2024 ᠣᠨ ᠤ ᠦᠪᠡᠳᠡᠭᠰᠢ ᠶᠡᠭᠡ ᠠᠵᠢᠯ ᠣᠯᠭᠤᠯᠲᠠ ᠶᠢᠨ ᠴᠤᠭᠯᠠᠭᠠᠨ ᠰᠠᠶᠢᠬᠠᠨ ᠲᠣᠭᠤᠷᠢᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2024/3/4
     ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠪᠠ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠨᠡᠶᠢᠭᠡᠮ ᠤᠨ ᠠᠵᠢᠯ ᠡᠷᠢᠭᠰᠡᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠠᠶᠢᠬᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠣᠶᠢᠷ᠎ᠠ ᠳᠤ᠂ ᠰᠠᠶᠢᠬᠠᠨ ᠲᠣᠭᠤᠷᠢᠭ ᠤᠨ ᠪᠣᠷᠣᠳᠣᠬᠤᠢ ᠳᠡᠭᠡᠳᠦ ᠰᠤᠷᠭᠠᠭᠤᠯᠢ ᠲᠠᠢ ᠬᠠᠮᠲᠤᠷᠠᠨ ︽ᠲᠣᠭᠤᠷᠢᠭ ᠤᠨ ᠳᠠᠷᠤᠭ᠎ᠠ ᠲᠠᠨ ᠢ ᠠᠵᠢᠯ ᠣᠯᠬᠤ ᠪᠠᠷ ᠳᠠᠭᠤᠳᠠᠬᠤ︾ ᠰᠢᠷᠢᠰ ᠠᠵᠢᠯᠲᠠᠨ ᠡᠯᠰᠡᠬᠦ ᠬᠤᠷᠠᠯ ᠵᠢᠴᠢ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠲᠣᠮᠣ ᠬᠡᠯᠪᠡᠷᠢ ᠶᠢᠨ ᠠᠵᠢᠯᠲᠠᠨ ᠡᠯᠰᠡᠬᠦ ᠬᠤᠷᠠᠯ ᠢ ᠡᠷᠭᠢᠯᠡᠪᠡ᠃
     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠨᠡᠶᠢᠲᠡ 105 ᠰᠢᠯᠢᠳᠡᠭ ᠠᠵᠤ ᠠᠬᠤᠶᠢᠯᠠᠯ ᠴᠢᠳᠠᠪᠤᠷᠢᠲᠠᠨ ᠡᠯᠰᠡᠵᠦ᠂ 3470 ᠭᠠᠷᠤᠢ ᠠᠵᠢᠯ ᠤᠨ ᠪᠠᠶᠢᠷᠢ ᠬᠠᠩᠭᠠᠵᠤ᠂ ᠠᠵᠢᠯᠯᠠᠭ᠎ᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠥᠷᠨᠢᠭᠦᠯᠬᠦ ᠬᠡᠯᠪᠡᠷᠢ ᠪᠠᠷ ᠥᠷᠨᠢᠭᠦᠯᠪᠡ᠃ ᠠᠬᠤᠢ ᠲᠠᠯᠠᠪᠠᠢ ᠳᠤ 4 ᠲᠦᠮᠡ ᠭᠠᠷᠤᠢ ᠬᠥᠮᠥᠨ ᠤᠷᠤᠯᠴᠠᠭᠰᠠᠠ ᠪᠠᠶᠢᠨ᠎ᠠ᠃ ᠠᠵᠢᠯᠲᠠᠨ ᠡᠯᠰᠡᠬᠦ ᠬᠤᠷᠠᠯ ᠤᠨ ᠰᠦᠯᠵᠢᠶᠡᠨ ᠳᠡᠭᠡᠷ᠎ᠡ ᠣᠷᠣᠯᠴᠠᠭᠰᠠᠨ ᠬᠥᠮᠥᠨ ᠤ ᠲᠤᠭ᠎ᠠ 4.7 ᠲᠦᠮᠡ ᠬᠦᠷᠴᠦ᠂ ᠠᠩᠬ᠎ᠠ ᠠᠯᠬᠤᠮ 4000 ᠬᠥᠮᠥᠨ ᠠᠴᠠ ᠳᠡᠭᠡᠭᠰᠢ ᠰᠠᠨᠠᠮᠵᠢ ᠲᠠᠢ ᠪᠣᠯᠪᠠ᠃
    ᠠᠵᠢᠯᠲᠠᠨ ᠡᠯᠰᠡᠬᠦ ᠬᠤᠷᠠᠯ ᠳᠡᠭᠡᠷ᠎ᠡ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠵᠢᠶᠧ ᠤᠭᠲᠤᠬᠤ ᠦᠭᠡ ᠬᠡᠯᠡᠵᠦ᠂ ᠰᠠᠶᠢᠬᠠᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ︕ ᠡᠭᠦᠨ ᠤ ᠬᠠᠮᠲᠤ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠢᠶᠠᠷ ᠳᠠᠮᠵᠢᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃         ᠠᠵᠢᠯᠲᠠᠨ ᠡᠯᠰᠡᠬᠦ ᠬᠤᠷᠠᠯ ᠳᠡᠭᠡᠷ᠎ᠡ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠤᠨ ᠪᠠᠶᠢᠷᠢ ᠬᠦᠷᠭᠡᠬᠦ ᠠᠴᠠ ᠭᠠᠳᠠᠨ᠎ᠠ᠂ ᠪᠠᠰᠠ ︽ᠲᠥᠷᠥ ᠶᠢᠨ ᠪᠣᠳᠣᠯᠭ᠎ᠠ ᠬᠦᠷᠭᠡᠬᠦ︾᠂ ︽ᠦᠢᠯᠡᠴᠢᠯᠡᠭᠡ ᠬᠦᠷᠭᠡᠬᠦ︾ ᠪᠣᠯᠪᠠ᠃ ᠬᠤᠷᠠᠯ ᠤᠨ ᠲᠠᠯᠠᠪᠠᠶ ᠳᠤ ᠠᠵᠢᠯ ᠣᠯᠵᠤ ᠠᠳᠠᠯ ᠦᠢᠯᠡᠰ ᠴᠣᠭᠴᠠᠯᠠᠬᠤ ᠵᠢᠯᠣᠭᠤᠳᠤᠯᠭ᠎ᠠ᠂ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ᠂ ᠮᠡᠷᠭᠡᠵᠢᠯ ᠤᠨ ᠴᠣᠯᠠ ᠲᠣᠭᠲᠠᠭᠠᠬᠤ᠂ ᠬᠥᠳᠡᠯᠮᠦᠷᠢ ᠶᠢᠨ ᠬᠠᠷᠢᠴᠠᠭ᠎ᠠ ᠬᠢᠭᠡᠳ ᠬᠥᠨᠳᠡᠯᠡᠨ ᠠᠴᠠ ᠲᠠᠰᠤᠯᠬᠤ ᠵᠡᠷᠭᠡ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠭᠡᠳ ᠵᠥᠪᠯᠡᠯᠭᠡ ᠥᠭᠬᠦ ᠣᠷᠣᠨ ᠢ ᠲᠣᠬᠢᠷᠠᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢᠨ ᠬᠠᠮᠲᠤ ᠬᠤᠷᠠᠯ ᠳᠤ ᠣᠷᠣᠯᠴᠠᠭᠰᠠᠨ ᠠᠵᠤ ᠠᠬᠤᠶᠢᠯᠠᠯ᠂ ᠤᠷᠢᠭᠳᠠᠭᠰᠠᠳ ᠲᠤ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠠᠵᠤ ᠠᠬᠤᠶᠢᠯᠠᠯ ᠳᠤ ᠦᠢᠯᠡᠴᠢᠯᠡᠭᠡᠳ ᠲᠥᠷᠥ ᠶᠢᠨ ᠪᠣᠳᠣᠯᠭ᠎ᠠ ᠭᠥᠷᠳᠡᠬᠦ ᠳᠤ ᠲᠥᠬᠦᠮ ᠦᠵᠡᠭᠦᠯᠵᠦ᠂ ᠤᠷᠢᠭᠳᠠᠭᠰᠠᠳ ᠤᠨ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠦᠨ᠂ ᠠᠵᠢᠯ ᠣᠯᠭᠤᠯᠲᠠ ᠶᠢ ᠨᠠᠩ ᠵᠢᠷᠤᠮᠵᠢᠭᠤᠨ᠂ ᠨᠠᠩ ᠭᠦᠢᠴᠡᠳ ᠪᠣᠯᠭᠠᠬᠤ ᠶᠢ ᠠᠬᠢᠭᠤᠯᠪᠠ᠃
    ᠠᠵᠢᠯᠲᠠᠨ ᠡᠯᠰᠡᠬᠦ ᠬᠤᠷᠠᠯ ᠤᠨ ᠠᠬᠤᠢ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ᠂ ᠠᠵᠢᠯᠲᠠᠨ ᠡᠯᠰᠡᠬᠦ ᠦᠵᠡᠭᠦᠯᠭᠡ ᠶᠢᠨ ᠪᠠᠶᠢᠷᠢ ᠲᠡᠷᠢ ᠲᠡᠭᠰᠢ ᠪᠠᠶᠢᠵᠤ᠂ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠵᠢᠨ‌ᠡᠯ᠎ᠡ ᠲᠣᠮᠣ ᠠᠵᠤ ᠠᠬᠤᠶᠢᠯᠠᠯ ︽ᠴᠢᠳᠠᠪᠤᠷᠢᠲᠠᠨ ᠪᠤᠯᠢᠶᠠᠯᠳᠤᠬᠤ ᠳᠠᠶᠢᠯᠠᠯᠳᠤᠭᠠᠨ︾ ᠢ ᠡᠬᠢᠯᠡᠭᠦᠯᠪᠡ︔ ᠠᠵᠢᠯ ᠡᠷᠢᠭᠰᠡᠳ ᠵᠠᠯᠭᠠᠭ᠎ᠠ ᠪᠠᠷ ᠠᠵᠢᠯᠴᠢᠨ ᠡᠯᠰᠡᠬᠦ ᠠᠵᠤ ᠠᠬᠤᠶᠢᠯᠠᠯ ᠲᠠᠢ ᠠᠵᠢᠯ ᠤᠨ ᠠᠭᠤᠯᠭ᠎ᠠ᠂ ᠲᠤᠰᠬᠠᠢ ᠮᠡᠷᠭᠡᠵᠢᠯ ᠤᠨ ᠱᠠᠭᠠᠷᠳᠠᠯᠭ᠎ᠠ᠂ ᠬᠠᠷᠠᠭᠠᠯᠵᠠᠯ ᠠᠰᠠᠷᠠᠮᠵᠢ ᠵᠡᠷᠭᠡ ᠠᠰᠠᠭᠤᠳᠠᠯ ᠢ ᠨᠠᠷᠢᠨ ᠶᠠᠷᠢᠯᠴᠠᠪᠠ᠃ ᠲᠤᠬᠠᠢ ᠶᠢᠨ ᠲᠠᠯᠠᠪᠤᠷ ᠲᠤ ᠪᠠᠰᠠ ᠰᠣᠨᠢᠷᠬᠠᠯᠲᠠᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠯᠭᠡ ᠶᠢᠨ ᠱᠠᠩᠨᠠᠯ ᠲᠠᠢ ᠥᠷᠢᠰᠦᠯᠳᠦᠨ ᠳᠠᠭᠠᠬᠤ ᠠᠵᠢᠯᠯᠠᠭ᠎ᠠ ᠭᠠᠷᠭᠠᠵᠤ᠂ ᠶᠡᠭᠡ ᠬᠡᠮᠵᠢᠶᠡᠨ ᠤ ᠠᠵᠢᠯ ᠡᠷᠢᠭᠰᠡᠳ ᠤᠨ ᠠᠩᠬᠠᠷᠤᠯ ᠢ ᠲᠠᠲᠠᠵᠤ᠂ ᠰᠡᠳᠦᠪ ᠬᠠᠷᠢᠭᠤᠯᠬᠤ ᠪᠠᠷ ᠳᠠᠮᠵᠢᠭᠤᠯᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠨᠠᠷᠢᠯᠢᠭ ᠰᠠᠶᠢᠬᠠᠨ ᠪᠡᠯᠡᠭ ᠣᠯᠵᠤ᠂ ᠠᠵᠢᠯ ᠡᠷᠢᠬᠦ ᠠᠶᠠᠨᠴᠢᠳ ᠢ ᠪᠠᠶᠠᠷ ᠪᠠᠶᠠᠰᠤᠯ ᠪᠠ ᠣᠯᠣᠯᠲᠠ ᠲᠠᠢ ᠪᠣᠯᠭᠠᠵᠠᠢ᠃          2024 ᠣᠨ ᠳᠤ᠂ ᠰᠠᠶᠢᠬᠠᠨ ᠲᠣᠭᠤᠷᠢᠭ 3 ᠵᠢᠯ ᠤᠨ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ︾ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ᠬᠠᠯᠠᠭᠤᠨ ᠳᠤᠯᠠᠭᠠᠨ ᠵᠣᠯ ᠵᠢᠷᠭᠠᠯᠲᠤ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号