ᠰᠠᠶᠢᠬᠠᠨ ᠲᠣᠭᠤᠷᠢᠭ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠪᠡ
ᠨᠡᠶᠢᠲᠡᠯᠡᠭᠰᠡᠨ ᠴᠠᠭ᠄
2024/3/4
     2 ᠳ᠋ᠤᠭᠠᠷ ᠰᠠᠷ᠎ᠠ ᠶᠢᠨ 27 ᠤ ᠡᠳᠦᠷ᠂ ᠴᠠᠭᠠᠨ ᠰᠠᠷ᠎ᠠ ᠶᠢᠨ ᠡᠬᠢᠨ ᠳᠤ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠰᠠᠭᠤᠷᠢ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ ᠪᠥᠭᠡᠳ ᠵᠢᠩᠬᠢᠨᠢ ᠪᠠᠷ ᠫᠠᠶᠢᠰᠠ ᠰᠡᠬᠦᠵᠦ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠶᠢᠨ ᠬᠥᠬᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠪᠠᠶᠢᠭᠤᠯᠤᠭᠳᠠᠪᠠ᠃ ᠡᠨᠡ ᠵᠢᠯ ᠤᠨ 2 ᠰᠠᠷ᠎ᠠ ᠠᠴᠠ ᠡᠬᠢᠯᠡᠨ᠂ ᠤᠤᠯ ᠤᠨ ᠰᠢᠯᠢ ᠶᠢᠨ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠹᠧᠩᠵᠸᠤ ᠵᠠᠮ ᠤᠨ ᠬᠤᠪᠢᠶᠠᠷᠢ ᠰᠤᠷᠭᠠᠭᠤᠯᠢ ᠶᠢᠨ ᠨᠡᠷ᠎ᠡ ᠶᠢ ᠵᠢᠩᠬᠢᠨᠢ ᠪᠠᠷ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠶᠢᠨ ᠬᠥᠬᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠭᠡᠵᠦ ᠬᠠᠯᠠᠭᠠᠳ᠂ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠠᠴᠠ ᠨᠠᠷᠠᠲᠤ ᠵᠠᠬᠢᠷᠤᠯ ᠲᠣᠮᠢᠯᠠᠨ ᠬᠠᠮᠢᠶᠠᠷᠤᠯᠲᠠ ᠶᠢᠨ ᠪᠦᠯᠬᠦᠮ ᠢ ᠳᠠᠭᠠᠭᠤᠯᠤᠨ ᠬᠠᠮᠢᠶᠠᠷᠤᠭᠤᠯᠵᠤ᠂ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠶᠢᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠥᠬᠦ ᠲᠠᠯ᠎ᠠ ᠪᠠᠷ ᠣᠷᠣᠭᠤᠯᠪᠠ᠃            ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠰᠢᠶᠣᠣ ᠶᠠᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠶᠢᠨ ᠽᠠᠢ᠂ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠵᠠᠬᠢᠷᠤᠯ ᠯᠢ ᠰᠢᠶᠣᠣ ᠵᠢᠤᠸᠠᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠸᠠᠩ ᠸᠥ᠋ᠨ ᠮᠧᠢ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠨᠠᠷ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠶᠢᠨ ᠬᠥᠬᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠫᠠᠶᠢᠰᠠ ᠶᠢ ᠰᠡᠬᠦᠪᠡ᠃ ᠯᠢ ᠢᠦᠢ ᠵᠢᠶᠣᠣ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠲᠠᠢ ᠲᠤᠬᠠᠢ ᠶᠢᠨ ᠲᠠᠯᠠᠪᠠᠢ ᠳᠤ ᠭᠡᠷ᠎ᠡ ᠲᠣᠭᠲᠠᠵᠠᠢ᠃ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠪᠠᠭᠰᠢ ᠰᠤᠷᠤᠭᠴᠢ ᠶᠢᠨ ᠲᠥᠯᠥᠭᠡᠯᠡᠭᠴᠢ᠂ ᠭᠡᠷ ᠤᠨ ᠠᠬᠠᠮᠠᠳ ᠤᠨ ᠲᠥᠯᠥᠭᠡᠯᠡᠭᠴᠢ ᠡᠨᠡᠬᠦ ᠰᠡᠳᠬᠢᠯ ᠳᠣᠭᠳᠣᠯᠤᠭᠤᠯᠤᠮ᠎ᠠ ᠴᠠᠭ ᠮᠥᠴᠡ ᠶᠢ ᠬᠠᠮᠲᠤᠪᠠᠷ ᠭᠡᠷᠡᠴᠢᠯᠡᠵᠡᠢ᠃
     ᠯᠢ ᠰᠢᠶᠣᠣ ᠵᠢᠤᠸᠠᠨ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ︽ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠶᠢᠨ ᠬᠥᠬᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠪᠣᠯ ᠰᠤᠷᠭᠠᠭᠤᠯᠢ ᠶᠢᠨ ᠥᠪᠡᠷᠲᠡᠭᠡᠨ ᠵᠠᠰᠠᠬᠤ ᠣᠷᠣᠨ ᠳᠠᠬᠢ ᠴᠣᠷ ᠤᠨ ᠭᠠᠭᠴᠠ ᠬᠠᠮᠲᠤᠷᠠᠭᠰᠠᠨ ᠰᠤᠷᠭᠠᠭᠤᠯᠢ ᠪᠣᠯᠣᠨ᠎ᠠ᠂ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠨᠢ ︿ᠵᠢᠷᠭᠤᠭᠠᠨ ᠨᠢᠭᠡ﹀ ᠶᠢᠨ ᠬᠠᠷᠢᠶᠠᠲᠤ ᠰᠤᠷᠭᠠᠭᠤᠯᠢ ᠶᠢ ᠳᠡᠮᠵᠢᠬᠦ ᠠᠷᠭ᠎ᠠ ᠪᠣᠳᠣᠯᠭ᠎ᠠ ᠪᠠ ︿ᠵᠢᠷᠭᠤᠭᠠᠨ ᠵᠢᠱᠢᠶ᠎ᠡ ᠦᠵᠡᠭᠦᠯᠬᠦ﹀ ᠶᠢᠨ ᠬᠠᠷᠢᠶᠠᠲᠤ ᠰᠤᠷᠭᠠᠭᠤᠯᠢ ᠶᠢᠨ ᠬᠥᠭᠵᠢᠯᠲᠡ ᠶᠢᠨ ᠬᠠᠷᠠᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠠᠨᠳᠤᠰᠢ ᠪᠠ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠂ ᠰᠤᠷᠭᠠᠭᠤᠯᠢ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠪᠠ ᠦᠢᠯᠡᠳᠦᠯᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠤᠷᠰᠢᠭᠰᠠᠨ ᠰᠤᠷᠭᠠᠭᠤᠯᠢ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ ︾ ᠭᠡᠵᠡᠢ᠃            ᠯᠢ ᠢᠦᠢ ᠵᠢᠶᠣᠣ ᠢᠯᠡᠷᠬᠡᠶᠢᠯᠡᠬᠦ ᠳᠡᠭᠡᠨ᠂ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠪᠣᠯᠣᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠡᠶᠢᠰᠯᠡᠯ ᠪᠠᠭᠰᠢ ᠶᠢᠨ ᠶᠡᠭᠡ ᠰᠤᠷᠭᠠᠭᠤᠯᠢ ᠶᠢᠨ ᠬᠥᠬᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ  ᠶᠢ ᠬᠠᠮᠲᠤᠷᠠᠨ ᠪᠠᠶᠢᠭᠤᠯᠵᠤ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠨᠢᠭᠡᠨ ᠲᠣᠮᠣ ᠶᠠᠪᠤᠳᠠᠯ ᠪᠠᠶᠠᠷᠲᠤ ᠶᠠᠪᠤᠳᠠᠯ ᠮᠥᠨ᠂ ᠰᠠᠶᠢᠬᠠᠨ ᠲᠣᠭᠤᠷᠢᠭ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ᠂ ᠰᠤᠷᠭᠠᠭᠤᠯᠢ ᠳᠤ ᠣᠷᠣᠬᠤ ᠳᠤ ᠲᠣᠬᠢᠷᠠᠮᠵᠢᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠰᠠᠶᠢᠬᠠᠨ ᠲᠣᠭᠤᠷᠢᠭ ᠴᠢᠨᠠᠭᠰᠢᠯᠠᠪᠠᠯ ᠪᠥᠬᠦ ᠬᠤᠲᠠ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
     ᠣᠶᠢᠷ᠎ᠠ ᠶᠢᠨ ᠵᠢᠯ ᠠᠴᠠ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ︽ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ︾ ᠬᠠᠷᠠᠯᠲᠠ ᠶᠢᠨ ᠲᠣᠭᠤᠷᠢᠨ ᠳᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠵᠦ᠂ 26 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ 40 ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠵᠤ᠂ ᠡᠷᠳᠡᠮ ᠤᠨ ᠴᠣᠯᠠ ᠶᠢ 3.6 ᠲᠦᠮᠡ ᠰᠢᠨ᠎ᠡ ᠪᠠᠷ ᠨᠡᠮᠡᠭᠳᠡᠭᠦᠯᠵᠡᠢ᠃ ᠡᠭᠦᠨ ᠤ ᠬᠠᠮᠲᠤ᠂ ᠬᠤᠲᠠ ᠶᠢᠨ ᠳᠣᠲᠣᠷᠠᠬᠢ ᠰᠢᠯᠢᠳᠡᠭ ᠨᠠᠷᠠᠲᠤ ᠰᠤᠷᠭᠠᠭᠤᠯᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠭᠡᠷ ᠤᠨ ᠠᠬᠠᠮᠠᠳ ᠤᠨ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠣᠭᠰᠠᠨ ᠪᠠᠶᠢᠨ᠎ᠠ᠃  ᠪᠥᠬᠦ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠡᠶᠢᠲᠡ 176 ᠪᠠᠶᠢᠵᠤ᠂ ᠰᠤᠷᠭᠠᠭᠤᠯᠢ ᠳᠤ ᠪᠠᠶᠢᠭ᠎ᠠ ᠰᠣᠷᠣᠭᠴᠢ 12 ᠲᠦᠮᠡ ᠶᠢ ᠳᠠᠪᠠᠵᠤ᠂ ᠪᠠᠭᠰᠢ ᠠᠵᠢᠯᠲᠠᠨ 1 ᠲᠦᠮᠡ ᠭᠠᠷᠤᠢ ᠪᠠᠶᠢᠵᠤ᠂ ᠪᠦᠬᠦᠯᠢ ᠴᠣᠭᠴᠠ ᠶᠢᠨ ᠰᠤᠷᠭᠠᠨ ᠬᠥᠮᠦᠵᠢᠯ ᠤᠨ ᠬᠡᠪᠴᠢᠶ᠎ᠡ ᠨᠢ ᠪᠥᠬᠦ ᠬᠤᠲᠠ ᠶᠢᠨ ᠲᠡᠷᠢᠭᠦᠨ ᠳᠤ ᠣᠷᠣᠪᠠ︔ ᠰᠤᠷᠭᠠᠨ ᠬᠥᠮᠦᠵᠢᠯ ᠤᠨ ᠪᠦᠯᠦᠭᠯᠡᠯ 12᠂ ᠰᠤᠷᠭᠠᠭᠤᠯᠢ ᠣᠷᠣᠨ ᠨᠤᠲᠤᠭ ᠤᠨ ᠬᠤᠷᠰᠢᠭᠰᠠᠨ ᠰᠤᠷᠭᠠᠭᠤᠯᠢ 3᠂ ᠬᠤᠯᠪᠤᠭᠠᠯᠠᠨ ᠡᠷᠭᠢᠯᠡᠭᠰᠡᠨ ᠰᠤᠷᠭᠠᠭᠤᠯᠢ 2᠂ ᠪᠡᠭᠡᠵᠢᠩ ᠥᠪᠥᠷ ᠮᠣᠩᠭᠤᠯ ᠤᠨ ᠬᠤᠷᠰᠢᠭᠰᠠᠨ ᠰᠤᠷᠭᠠᠭᠤᠯᠢ 1 ᠪᠠᠶᠢᠵᠤ᠂ ᠪᠥᠬᠦ  ᠲᠣᠭᠤᠷᠢᠭ ᠤᠨ48 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠬᠠᠮᠤᠷᠴᠤ᠂  ᠲᠣᠭᠤᠷᠢᠭ ᠤᠨ ᠳᠣᠲᠣᠷ᠎ᠠ ᠭᠠᠳᠠᠨᠠᠬᠢ ᠨᠠᠷᠠᠲᠤ ᠰᠤᠷᠭᠠᠭᠤᠯᠢ᠂ ᠬᠠᠷᠢᠶ᠎ᠠ ᠭᠠᠵᠠᠷ ᠤᠨ ᠳᠡᠭᠡᠳᠦ ᠰᠤᠷᠭᠠᠭᠤᠯᠢ᠂ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ᠂ ᠪᠠᠭᠤᠷᠠᠢ ᠰᠤᠷᠭᠠᠭᠤᠯᠢ᠂ ᠲᠠᠷᠢᠶᠠᠯᠠᠬᠤ ᠣᠷᠣᠨ ᠤ ᠰᠤᠷᠭᠠᠭᠤᠯᠢ ᠶᠢ ᠬᠠᠮᠤᠷᠴᠤ᠂ ᠪᠥᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠣᠷᠣᠭᠴᠢ ᠶᠢᠨ ᠪᠥᠬᠦ ᠲᠣᠭᠠᠨ ᠤ 50%  ᠠᠴᠠ ᠳᠡᠭᠡᠭᠰᠢᠬᠢ ᠶᠢ ᠡᠵᠡᠯᠡᠵᠦ᠂ ᠴᠢᠨᠠᠷ ᠰᠠᠶᠢᠲᠠᠢ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠡ᠃            ᠰᠠᠶᠢᠬᠠᠨ ᠲᠣᠭᠤᠷᠢᠭ ᠲᠤᠰ ᠤᠳᠠᠭᠠᠨ ᠤ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠪᠠᠭᠰᠢ ᠶᠢᠨ ᠶᠡᠭᠡ ᠰᠤᠷᠭᠠᠭᠤᠯᠢ ᠯᠤᠭ᠎ᠠ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠪᠠᠭᠰᠢ ᠶᠢᠨ ᠡᠩᠨᠡᠭᠡᠨ ᠤ ᠬᠡᠪ ᠴᠢᠨᠠᠷ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠬᠤᠪᠢᠷᠠᠭᠤᠯᠬᠤ ᠪᠠ ᠴᠢᠳᠠᠪᠤᠷᠢᠲᠠᠨ ᠤ ᠠᠵᠢᠯ ᠣᠯᠭᠤᠯᠲᠠ᠂ ᠰᠤᠳᠤᠯᠭᠠᠨ ᠤ ᠰᠡᠳᠦᠪ ᠤᠨ ᠰᠤᠳᠤᠯᠭᠠᠨ ᠤ ᠲᠠᠯ᠎ᠠ ᠪᠠᠷ ᠭᠤᠣᠯᠳᠠᠭᠤᠯᠵᠤ᠂ ᠬᠠᠮᠲᠤᠷᠠᠯᠴᠠᠭ᠎ᠠ ᠶᠢ ᠥᠷᠭᠡᠨ ᠭᠦᠨᠵᠡᠭᠡᠢ ᠥᠷᠨᠢᠭᠦᠯᠵᠦ᠂ ᠨᠡᠩ ᠤᠯᠠᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠣᠯᠵᠤ᠂ ᠪᠦᠬᠦ ᠬᠤᠳᠠ ᠶᠢᠨ ᠰᠤᠷᠤᠯᠴᠠᠬᠤ ᠳᠤ ᠲᠣᠬᠢᠷᠠᠮᠵᠢᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号