᠎ᠡ ᠶᠢᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢᠨ ᠲᠥᠷᠥᠯ ᠢᠯᠭᠠᠯ᠂ ᠠᠭᠤᠯᠭ᠎ᠠ᠂ ᠨᠡᠶᠢᠲᠡᠯᠡᠬᠦ ᠵᠡᠷᠭᠡ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠭᠠᠵᠠᠷ ᠤᠨ ᠨᠡᠷ᠎ᠡ ᠶᠢ ᠲᠡᠮᠳᠡᠭ ᠲᠠᠯᠪᠢᠬᠤ᠂ ᠡᠭᠦᠰᠦᠮᠡᠯ ᠨᠡᠷ᠎ᠡ ᠥᠭᠬᠦ᠂ ᠠᠮᠢᠳᠤᠯᠢᠭ ᠬᠡᠷᠡᠭᠯᠡᠬᠦ᠂ ᠰᠣᠶᠣᠯ ᠤᠨ ᠪᠦᠲᠦᠭᠡᠭᠳᠡᠬᠦᠨ ᠦᠢᠯᠡᠳᠬᠦ᠂ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠬᠠᠮᠠᠭᠠᠯᠠᠨ ᠠᠰᠢᠭᠯᠠᠵᠤ ᠪᠣᠯᠣᠨ᠎ᠠ ᠭᠡᠵᠦ ᠲᠣᠭᠲᠠᠭᠠᠵᠠᠢ᠃            ᠡᠭᠦᠨ ᠠᠴᠠ ᠭᠠᠳᠠᠨ᠎ᠠ᠂ ᠠᠷᠭ᠎ᠠ ᠳᠤ ᠪᠠᠰᠠ ᠮᠡᠳᠡᠭᠦᠯᠦᠨ ᠬᠦᠷᠭᠡᠵᠦ ᠳᠠᠩᠰᠠᠯᠠᠭᠤᠯᠤᠭᠰᠠᠨ ᠦᠭᠡᠢ ᠪᠤᠶᠤ ᠴᠠᠭ ᠲᠤᠬᠠᠢ ᠳᠤᠨᠢ ᠮᠡᠳᠡᠭᠦᠯᠦᠨ ᠬᠦᠷᠭᠡᠵᠦ ᠳᠠᠩᠰᠠᠯᠠᠭᠤᠯᠤᠭᠰᠠᠨ ᠦᠭᠡᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ᠂ ᠰᠢᠢᠳᠪᠦᠷᠢᠯᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ᠂ ᠭᠠᠵᠠᠷ ᠤᠨ ᠨᠡᠷ᠎ᠡ ᠶᠢᠨ ᠲᠤᠰᠬᠠᠢ ᠨᠡᠷ᠎ᠡ ᠪᠠ ᠨᠡᠶᠢᠲᠡ ᠶᠢᠨ ᠨᠡᠷ᠎ᠡ᠂ ᠭᠠᠵᠠᠷ ᠤᠨ ᠨᠡᠷ᠎ᠡ ᠶᠢᠨ ᠰᠣᠶᠣᠯ ᠤᠨ ᠥᠪ᠂ ᠲᠡᠦᠬᠡ ᠶᠢᠨ ᠭᠠᠵᠠᠷ ᠤᠨ ᠨᠡᠷ᠎ᠡ ᠵᠡᠷᠭᠡ ᠤᠬᠠᠭᠳᠠᠬᠤᠨ ᠳᠤ ᠲᠠᠶᠢᠯᠪᠤᠷᠢᠯᠠᠯᠲᠠ ᠲᠣᠳᠣᠷᠬᠠᠶᠢᠯᠠᠯᠲᠠ ᠬᠢᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号