ᠬᠠᠪᠤᠷ ᠤᠨ ᠤᠯᠠᠷᠢᠯ ᠪᠣᠯ ᠠᠵᠢᠯ ᠢᠶᠠᠨ ᠡᠬᠢᠯᠡᠭᠦᠯᠵᠦ ᠰᠡᠷᠭᠦᠭᠡᠬᠦ ᠤᠯᠠᠷᠢᠯ᠂ ᠰᠠᠶᠢᠬᠠᠨ ᠲᠣᠭᠤᠷᠢᠭ ᠤᠨ ᠵᠠᠮ ᠠᠷᠠᠴᠢᠯᠠᠨ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/3/4
     ᠠᠮᠠᠷᠠᠯᠲᠠ ᠶᠢᠨ ᠡᠮᠦᠨ᠎ᠡ ᠬᠤᠶᠢᠨ᠎ᠠ᠂ ᠣᠯᠠᠨ ᠤᠳᠠᠭᠠᠨ ᠤ ᠴᠠᠰᠤ ᠣᠷᠣᠭᠰᠠᠨ ᠨᠢ ᠰᠠᠶᠢᠬᠠᠨ ᠲᠣᠭᠤᠷᠢᠭ ᠤᠨ ᠵᠠᠮ ᠳᠤ ᠪᠠᠭ᠎ᠠ ᠪᠤᠰᠤ ᠨᠥᠯᠥᠭᠡ ᠦᠵᠡᠭᠦᠯᠵᠦ᠂ ᠵᠠᠮ ᠤᠨ ᠪᠠᠷᠤᠭᠰᠢᠨ ᠤ ᠨᠢᠭᠤᠷ ᠲᠠᠯ᠎ᠠ ᠶᠢᠨ ᠨᠦᠬᠡ᠂ ᠠᠩ ᠵᠠᠪᠰᠠᠷ ᠪᠠᠶᠢᠨ ᠳᠠᠬᠢᠨ ᠢᠯᠡᠷᠡᠵᠦ᠂ ᠡᠪᠦᠯ ᠤᠨ ᠤᠯᠠᠷᠢᠯ ᠤᠨ ᠠᠭᠠᠷ ᠤᠨ ᠳᠤᠯᠠᠭᠠᠨ ᠨᠡᠯᠢᠶᠡᠳ ᠳᠣᠣᠷ᠎ᠠ ᠪᠣᠯᠬᠤᠷ ᠶᠡᠭᠡ ᠬᠡᠪᠴᠢᠶᠡᠨ ᠤ ᠪᠠᠷᠤᠭᠰᠢᠨ ᠤ ᠠᠷᠠᠴᠢᠯᠠᠯᠲᠠ ᠶᠢᠨ ᠠᠵᠢᠯ ᠳᠤ ᠲᠣᠬᠢᠷᠠᠬᠤ ᠦᠭᠡᠢ ᠶᠤᠮ᠃ ᠠᠮᠠᠷᠠᠯᠲᠠ ᠶᠢᠨ ᠬᠤᠭᠤᠴᠠᠭ᠎ᠠ ᠳᠠᠭᠤᠰᠤᠭᠰᠠᠨ ᠤ ᠲᠠᠷᠠᠭ᠎ᠠ᠂ ᠰᠠᠶᠢᠬᠠᠨ ᠲᠣᠭᠤᠷᠢᠭ ᠬᠠᠷᠢᠶᠠᠨ ᠤ ᠣᠷᠣᠨ ᠤ ᠪᠠᠨ 238 ᠵᠤᠷᠪᠤᠰ ᠵᠠᠮ ᠢ ᠪᠦᠬᠦ ᠲᠠᠯ᠎ᠠ ᠪᠠᠷ ᠨᠠᠷᠢᠨ ᠪᠠᠶᠢᠴᠠᠭᠠᠵᠤ᠂ ᠬᠠᠷᠢᠶᠠᠨ ᠤ ᠣᠷᠣᠨ ᠤ ᠪᠠᠨ 47 ᠵᠤᠷᠪᠤᠰ ᠵᠠᠮ ᠠᠳᠠᠯᠢ ᠪᠤᠰᠤ ᠬᠡᠮᠵᠢᠶ᠎ᠡ ᠪᠠᠷ ᠡᠪᠳᠡᠭᠳᠡᠵᠦ᠂ ᠨᠡᠶᠢᠳᠡ 366 ᠪᠠᠶᠢᠬᠤ ᠶᠢ ᠣᠯᠵᠤ ᠮᠡᠳᠡᠵᠡᠢ᠃ ᠬᠤᠳᠠ ᠶᠢᠨ ᠠᠷᠠᠳ ᠤᠨ ᠠᠮᠤᠷ ᠲᠦᠪᠰᠢᠨ ᠪᠠ ᠰᠠᠭᠠᠳ ᠦᠭᠡᠢ ᠠᠶᠠᠯᠠᠬᠤ ᠶᠢ ᠪᠠᠲᠤᠯᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ ᠣᠳᠣᠬᠠᠨ ᠳᠤ 170 ᠭᠠᠷᠤᠢ ᠡᠪᠳᠡᠷᠡᠵᠦ ᠰᠦᠢᠳᠦᠭᠰᠡᠨ ᠵᠠᠮ ᠢ ᠠᠮᠵᠢᠯᠲᠠ ᠲᠠᠢ ᠰᠡᠯᠪᠢᠨ ᠵᠠᠰᠠᠵᠠᠢ᠃            ︽ᠪᠠᠭ᠎ᠠ ᠬᠡᠮᠵᠢᠶᠡᠨ ᠤ ᠰᠦᠢᠳᠦᠯ ᠨᠢ ᠬᠦᠢᠲᠡᠨ ᠢᠶᠠᠷ ᠲᠣᠰᠣ ᠨᠥᠬᠦᠪᠦᠷᠢᠯᠡᠬᠦ ᠪᠠᠷ ᠲᠠᠮᠵᠢᠨ ᠵᠠᠪᠳᠤᠨ ᠵᠠᠰᠠᠵᠤ᠂ ᠶᠡᠭᠡ ᠬᠡᠮᠵᠢᠶᠡᠨ ᠤ ᠵᠠᠮ ᠰᠦᠢᠳᠦᠯ ᠭᠠᠷᠴᠤ᠂ ᠲᠡᠭᠷᠢ ᠶᠢᠨ ᠣᠶᠣᠳᠠᠯ ᠤᠨ ᠡᠮᠦᠨ᠎ᠡ ᠵᠡᠭᠡᠯᠢ ᠶᠢᠨ ᠵᠠᠮ ᠰᠦᠢᠳᠦᠯ ᠰᠢᠭ᠋ ᠢᠶᠠᠷ ᠪᠢᠳᠡ ᠲᠤᠰᠬᠠᠢ ᠲᠥᠬᠦᠭᠡᠷᠦᠮᠵᠢ ᠪᠠᠷ ᠪᠠᠷᠤᠭᠰᠢᠨ ᠢ ᠬᠠᠯᠠᠭᠤᠯᠵᠤ᠂ ᠲᠤᠬᠠᠢ ᠶᠢᠨ ᠲᠠᠯᠠᠪᠤᠷ ᠲᠤ ᠬᠠᠯᠠᠭᠤᠨ ᠲᠣᠰᠣ ᠰᠠᠷᠢᠭᠠᠯᠠᠨ ᠰᠡᠯᠪᠢᠵᠦ᠂ ᠳᠠᠷᠠᠭᠠᠴᠢ ᠶᠢᠨ ᠠᠯᠬᠤᠮ ᠳᠤ ᠬᠦᠴᠦᠨ ᠢᠶᠠᠨ ᠦᠷᠭᠦᠯᠵᠢᠯᠡᠨ ᠨᠡᠮᠡᠭᠳᠡᠭᠦᠯᠵᠦ᠂ ᠪᠦᠬᠦ ᠰᠠᠶᠢᠬᠠᠨ ᠲᠣᠭᠤᠷᠢᠭ ᠤᠨ ᠵᠠᠮ ᠢ ᠳᠠᠷᠠᠭᠠᠯᠠᠨ ᠪᠠᠶᠢᠴᠠᠭᠠᠵᠤ᠂ ᠪᠦᠬᠦ ᠲᠠᠯ᠎ᠠ ᠪᠠᠷ ᠰᠡᠯᠪᠢᠨ ᠵᠠᠰᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠨ᠎ᠠ︾ ᠭᠡᠵᠦ ᠰᠠᠶᠢᠬᠠᠨ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠳ᠋ᠢᠩ ᠢ ᠰᠤᠷᠪᠤᠯᠵᠢᠯᠠᠭᠴᠢ ᠳᠤ ᠬᠡᠯᠡᠪᠡ᠃            ᠢᠷᠡᠯᠲᠡ᠄   ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号