ᠠᠮᠤᠷ ᠲᠦᠪᠰᠢᠨ ᠤ ᠲᠥᠯᠥᠭᠡ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠭᠠᠯ ᠤᠨᠲᠠᠷᠠᠭᠠᠬᠤ ᠠᠮᠤᠷ ᠲᠦᠪᠰᠢᠨ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/3/4
     ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨ ᠠᠶᠤᠯ ᠤᠨ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠰᠠᠶᠢᠬᠠᠨ ᠲᠣᠭᠤᠷᠢᠭ ᠠᠶᠤᠯ ᠲᠦᠭᠰᠢᠭᠦᠷᠢ ᠶᠢᠨ ᠳᠤᠲᠠᠭᠳᠠᠯ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠯ᠎ᠡ ᠲᠥᠷᠥᠯ ᠤᠨ ᠭᠠᠯ ᠤᠨ ᠠᠶᠤᠯ ᠤᠨ ᠳᠠᠯᠳᠠ ᠬᠡᠮ ᠢ ᠬᠦᠴᠦᠯᠡᠨ ᠠᠷᠢᠯᠭᠠᠵᠤ ᠰᠡᠷᠭᠡᠶᠢᠯᠡᠪᠡ᠃
     ᠹᠦ᠋ ᠰᠢᠩ ᠨᠡᠶᠢᠭᠡᠮ ᠲᠣᠭᠤᠷᠢᠭ ᠰᠠᠶᠢᠬᠠᠨ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ᠂ ᠠᠷᠠᠳ ᠤᠨ ᠵᠠᠮ ᠤᠨ ᠬᠤᠲᠠ ᠶᠢᠨ ᠲᠠᠯᠠᠪᠤᠷ᠂ ᠠᠷᠠᠳ ᠤᠨ ᠵᠠᠮ ᠤᠨ ᠲᠣᠮᠢᠯᠠᠭᠰᠠᠨ ᠰᠠᠯᠪᠤᠷᠢ ᠵᠡᠷᠭᠡ ᠣᠯᠠᠨ ᠲᠠᠯ᠎ᠠ ᠶᠢᠨ ᠬᠦᠴᠦᠨ ᠲᠠᠢ ᠬᠠᠮᠲᠤᠷᠠᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠴᠣᠩᠬᠤᠨ ᠠᠴᠠ ᠭᠠᠳᠠᠨ᠎ᠠ ᠬᠤᠪᠢ ᠪᠠᠷ ᠢᠶᠠᠨ ᠴᠠᠬᠢᠯᠭᠠᠨ ᠤᠲᠠᠰᠤ ᠲᠠᠲᠠᠵᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠪᠠᠶᠢᠴᠠᠭᠠᠬᠤ ᠳᠤᠭᠤᠶᠢᠯᠠᠩ ᠲᠡᠷᠭᠡᠨ ᠡᠵᠡᠨ ᠲᠠᠢ ᠬᠠᠷᠢᠯᠴᠠᠵᠤ᠂ ᠲᠣᠭᠲᠠᠭᠠᠯ ᠠᠴᠠ ᠵᠥᠷᠢᠴᠡᠭᠰᠡᠨ ᠴᠠᠬᠢᠯᠭᠠᠨ ᠤᠲᠠᠰᠤ ᠶᠢ ᠵᠠᠷᠯᠢᠭᠳᠠᠨ ᠠᠷᠢᠯᠭᠠᠬᠤ ᠶᠢᠨ ᠬᠠᠮᠲᠤ ᠰᠠᠭᠤᠭᠠᠯᠢ ᠠᠷᠠᠳ ᠲᠤ ᠵᠣᠬᠢᠰ ᠦᠭᠡᠢ ᠠᠴᠠ ᠪᠣᠯᠵᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠤᠨ ᠠᠳᠡᠯ ᠤᠨ ᠬᠡᠷᠡᠭ ᠤᠨ ᠵᠢᠱᠢᠶ᠎ᠡ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠭᠠᠯ ᠤᠨ ᠭᠠᠮᠰᠢᠭ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠪᠡ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠪᠠᠰᠠ ᠵᠢᠵᠢᠭ ᠲᠣᠭᠤᠷᠢᠭ ᠤᠨ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠭᠤᠤᠷᠰᠤ ᠵᠡᠷᠭᠡ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠳᠠᠯ ᠢ ᠨᠠᠷᠢᠨ ᠨᠢᠮᠪᠠᠢ ᠪᠠᠶᠢᠴᠠᠭᠠᠵᠤ᠂ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠢ ᠦᠨᠡᠨ ᠬᠦ ᠪᠠᠲᠤᠯᠠᠪᠠ᠃
   ᠴᠢᠶᠠᠨ ᠶᠢᠨ ᠰᠢᠶᠠᠩ ᠨᠡᠶᠢᠭᠡᠮ ᠲᠣᠭᠤᠷᠢᠭ ᠤᠨ ᠬᠢᠨ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠲᠣᠮᠢᠯᠠᠭᠰᠠᠨ ᠰᠠᠯᠪᠤᠷᠢ᠂ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠲᠠᠢ ᠬᠠᠮᠲᠤᠷᠠᠨ ︽ᠠᠰᠠᠷ ᠤᠨ ᠭᠤᠳᠤᠮᠵᠢ ᠪᠠᠷ ᠴᠠᠬᠢᠯᠭᠠᠨ ᠬᠥᠳᠡᠯᠭᠡᠭᠦᠷᠲᠦ ᠲᠡᠷᠭᠡ ᠲᠠᠯᠪᠢᠬᠤ ᠶᠢ ᠴᠠᠭᠠᠵᠠᠯᠠᠨ᠂ ᠠᠮᠤᠷ ᠲᠦᠪᠰᠢᠨ ᠤ ︿ᠰᠡᠷᠭᠡᠶᠢᠯᠡᠯᠲᠡ ᠶᠢᠨ ᠬᠡᠷᠡᠮ﹀ ᠢ ᠪᠠᠬᠢᠵᠢᠭᠦᠯᠬᠦ︾ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠵᠢᠭᠰᠠᠭᠠᠨ ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶᠠᠲᠤ ᠣᠷᠣᠨ ᠤ ᠰᠡᠳᠬᠢᠯ ᠳᠤᠨᠢ ᠬᠤᠲᠠ ᠶᠢᠨ ᠰᠠᠭᠤᠭᠠᠯᠢ ᠠᠷᠠᠳ ᠤᠨ ᠠᠰᠠᠷ ᠤᠨ ᠬᠤᠩᠭᠢᠯ ᠳᠤ ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠭᠠᠭᠰᠠᠨ ᠡᠰᠡᠬᠦ᠂ ᠰᠣᠶᠣᠯ ᠤᠨ ᠬᠤᠳᠠᠯᠳᠤᠭᠠᠨ ᠤ ᠬᠤᠲᠠ ᠬᠤᠳᠠᠯᠳᠤᠭᠠᠨ ᠤ ᠡᠷᠦᠬᠡ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠴᠠᠬᠢᠯᠭᠠᠨ ᠴᠡᠨᠡᠭᠯᠡᠭᠰᠡᠨ ᠡᠰᠡᠬᠦ᠂ ᠡᠯ᠎ᠡ ᠲᠠᠯᠠᠪᠤᠷ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠪᠦᠷᠢᠨ ᠲᠣᠬᠢᠷᠠᠭᠤᠯᠤᠭᠰᠠᠨ ᠡᠰᠡᠬᠦ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠪᠠᠰᠠ ᠰᠦᠯᠵᠢᠶᠡᠨ ᠤ ᠸᠢᠴᠠᠲ ᠤᠨ ᠪᠦᠯᠦᠭ᠂ ᠰᠡᠷᠡᠮᠵᠢ ᠶᠢᠨ ᠤᠷᠢᠶ᠎ᠠ ᠨᠠᠭᠠᠬᠤ ᠵᠡᠷᠭᠡ ᠠᠷᠭ᠎ᠠ ᠬᠡᠯᠪᠡᠷᠢ ᠪᠠᠷ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠤᠨ ᠭᠤᠳᠤᠮᠵᠢ ᠳᠤ ᠵᠣᠭᠰᠤᠭᠠᠬᠤ ᠬᠤᠣᠷ ᠬᠥᠨᠥᠭᠡᠯ ᠢ ᠤᠬᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠷᠤᠮᠵᠢᠭᠤᠯᠤᠨ ᠵᠣᠭᠰᠣᠭᠠᠪᠠ᠃               ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号