ᠰᠢᠨ᠎ᠡ ᠬᠡᠯᠪᠡᠷᠢ ᠶᠢᠨ ᠬᠤᠣᠷᠲᠤ ᠡᠳ᠋ ᠢ ᠰᠡᠷᠭᠡᠶᠢᠯᠡᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/3/4
     ᠰᠤᠷᠭᠠᠭᠤᠯᠢ ᠡᠬᠢᠯᠡᠬᠦ ᠤᠯᠠᠷᠢᠯ  ᠪᠣᠯᠵᠦ᠂ ᠬᠤᠣᠷ᠎ᠠ ᠴᠠᠭᠠᠵᠠᠯᠠᠬᠤ ᠤᠬᠠᠭᠤᠯᠭ᠎ᠠ ᠶᠢᠨ ᠠᠵᠢᠯ ᠢᠶᠠᠨ ᠡᠬᠢᠯᠡᠯ᠎ᠡ᠃ ᠰᠤᠷᠭᠠᠭᠤᠯᠢ ᠶᠢᠨ ᠬᠦᠷᠢᠶᠡᠨ ᠤ ᠬᠤᠣᠷ᠎ᠠ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠣᠬᠢᠷᠲᠤᠯ ᠦᠭᠡᠢ ᠬᠤᠣᠷ ᠦᠭᠡᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠶᠢᠨ ᠲᠥᠯᠥᠭᠡ᠂ 2 ᠰᠠᠷ᠎ᠠ ᠶᠢᠨ 29 ᠤ ᠡᠳᠦᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠬᠤᠣᠷ᠎ᠠ ᠴᠠᠭᠠᠵᠠᠯᠠᠬᠤ ᠶᠡᠭᠡ ᠠᠩᠭᠢ ᠰᠠᠶᠢᠬᠠᠨ ᠲᠣᠭᠤᠷᠢᠭ ᠤᠨ ᠡᠮᠦᠨ᠎ᠡ ᠡᠭᠦᠳᠡᠨ ᠤ ᠭᠠᠳᠠᠨᠠᠬᠢ ᠪᠠᠭ᠎ᠠ ᠰᠤᠷᠭᠠᠭᠤᠯᠢ ᠶᠢᠨ ᠵᠤᠤ ᠤᠳᠠ ᠶᠢᠨ ᠡᠮᠦᠨ᠎ᠡ ᠵᠠᠮ ᠤᠨ ᠬᠤᠪᠢᠶᠠᠷᠢ ᠰᠤᠷᠭᠠᠭᠤᠯᠢ ᠳᠤ ᠬᠦᠷᠴᠦ᠂ ᠪᠠᠭᠰᠢ ᠰᠤᠷᠤᠭᠴᠢᠳ ᠲᠤ ︽ᠰᠢᠨ᠎ᠡ ᠬᠡᠯᠪᠡᠷᠢ ᠶᠢᠨ ᠬᠤᠣᠷ᠎ᠠ ᠡᠳ᠋ ᠢ ᠰᠡᠷᠭᠡᠶᠢᠯᠡᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠶ᠎ᠠ︾ ᠭᠡᠬᠦ ᠭᠤᠣᠯ ᠰᠡᠳᠦᠪᠲᠦ ᠬᠤᠣᠷ᠎ᠠ ᠴᠠᠭᠠᠵᠠᠯᠠᠬᠤ ᠤᠬᠠᠭᠤᠯᠭ᠎ᠠ ᠶᠢᠨ ᠰᠡᠬᠡᠭᠡᠷᠡᠭᠦᠯᠬᠦ ᠬᠢᠴᠢᠶᠡᠯ ᠠᠪᠴᠢᠷᠠᠭᠰᠠᠨ ᠪᠠᠶᠢᠨ᠎ᠠ᠃
     ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠬᠢᠴᠢᠶᠡᠯ ᠳᠤ᠂ ᠬᠤᠣᠷᠲᠤ ᠡᠳ᠋ ᠢ ᠴᠠᠭᠠᠵᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠨᠠᠷ ᠳᠠᠭᠤᠷᠢᠶᠠᠮᠠᠯ ᠬᠤᠣᠷᠲᠤ ᠡᠳ᠋ ᠤᠨ ᠥᠯᠢᠭᠡᠷ ᠡᠳ᠋ ᠢ ᠨᠠᠷᠢᠨ ᠨᠢᠮᠪᠠᠢ ᠪᠡᠯᠡᠳᠬᠡᠵᠦ᠂ ᠰᠢᠭᠤᠳ ᠦᠵᠡᠭᠦᠯᠬᠦ ᠠᠷᠭ᠎ᠠ ᠮᠠᠶ᠋ᠢᠭ ᠢᠶᠠᠷ ᠬᠤᠣᠷᠲᠤ ᠡᠳ᠋ ᠤᠨ ᠭᠠᠳᠠᠷ ᠪᠠᠶᠢᠳᠠᠯ ᠪᠠ ᠣᠨᠴᠠᠯᠢᠭ ᠢ ᠳᠡᠯᠭᠡᠨ ᠦᠵᠡᠭᠦᠯᠵᠡᠢ᠃ ᠰᠤᠷᠤᠭᠴᠢᠳ ᠦᠵᠡᠭᠦᠯᠦᠯᠭᠡ ᠶᠢᠨ ᠲᠠᠶᠢᠰᠠᠨ ᠤ ᠲᠣᠭᠤᠷᠢᠨ ᠳᠤ ᠡᠲᠡᠭᠡᠷ ᠳᠠᠭᠤᠷᠢᠶᠠᠮᠠᠯ ᠬᠤᠣᠷᠲᠤ ᠡᠳ᠋ ᠢ ᠨᠠᠷᠢᠨ ᠠᠵᠢᠭᠯᠠᠵᠤ᠂ ᠬᠤᠣᠷᠲᠤ ᠡᠳ᠋ ᠢ ᠴᠠᠭᠠᠵᠠᠯᠠᠬᠤ ᠠᠷᠠᠳ ᠤᠨ ᠴᠠᠭᠳᠠᠭ᠎ᠠ ᠲᠠᠢ ᠢᠳᠡᠪᠬᠢᠲᠡᠢ ᠪᠠᠷ ᠰᠠᠨᠠᠯ ᠢᠶᠠᠨ ᠰᠣᠯᠢᠯᠴᠠᠪᠠ᠃ ᠬᠤᠣᠷᠲᠤ ᠡᠳ᠋ ᠢ ᠴᠠᠭᠠᠵᠠᠯᠠᠬᠤ ᠴᠠᠭᠳᠠᠭ᠎ᠠ ᠨᠠᠷᠢᠨ ᠨᠢᠮᠪᠠᠢ ᠪᠡᠯᠡᠳᠭᠡᠭᠰᠡᠨ ᠬᠢᠴᠢᠶᠡᠯ ᠢᠶᠠᠷ ᠳᠠᠮᠵᠢᠭᠤᠯᠤᠨ᠂ ᠰᠤᠷᠤᠭᠴᠢᠳ ᠲᠤ ᠬᠤᠣᠷᠲᠤ ᠡᠳ᠋ ᠤᠨ ᠲᠥᠷᠥᠯ ᠵᠦᠢᠯ᠂ ᠬᠤᠣᠷ ᠬᠥᠨᠥᠭᠡᠯ᠂ ᠢᠯᠠᠩᠭᠤᠶ᠎ᠠ ᠰᠢᠨ᠎ᠡ ᠬᠡᠯᠪᠡᠷᠢ ᠶᠢᠨ ᠬᠤᠣᠷᠲᠤ ᠡᠳ᠋ ᠤᠨ ᠣᠨᠴᠠᠯᠢᠭ ᠰᠢᠨᠵᠢ ᠵᠢᠴᠢ ᠬᠤᠣᠷᠲᠤ ᠡᠳ᠋ ᠤᠨ ᠬᠠᠯᠳᠠᠯᠭ᠎ᠠ ᠶᠢ ᠬᠡᠷᠬᠢᠨ ᠰᠡᠷᠭᠡᠶᠢᠯᠡᠬᠦ ᠪᠠ ᠬᠤᠷᠢᠭᠯᠠᠬᠤ ᠲᠤᠬᠠᠢ ᠲᠠᠨᠢᠯᠴᠠᠭᠤᠯᠪᠠ᠃ ᠡᠭᠦᠨ ᠤ ᠬᠠᠮᠲᠤ ᠬᠤᠣᠷᠲᠤ ᠡᠳ᠋ ᠢ ᠴᠠᠭᠠᠵᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠰᠤᠷᠤᠭᠴᠢᠳ ᠲᠤ ᠬᠤᠣᠷᠲᠤ ᠡᠳ᠋ ᠢ ᠴᠠᠭᠠᠵᠠᠯᠠᠬᠤ ᠠᠵᠢᠯ ᠤᠨ ᠲᠤᠬᠠᠢ ᠪᠥᠬᠦ ᠲᠠᠯ᠎ᠠ ᠶᠢᠨ ᠣᠶᠢᠯᠠᠭᠠᠯᠲᠠ ᠲᠠᠢ ᠪᠣᠯᠭᠠᠵᠠᠢ᠃ ᠪᠦᠬᠦ᠋ᠢᠯᠡ ᠬᠢᠴᠢᠶᠡᠯ ᠤᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠰᠤᠷᠤᠭᠴᠢᠳ ᠤᠨ ᠰᠤᠷᠤᠯᠴᠠᠬᠤ ᠤᠷᠮ᠎ᠠ ᠵᠣᠷᠢᠭ ᠣᠷᠭᠢᠯᠵᠤ᠂ ᠬᠤᠣᠷ ᠦᠭᠡᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
     ᠬᠢᠴᠢᠶᠡᠯ ᠳᠤ ᠭᠤᠣᠯᠳᠠᠭᠤ ᠰᠢᠨ᠎ᠡ ᠬᠡᠯᠪᠡᠷᠢ ᠶᠢᠨ ᠬᠤᠣᠷᠲᠤ ᠡᠳ᠋ ᠤᠨ ︽ᠢᠨᠢᠶᠡᠳᠦ ᠲᠠᠢ︾ ︽ᠪᠤᠳᠠᠭᠠᠨ ᠥᠭᠡᠬᠦ︾ ︽ᠦᠰᠦᠷᠦᠯᠲᠡ ᠲᠠᠢ ᠰᠢᠬᠢᠷ︾ ︽ᠰᠢᠤᠳᠠᠨ ᠲᠡᠮᠳᠡᠭ︾ ᠵᠡᠷᠭᠡ ᠡᠯ᠎ᠡ ᠵᠦᠢᠯ ᠤᠨ ᠬᠤᠣᠷᠲᠤ ᠡᠳ᠋ ᠤᠨ ᠥᠩᠭᠡᠯᠡᠨ ᠳᠠᠯᠳᠠᠯᠠᠬᠤ ᠶᠢ ᠲᠠᠶᠢᠯᠪᠤᠷᠢᠯᠠᠵᠤ᠂ ᠰᠤᠷᠤᠭᠴᠢᠳ ᠲᠤ ᠬᠤᠣᠷᠲᠤ ᠡᠳ᠋ ᠤᠨ ᠠᠷᠭ᠎ᠠ ᠪᠠᠰᠢᠷ ᠤᠨ ᠥᠳᠥᠭᠡᠯᠭᠡ ᠶᠢᠨ ᠡᠮᠦᠨ᠎ᠡ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠰᠣᠨᠢᠷᠬᠠᠬᠤ ᠦᠭᠡᠢ᠂ ᠲᠤᠷᠰᠢᠵᠤ ᠦᠵᠡᠬᠦ ᠦᠭᠡᠢ᠂ ︽ᠠᠶᠤᠯᠲᠠᠢ ᠡᠲᠡᠭᠡᠳ︾ ᠲᠠᠢ ᠨᠠᠶᠢᠵᠠᠯᠠᠵᠤ ᠪᠣᠯᠬᠤ ᠦᠭᠡᠢ᠂ ᠶᠠᠮᠠᠷ ᠴᠤ ᠪᠠᠭ᠎ᠠ ᠬᠤᠨᠵᠢᠪᠤᠷᠢ ᠳᠤ ᠰᠢᠨᠤᠬᠤ ᠦᠭᠡᠢ ᠪᠠᠶᠢᠬᠤ ᠶᠢ ᠰᠡᠷᠡᠮᠵᠢᠯᠡᠭᠦᠯᠵᠡᠢ᠃ ᠰᠤᠷᠤᠭᠴᠢᠳ ᠨᠢᠭᠡ ᠰᠡᠳᠬᠢᠯ ᠨᠢᠭᠡ ᠵᠣᠷᠢᠭ ᠢᠶᠠᠷ ᠶᠠᠷᠢᠶ᠎ᠠ ᠰᠣᠨᠣᠰᠴᠤ᠂ ᠰᠤᠷᠤᠯᠴᠠᠬᠤ ᠤᠷᠮ᠎ᠠ ᠪᠠᠬ᠎ᠠ ᠨᠢ ᠣᠷᠭᠢᠯᠤᠨ ᠪᠠᠳᠠᠷᠠᠵᠤ᠂ ᠭᠠᠷ ᠡᠷᠭᠦᠨ ᠠᠰᠠᠭᠤᠯᠲᠠ ᠠᠰᠠᠭᠤᠵᠤ᠂ ᠠᠷᠠᠳ ᠤᠨ ᠴᠠᠭᠳᠠᠭ᠎ᠠ ᠲᠠᠢ ᠢᠳᠡᠪᠬᠢᠲᠡᠢ ᠪᠠᠷ ᠬᠠᠷᠢᠯᠴᠠᠵᠤ᠂ ᠰᠤᠷᠤᠯᠴᠠᠬᠤ ᠠᠭᠤᠷ ᠠᠮᠢᠰᠬᠤᠯ ᠨᠢ ᠬᠠᠯᠠᠭᠤᠨ ᠳᠣᠲᠣᠨᠣ ᠪᠥᠭᠡᠳ ᠡᠶ᠎ᠡ ᠨᠠᠶᠢᠷᠲᠠᠢ᠃ ᠬᠢᠴᠢᠶᠡᠯ ᠤᠨ ᠳᠠᠷᠠᠭ᠎ᠠ᠂ ᠬᠤᠣᠷ ᠴᠠᠭᠠᠵᠠᠯᠠᠬᠤ ᠴᠠᠭᠳᠠᠭ᠎ᠠ ᠰᠤᠷᠤᠭᠴᠢᠳ ᠲᠤ ᠱᠠᠩᠨᠠᠯ ᠲᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠪᠡᠯᠡᠳᠬᠡᠵᠦ᠂ ᠠᠰᠠᠭᠤᠯᠲᠠ ᠶᠢ ᠬᠠᠷᠢᠭᠤᠯᠬᠤ ᠰᠣᠷᠣᠭᠴᠢ ᠪᠢᠷ᠂ ᠱᠤᠭᠤᠮ᠂ ᠪᠢᠷ ᠤᠨ ᠤᠭᠤᠲᠠ ᠵᠡᠷᠭᠡ ᠵᠢᠵᠢᠭ ᠪᠡᠯᠡᠭ ᠤᠨ ᠡᠳ᠋ ᠣᠯᠵᠤ ᠪᠣᠯᠣᠨ᠎ᠠ᠂ ᠰᠤᠷᠤᠭᠴᠢᠳ ᠲᠠᠪᠤ ᠭᠤᠷᠪᠠ ᠪᠠᠷ ᠬᠤᠣᠷ ᠴᠠᠭᠠᠵᠠᠯᠠᠬᠤ ᠴᠠᠭᠳᠠᠭ᠎ᠠ ᠶᠢᠨ ᠳᠡᠷᠭᠡᠳᠡ ᠲᠣᠭᠤᠷᠢᠨ᠂ ᠬᠤᠣᠷ ᠴᠠᠭᠠᠵᠠᠯᠠᠬᠤ ᠴᠠᠭᠳᠠᠭ᠎ᠠ ᠶᠢᠨ ᠳᠤᠷᠠᠳᠤᠭᠰᠠᠨ ᠠᠰᠠᠭᠤᠯᠲᠠ ᠶᠢ ᠢᠳᠡᠪᠬᠢᠲᠡᠢ ᠬᠠᠷᠢᠭᠤᠯᠵᠤ᠂ ᠬᠤᠣᠷ ᠴᠠᠭᠠᠵᠠᠯᠠᠬᠤ ᠬᠠᠮᠢᠶ᠎ᠠ ᠪᠦᠬᠦᠢ ᠮᠡᠳᠡᠯᠭᠡ ᠶᠢ ᠰᠣᠷᠣᠭᠰᠠᠨ ᠪᠠᠶᠢᠨ᠎ᠠ᠃
     ᠲᠤᠰ ᠤᠳᠠᠭ᠎ᠠ ᠶᠢᠨ ᠬᠤᠣᠷ᠎ᠠ ᠴᠠᠭᠠᠵᠠᠯᠠᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠰᠤᠷᠤᠭᠴᠢᠳ ᠤᠨ ᠬᠤᠣᠷ᠎ᠠ ᠴᠠᠭᠠᠵᠠᠯᠠᠬᠤ ᠮᠡᠳᠡᠯᠭᠡ ᠶᠢ ᠰᠤᠷᠤᠯᠴᠠᠬᠤ ᠤᠷᠮ᠎ᠠ ᠵᠣᠷᠢᠭ ᠢ ᠬᠥᠭᠵᠢᠭᠡᠵᠦ᠂ ᠰᠤᠷᠤᠭᠴᠢᠳ ᠤᠨ ᠬᠤᠣᠷ ᠢ ᠲᠠᠨᠢᠬᠤ᠂ ᠬᠤᠣᠷ ᠢ ᠰᠡᠷᠭᠡᠶᠢᠯᠡᠬᠦ᠂ ᠬᠤᠣᠷ ᠢ ᠲᠡᠪᠴᠢᠬᠦ ᠤᠬᠠᠮᠰᠠᠷ ᠪᠣᠯᠣᠨ ᠴᠢᠳᠠᠪᠤᠷᠢ ᠶᠢ ᠨᠡᠮᠡᠭᠳᠡᠭᠦᠯᠦᠭᠰᠡᠨ ᠪᠥᠭᠡᠳ ᠪᠣᠬᠢᠷᠲᠤᠯ ᠦᠭᠡᠢ ᠬᠤᠣᠷ ᠦᠭᠡᠢ ᠰᠤᠷᠭᠠᠭᠤᠯᠢ ᠶᠢᠨ ᠬᠦᠷᠢᠶᠡᠨ ᠤ ᠠᠶᠠᠯᠠᠯ ᠢ ᠬᠠᠮᠠᠭᠠᠯᠠᠬᠤ᠂ ᠬᠤᠣᠷ᠎ᠠ ᠴᠠᠭᠠᠵᠠᠯᠠᠬᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠳᠤ ᠰᠠᠶᠢᠬᠠᠨ ᠬᠦᠴᠦᠨ ᠢᠶᠠᠨ ᠡᠷᠭᠦᠵᠡᠢ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号