2024 ᠣᠨ ᠤ ᠥᠪᠥᠷ ᠮᠣᠩᠭᠤᠯ ᠤᠨ ᠬᠤᠣᠷᠲᠤ ᠡᠳ᠋ ᠢ ᠴᠠᠭᠠᠵᠠᠯᠠᠬᠤ ᠨᠡᠶᠢᠭᠡᠮᠴᠢᠯᠡᠭᠰᠡᠨ ᠤᠬᠠᠭᠤᠯᠭ᠎ᠠ ᠶᠢᠨ ᠠᠵᠢᠯ ᠡᠬᠢᠯᠡᠵᠡᠢ
ᠨᠡᠶᠢᠲᠡᠯᠡᠭᠰᠡᠨ ᠴᠠᠭ᠄
2024/3/4
     ᠣᠶᠢᠷ᠎ᠠ ᠳᠤ᠂ ᠰᠢᠯᠢᠳᠡᠭ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠢ ᠭᠦᠨᠵᠡᠭᠡᠢ ᠠᠭᠤᠳᠠᠯᠤᠨ ᠬᠤᠣᠷᠲᠤ ᠡᠳ᠋ ᠢ  ᠴᠠᠭᠠᠵᠠᠯᠠᠬᠤ ᠤᠬᠠᠭᠤᠯᠭ᠎ᠠ ᠳᠤ ᠬᠦᠴᠦᠨ ᠨᠡᠮᠡᠷᠢᠯᠡᠵᠦ᠂ ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠨ ᠬᠤᠣᠷᠲᠤ ᠡᠳ᠋ ᠢ  ᠴᠠᠭᠠᠵᠠᠯᠠᠬᠤ ᠤᠬᠠᠭᠤᠯᠭ᠎ᠠ ᠳᠤ ᠢᠳᠡᠪᠬᠢᠲᠡᠢ ᠣᠷᠣᠯᠴᠠᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠬᠤᠣᠷᠲᠤ ᠡᠳ᠋ ᠢ ᠴᠠᠭᠠᠵᠠᠯᠠᠬᠤ ᠵᠥᠪᠯᠡᠯ ᠤᠨ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠳᠦᠷᠢᠮ ᠤᠨ ᠠᠵᠢᠯ ᠤᠨ ᠵᠥᠪᠯᠡᠯ ᠲᠠᠢ ᠬᠠᠮᠲᠤᠷᠠᠨ ᠭᠦᠭᠡᠬᠤᠲᠠ ᠳᠤ ︽ᠥᠯᠵᠡᠶᠢᠲᠦ ᠡᠳᠦᠷ ᠢᠶᠠᠨ ᠪᠠᠶᠠᠷ ᠭᠦᠷ ᠲᠠᠢ ᠥᠩᠭᠡᠷᠡᠭᠦᠯᠵᠦ᠂ ᠬᠤᠣᠷᠲᠤ ᠡᠳ᠋ ᠢ  ᠴᠠᠭᠠᠵᠠᠯᠠᠬᠤ ᠤᠬᠠᠭᠤᠯᠭ᠎ᠠ ᠥᠷᠨᠢᠭᠦᠯᠦᠶ᠎ᠡ︾ ᠭᠡᠬᠦ  ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠭᠤᠯᠪᠠ᠃      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠠᠴᠠ᠂  ᠲᠣᠰ ᠤᠳᠠᠭ᠎ᠠ ᠶᠢᠨ ᠲᠣᠮᠣ ᠭᠡᠯᠪᠡᠷᠢ ᠶᠢᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠳᠠᠶᠢᠴᠢᠯᠠᠯᠲᠠ ᠶᠢᠨ ᠠᠵᠢᠯᠯᠠᠭ᠎ᠠ ᠪᠣᠯ  ᠮᠠᠨ ᠤ ᠣᠷᠣᠨ ᠤ ᠬᠤᠣᠷᠲᠤ ᠡᠳ᠋ ᠢ ᠴᠠᠭᠠᠵᠠᠯᠠᠬᠤ ᠠᠵᠢᠯ ᠢ ᠨᠡᠶᠢᠭᠡᠮᠴᠢᠯᠡᠬᠦ ᠠᠵᠢᠯ ᠤᠨ ᠲᠠᠰ ᠳᠠᠪᠬᠤᠷᠭ᠎ᠠ ᠪᠠ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠭᠦ ᠢᠳᠡᠪᠬᠢᠲᠡᠢ ᠴᠢᠷᠮᠠᠶᠢᠯᠭ᠎ᠠ ᠮᠥᠨ᠂ ᠡᠨᠡ ᠨᠢ ᠬᠤᠣᠷᠲᠤ ᠡᠳ᠋ ᠢ ᠴᠠᠭᠠᠵᠠᠯᠠᠬᠤ ᠠᠵᠢᠯ ᠤᠨ ᠬᠤᠶᠢᠰᠢᠳᠠ ᠶᠢᠨ ᠦᠷᠭᠦᠯᠵᠢᠯᠡᠨ ᠭᠦᠨᠵᠡᠭᠡᠶᠢᠷᠡᠬᠦ ᠳᠤ ᠯᠤᠲᠤ ᠶᠡᠭᠡ ᠬᠦᠴᠦᠨ ᠨᠡᠮᠡᠷᠢᠯᠡᠬᠦ ᠨᠢ ᠯᠠᠪᠲᠠᠢ ᠶᠤᠮ  ᠭᠡᠪᠡ᠃  ᠥᠪᠡᠷᠲᠡᠭᠡᠨ ᠵᠠᠰᠠᠬᠤ ᠣᠷᠣᠨ ᠤ ᠬᠤᠣᠷᠲᠤ ᠡᠳ᠋ ᠢ ᠴᠠᠭᠠᠵᠠᠯᠠᠬᠤ ᠵᠥᠪᠯᠡᠯ ᠤᠨ ᠠᠯᠪᠠᠨ ᠭᠡᠷ ᠤᠨ ᠬᠠᠷᠢᠭᠤᠴᠠᠯᠭᠠᠲᠠᠨ ᠠᠴᠠ ᠪᠦᠭᠦ ᠣᠷᠣᠨ ᠤ ᠡᠯ᠎ᠡ ᠱᠠᠲᠤᠨ ᠤ ᠬᠤᠣᠷᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠡᠯ᠎ᠡ ᠪᠦᠷᠢᠯᠳᠦᠭᠦᠨ ᠨᠢᠭᠡᠴᠢ ᠶᠢᠨ ᠬᠢᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠭᠢᠶᠠᠯ ᠪᠤᠯᠭᠠᠵᠤ᠂ ᠬᠤᠣᠷᠲᠤ ᠡᠳ᠋ ᠤᠨ ᠠᠰᠠᠭᠤᠳᠠᠯ ᠢ ᠰᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ︽ᠬᠤᠶᠠᠷ ᠶᠡᠭᠡ ᠶᠠᠪᠤᠳᠠᠯ ︾ ᠢ ᠰᠠᠶᠢᠲᠤᠷ ᠬᠢᠬᠦ ᠳᠤ ᠬᠤᠣᠷᠲᠤ ᠡᠳ᠋ ᠢ ᠴᠠᠭᠠᠵᠠᠯᠠᠬᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠡᠢ᠃  ᠳᠠᠷᠠᠭ᠎ᠠ  ᠨᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠠᠷᠢᠭᠤᠴᠠᠯᠭᠠᠲᠠᠨ ᠠᠴᠠ 2024 ᠣᠨ ᠤ ᠥᠪᠥᠷ ᠮᠣᠩᠭᠤᠯ ᠤᠨ ᠬᠤᠣᠷᠲᠤ ᠡᠳ᠋ ᠢ ᠴᠠᠭᠠᠵᠠᠯᠠᠬᠤ ᠨᠡᠶᠢᠭᠡᠮᠴᠢᠯᠡᠭᠰᠡᠨ ᠤᠬᠠᠭᠤᠯᠭ᠎ᠠ ᠶᠢᠨ ᠠᠵᠢᠯ ᠡᠬᠢᠯᠡᠭᠰᠡᠨ ᠢ ᠵᠠᠷᠯᠠᠪᠠ᠃      ᠳᠤᠰ ᠠᠵᠢᠯᠯᠠᠭ᠎ᠠ ᠨᠢ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠡᠯᠧᠮᠧᠨ᠋ᠲ ᠢ ᠰᠣᠨᠢᠷᠬᠠᠯᠲᠠᠢ ᠣᠨᠢᠰᠤᠭ᠎ᠠ ᠳᠠᠭᠠᠬᠤ ᠠᠵᠢᠯᠯᠠᠭ᠎ᠠ ᠳᠤ ᠠᠭᠤᠰᠬᠠᠨ ᠣᠷᠣᠭᠤᠯᠵᠤ᠂ ᠬᠤᠣᠷᠲᠤ ᠡᠳ᠋ ᠤᠨ ᠬᠤᠣᠷ ᠬᠥᠨᠥᠭᠡᠯ᠂ ᠣᠨᠴᠠᠯᠢᠭ᠂ ᠬᠤᠣᠷᠲᠤ ᠡᠳ᠋ ᠢ ᠴᠠᠭᠠᠵᠠᠯᠠᠬᠤ ᠲᠡᠦᠬᠡ ᠰᠣᠶᠣᠯ ᠵᠡᠷᠭᠡ ᠠᠭᠤᠯᠭ᠎ᠠ ᠶᠢ ᠬᠠᠮᠤᠷᠴᠤ᠂ ᠤᠬᠠᠭᠤᠯᠭ᠎ᠠ ᠬᠥᠮᠦᠵᠢᠯ ᠢ ᠪᠠᠶᠠᠷ ᠴᠡᠩᠭᠡᠯ ᠤᠨ ᠳᠤᠮᠳᠠ ᠠᠭᠤᠰᠬᠠᠨ ᠣᠷᠣᠭᠤᠯᠵᠤ᠂  ᠣᠯᠠᠨ ᠲᠦᠮᠡᠨ ᠤ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠶᠢᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠡᠢ᠃ ᠠᠵᠢᠯᠯᠠᠭ᠎ᠠ ᠳᠤ ᠪᠠᠰᠠ ᠳᠠᠭᠤᠷᠢᠶᠠᠮᠠᠯ ᠬᠤᠣᠷᠲᠤ ᠡᠳ᠋ ᠤᠨ ᠵᠠᠭᠪᠤᠷ ᠤᠨ ᠦᠵᠡᠭᠦᠯᠭᠡ ᠶᠢᠨ ᠲᠣᠭᠤᠷᠢᠭ ᠭᠠᠷᠭᠠᠵᠤ᠂ ᠴᠠᠭᠳᠠᠭ᠎ᠠ ᠪᠣᠯᠣᠨ ᠬᠤᠣᠷᠲᠤ ᠡᠳ᠋ ᠢ ᠴᠠᠭᠠᠵᠠᠯᠠᠬᠤ ᠰᠠᠶᠢᠨ ᠲᠤᠷᠠᠴᠤᠳ ᠠᠴᠠ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号