ᠦᠢᠰᠦᠨ ᠵᠢᠷᠤᠭ᠄ ᠡᠬᠡ ᠪᠠᠶᠢᠭᠠᠯᠢ ᠠᠴᠠ ᠢᠷᠡᠯᠲᠡ ᠲᠠᠢ ᠤᠷᠠᠯᠢᠭ ᠤᠨ ᠢᠯᠡᠳᠬᠡᠯ
ᠨᠡᠶᠢᠲᠡᠯᠡᠭᠰᠡᠨ ᠴᠠᠭ᠄
2024/3/4
     ᠳᠤᠮᠳᠠᠳᠤ ᠶᠢᠨ ᠪᠣᠯᠪᠠᠰᠤᠨ ᠪᠣᠯ ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠤᠭᠰᠠᠨ᠂ ᠭᠡᠷᠡᠯ ᠰᠠᠴᠤᠷᠠᠩᠭᠤᠢ ᠪᠣᠯᠪᠠᠰᠤᠨ ᠮᠥᠨ᠃ ᠦᠷᠭᠦᠯᠵᠢᠯᠡᠬᠦ ᠨᠢ ᠵᠣᠭᠰᠣᠩᠭᠢᠷᠠᠬᠤ ᠶᠠᠪᠤᠳᠠᠯ ᠪᠢᠰᠢ᠂ ᠨᠡᠩ ᠴᠤ ᠬᠥᠰᠢᠭᠦᠷᠡᠬᠦ ᠶᠠᠪᠤᠳᠠᠯ ᠪᠢᠰᠢ᠂ ᠬᠠᠷᠢᠨ ᠰᠢᠨ᠎ᠡ ᠶᠢ ᠡᠭᠦᠳᠬᠦ ᠪᠠᠷ ᠲᠦᠰᠢᠭ ᠲᠤᠯᠭᠠᠭᠤᠷᠢ ᠪᠤᠯᠭᠠᠬᠰᠠᠨ ᠲᠡᠦᠬᠡ ᠶᠢᠨ ᠲᠠᠪᠰᠢᠯᠳᠠ ᠶᠢᠨ ᠶᠠᠪᠤᠴᠠ ᠮᠥᠨ᠃ ᠳᠤᠮᠳᠠᠳᠤ ᠶᠢᠨ ᠦᠨᠳᠦᠰᠦᠲᠡᠨ ᠢᠮᠠᠭᠲᠠ ᠪᠣᠳᠠᠰ ᠤᠨ ᠪᠣᠯᠪᠠᠰᠤᠨ᠂ ᠤᠶᠤᠨ ᠤ ᠪᠣᠯᠪᠠᠰᠤᠨ ᠪᠠ ᠤᠯᠤᠰ ᠲᠦᠷᠦ ᠶᠢᠨ ᠪᠣᠯᠪᠠᠰᠤᠨ ᠢᠶᠠᠨ ᠲᠠᠰᠤᠷᠠᠯᠳᠠ ᠦᠭᠡᠢ ᠰᠢᠨᠡᠴᠢᠯᠡᠨ ᠪᠦᠲᠦᠭᠡᠵᠦ᠂ ᠲᠡᠦᠬᠡ ᠶᠢᠨ ᠤᠷᠳᠤ ᠤᠳᠠᠭᠠᠨ ᠬᠤᠭᠤᠴᠠᠭᠠᠨ ᠳᠤ ᠬᠠᠮᠤᠭ ᠤᠨ ᠴᠡᠴᠡᠭᠯᠡᠨ ᠬᠥᠭᠵᠢᠭᠰᠡᠨ ᠬᠠᠮᠤᠭ ᠤᠨ ᠬᠦᠴᠦᠷᠬᠡᠭ ᠶᠡᠭᠡ ᠪᠣᠯᠪᠠᠰᠤᠨ ᠤ ᠴᠣᠭᠴᠠ ᠶᠢᠨ ᠬᠤᠪᠢ ᠪᠠᠷ ᠳᠡᠯᠡᠬᠡᠢ ᠳ᠋ᠠᠬᠢᠨ᠎ᠠ ᠰᠡᠬᠦᠶᠢᠨ ᠰᠦᠨᠳᠡᠷᠯᠡᠪᠡ᠃           - ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠠᠴᠠ                    ︵2023 ᠣᠨ ᠤ 6 ᠰᠠᠷ᠎ᠠ ᠶᠢᠨ 2 ᠤᠨ ᠡᠳᠦᠷ︶      ᠴᠠᠭᠠᠨ ᠬᠤᠰᠤᠨ ᠤ ᠬᠠᠯᠢᠰᠤ᠂ ᠨᠠᠷᠠᠰᠤᠨ ᠮᠣᠳᠣᠨ ᠬᠠᠯᠢᠰᠤ᠂ ᠬᠥᠪᠳᠥ ᠵᠡᠷᠭᠡ ᠪᠠᠷ ᠲᠦᠭᠦᠬᠡᠢ ᠮᠠᠲ᠋ᠧᠷᠢᠶᠠᠯ ᠪᠣᠯᠭᠠᠨ ᠦᠢᠯᠡᠳᠦᠭᠰᠡᠨ ᠭᠤᠶᠣ ᠬᠡᠦᠬᠡᠨ ᠤ ᠵᠢᠷᠤᠭ᠂ ᠴᠡᠴᠡᠭ ᠰᠢᠪᠠᠭᠤᠨ ᠤ ᠵᠢᠷᠤᠭ᠂ ᠦᠵᠡᠮᠵᠢ ᠶᠢᠨ ᠵᠢᠷᠤᠭ ᠁ ᠠᠮᠢᠳᠤ ᠳᠦᠷᠰᠦᠯᠢᠭ ᠮᠥᠷᠲᠡᠭᠡᠨ ᠴᠤᠭ ᠵᠢᠪᠬᠤᠭᠠᠯᠢᠭ ᠬᠠᠷᠠᠭᠳᠠᠨ᠎ᠠ᠂ ᠡᠨᠡ ᠪᠣᠯ ᠳᠠᠷᠤᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ - ᠪᠠᠯᠢᠩ ᠪᠠᠯᠭᠠᠰᠤ ᠶᠢᠨ ᠦᠢᠰᠦᠨ ᠵᠢᠷᠤᠭ ᠪᠣᠯᠣᠨ᠎ᠠ᠃
     ᠦᠢᠰᠦᠨ ᠵᠢᠷᠤᠭ ︽ᠥᠩᠭᠡᠲᠦ ᠵᠢᠯ︾      47 ᠨᠠᠰᠤᠲᠠᠢ ᠯᠢ ᠶᠠᠨ ᠬᠤᠩ ᠪᠣᠯ ᠲᠤᠰ ᠲᠦᠷᠦᠯ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠴᠢᠨᠠᠷᠲᠠᠢ ᠤᠯᠠᠮᠵᠢᠯᠠᠭᠴᠢ ᠪᠣᠯᠣᠨ᠎ᠠ᠂ ᠦᠢᠰᠦᠨ ᠵᠢᠷᠤᠭ ᠵᠢᠷᠤᠬᠤ ᠠᠴᠠ ᠡᠮᠦᠨ᠎ᠡ᠂ᠲᠡᠷᠡ ᠤᠷᠢᠳ ᠢᠶᠠᠷ ᠵᠢᠷᠤᠭ ᠤᠨ ᠪᠦᠲᠦᠴᠡ ᠶᠢ ᠪᠠᠶᠢᠷᠢᠰᠢᠭᠤᠯᠵᠤ᠂ ᠤᠤᠯ ᠶᠠᠩᠵᠤ ᠶᠢ ᠨᠢ ᠵᠢᠷᠤᠵᠤ᠂ ᠳᠠᠷᠠᠭ᠎ᠠ ᠨᠢ ᠴᠠᠭᠠᠨ ᠬᠤᠰᠤᠨ ᠤ ᠬᠠᠯᠢᠰᠤᠨ ᠳᠠᠪᠬᠤᠷᠭ᠎ᠠ ᠶᠢ ᠰᠡᠬᠦᠵᠦ᠂ ᠬᠠᠶᠢᠴᠢ ᠪᠤᠶᠤ ᠰᠡᠶᠢᠯᠦᠮᠡᠯ ᠢᠶᠠᠷ ᠴᠠᠭᠠᠨ ᠬᠤᠰᠤᠨ ᠤ ᠬᠠᠯᠢᠰᠤᠨ ᠳᠡᠭᠡᠷ᠎ᠡ ᠬᠠᠶᠢᠴᠢᠯᠠᠬᠤ ᠪᠤᠶᠤ ᠰᠡᠶᠢᠯᠵᠦ᠂ ᠨᠢᠭᠡ ᠨᠢᠭᠡ ᠬᠡᠰᠡᠭ ᠵᠢᠵᠢᠭ ᠬᠡ ᠤᠭᠠᠯᠵᠠ ᠶᠢᠨ ᠵᠢᠷᠤᠭ ᠢ ᠵᠢᠷᠤᠵᠤ ᠭᠠᠷᠭᠠᠭᠰᠠᠨ ᠤ ᠲᠠᠷᠠᠭ᠎ᠠ  ᠵᠠᠯᠭᠠᠭᠠᠳᠠᠰᠤ ᠶᠢ ᠨᠢ ᠰᠠᠶᠢᠬᠠᠨ ᠵᠠᠯᠭᠠᠵᠤ ᠨᠠᠭᠠᠨ᠎ᠠ ᠁ ᠢᠩᠭᠢᠭᠡᠳ ᠮᠠᠰᠢ ᠲᠦᠷᠭᠡᠨ ᠢᠶᠠᠷ ᠦᠢᠰᠦᠨ ᠵᠢᠷᠤᠭ ᠢ ᠬᠢᠵᠦ ᠳᠠᠭᠤᠰᠬᠠᠳᠠᠭ ᠶᠤᠮ᠃      ᠦᠢᠰᠦᠨ ᠵᠢᠷᠤᠭ ᠪᠣᠯ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠤ ᠰᠣᠶᠣᠯ ᠤᠨ ᠥᠪ ᠮᠥᠨ᠂ ᠣᠷᠳᠣ ᠤᠳᠠᠭᠠᠨ ᠣᠨ ᠵᠢᠯ ᠤᠨ ᠳᠠᠪᠲᠠᠯᠲᠠ ᠶᠢ ᠥᠩᠭᠡᠷᠡᠭᠡᠭᠡᠳ ᠦᠶ᠎ᠡ ᠶᠢᠨ ᠦᠶ᠎ᠡ ᠳᠤ ᠤᠯᠠᠮᠵᠢᠯᠠᠭᠳᠠᠨ᠂ ᠰᠢᠨ᠎ᠡ ᠴᠠᠭ ᠦᠶ᠎ᠡ ᠳᠤ ᠤᠯᠠᠮ ᠠᠴᠠ ᠤᠯᠠᠮ ᠭᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠨ᠎ᠠ᠃      ᠥᠨᠢ ᠤᠳᠠᠭᠠᠨ ᠲᠡᠦᠬᠡ ᠲᠠᠢ ᠪᠥᠭᠡᠳ      ᠲᠠᠰᠤᠷᠠᠯᠲᠠ ᠦᠭᠡᠢ ᠤᠯᠠᠮᠵᠢᠯᠠᠭᠳᠠᠵᠤ ᠪᠤᠢ      ᠨᠢᠭᠤᠴᠠᠭᠠᠢ ᠲᠠᠯᠳᠠ ᠶᠡᠭᠡ ᠬᠢᠩᠭᠠᠨ ᠳᠠᠪᠠᠭ᠎ᠠ ᠶᠢᠨ ᠭᠦᠨ ᠳᠤ᠂ ᠷᠠᠰᠢᠶᠠᠨ ᠤ ᠲᠡᠷᠡ ᠬᠦ ᠰᠡᠬᠦᠶᠢᠨ ᠰᠦᠨᠳᠡᠷᠯᠡᠭᠰᠡᠨ ᠴᠠᠭᠠᠨ ᠬᠤᠰᠤ ᠮᠣᠳᠣ ᠲᠡᠭᠷᠢ ᠶᠢ ᠴᠢᠭᠯᠡᠨ᠂ ᠡᠭᠦᠯᠡᠨ ᠳᠤ ᠰᠢᠷᠭᠤᠵᠤ᠂ ᠨᠡᠷᠡᠨ ᠤ ᠭᠡᠷᠡᠯ ᠴᠠᠭᠠᠨ ᠬᠤᠰᠤᠨ ᠣᠶ ᠶᠢ ᠨᠡᠪᠲᠡᠯᠬᠦ ᠳᠤ ᠬᠡᠰᠡᠭ ᠬᠡᠰᠡᠭ ᠴᠠᠭᠠᠨ ᠭᠡᠷᠡᠯ ᠭᠡᠷᠡᠯᠳᠤᠨ ᠰᠠᠴᠤᠷᠠᠨ᠎ᠠ᠃      ᠷᠠᠰᠢᠶᠠᠨ ᠤ ᠪᠠᠯᠢᠩ ᠪᠠᠯᠭᠠᠰᠤ ᠶᠢᠨ ᠦᠢᠰᠦᠨ ᠵᠢᠷᠤᠭ ᠨᠢ ᠳᠤᠮᠳᠠᠳᠤ ᠤᠯᠤᠰ ᠤᠨ ᠡᠷᠲᠡᠨ ᠤ ᠨᠡᠭᠦᠳᠡᠯᠴᠢᠨ ᠦᠨᠳᠦᠰᠦᠲᠡᠨ ᠠᠴᠠ ᠡᠭᠦᠰᠦᠯ ᠲᠠᠢ᠃ ᠡᠶᠢᠮᠦᠷᠬᠦᠦ ᠤᠷᠠᠯᠢᠭ ᠤᠨ ᠭᠡᠯᠪᠡᠷᠢ ᠶᠢ ᠡᠷᠲᠡᠨ ᠤ ᠦᠶ᠎ᠡ ᠳᠤ ᠭᠤᠣᠯᠳᠠᠭᠤ ᠮᠠᠶᠢᠬᠠᠨ᠂ ᠰᠠᠪᠠ ᠰᠠᠭᠠᠯᠢ ᠵᠡᠷᠭᠡ ᠠᠮᠢᠳᠤᠷᠠᠯ ᠤᠨ ᠬᠡᠷᠡᠭᠰᠡᠯ ᠢ ᠴᠢᠮᠡᠭᠯᠡᠬᠦ ᠳᠤ ᠬᠡᠷᠡᠭᠯᠡᠵᠦ ᠪᠠᠶᠢᠭᠰᠠᠨ ᠪᠥᠭᠡᠳ ᠱᠠᠰᠢᠨ ᠤ ᠳᠠᠭᠢᠯᠭ᠎ᠠ ᠳᠤ ᠴᠤ ᠬᠡᠷᠡᠭᠯᠡᠵᠦ ᠪᠠᠶᠢᠪᠠ᠃ ᠴᠠᠭ ᠬᠤᠭᠤᠴᠠᠭᠠᠨ ᠤ ᠡᠯᠡᠭᠡᠯᠳᠡ ᠶᠢ ᠳᠠᠭᠠᠯᠳᠤᠨ᠂ ᠪᠠᠯᠢᠩ ᠪᠠᠯᠭᠠᠰᠤ ᠶᠢᠨ ᠦᠢᠰᠦᠨ ᠵᠢᠷᠤᠭ ᠨᠢ ᠠᠭᠠᠵᠢᠮ ᠢᠶᠠᠷ ᠥᠪᠡᠷᠮᠢᠴᠡ ᠬᠡᠪ ᠨᠠᠮᠪᠠ ᠪᠠ ᠣᠨᠴᠠᠯᠢᠭ ᠲᠠᠢ ᠤᠷᠠᠯᠢᠭ ᠤᠨ ᠭᠡᠯᠪᠡᠷᠢ ᠪᠣᠯᠣᠨ ᠬᠥᠭᠵᠢᠵᠡᠢ᠃
     ᠦᠢᠰᠦᠨ ᠵᠢᠷᠤᠭ ︽ᠬᠥᠭᠡᠷᠦᠬᠦᠨ ᠪᠠᠶᠢᠨ᠎ᠠ︾      ᠪᠠᠯᠢᠩ ᠪᠠᠯᠭᠠᠰᠤ ᠶᠢᠨ ᠦᠢᠰᠦᠨ ᠵᠢᠷᠤᠭ ᠨᠢ ᠰᠠᠯᠬᠢᠨ ᠳᠤ ᠥᠭᠢᠷᠡᠭᠰᠡᠨ ᠮᠣᠳᠣ᠂ ᠬᠡᠭᠡᠷ᠎ᠡ ᠶᠢᠨ ᠮᠣᠳᠣ᠂ ᠢᠯᠵᠢᠷᠡᠭᠰᠡᠨ ᠮᠣᠳᠣ ᠵᠡᠷᠭᠡ ᠬᠠᠶᠠᠭᠳᠠᠮᠠᠯ ᠬᠤᠰᠤ   ᠮᠣᠳᠣᠨ ᠤ ᠬᠠᠯᠢᠰᠤ ᠪᠠᠷ ᠲᠦᠭᠦᠬᠡᠢ ᠮᠠᠲ᠋ᠧᠷᠢᠶᠠᠯ ᠪᠤᠯᠭᠠᠵᠤ᠂ ᠵᠣᠷᠭᠤᠬᠤ᠂ ᠬᠤᠰᠤᠬᠤ᠂ ᠰᠢᠲᠠᠭᠠᠬᠤ᠂ ᠬᠠᠭᠠᠷᠢᠬᠤ ᠵᠡᠷᠭᠡ ᠤᠷ᠎ᠠ ᠮᠡᠷᠭᠡᠵᠢᠯ ᠢᠶᠠᠷ ᠮᠣᠳᠣᠨ ᠤ ᠬᠠᠯᠢᠰᠤ ᠶᠢ ᠡᠯᠳᠡᠪ ᠵᠦᠢᠯ ᠤᠨ ᠬᠡ ᠤᠭᠠᠯᠵᠠ ᠪᠠ ᠵᠢᠷᠤᠭ ᠳᠦᠷᠰᠦ ᠲᠠᠢ ᠪᠣᠯᠭᠠᠨ ᠪᠣᠯᠪᠠᠰᠤᠷᠠᠭᠤᠯᠳᠠᠭ᠃ ᠡᠶᠢᠮᠦᠷᠬᠦᠦ ᠤᠷᠠᠯᠢᠭ ᠤᠨ ᠭᠡᠯᠪᠡᠷᠢ ᠨᠢ ᠭᠤᠣᠯ ᠰᠡᠳᠦᠪ ᠤᠨ ᠠᠮᠢᠳᠤᠯᠢᠭ ᠴᠢᠨᠠᠷ ᠪᠠ ᠳᠦᠷᠰᠦᠯᠢᠭ ᠴᠢᠨᠠᠷ ᠢ ᠢᠯᠡᠷᠡᠭᠦᠯᠬᠦ ᠶᠢ ᠡᠷᠬᠢᠮᠨᠡᠳᠡᠭ᠂ ᠵᠢᠱᠢᠶᠡᠯᠡᠪᠡᠯ ᠠᠮᠢᠲᠠᠨ᠂ ᠬᠥᠮᠥᠨ᠂ ᠦᠵᠡᠮᠵᠢ ᠵᠡᠷᠭᠡ ᠨᠢ ᠦᠷᠭᠦᠯᠵᠢ ᠬᠠᠷᠠᠭᠳᠠᠳᠠᠭ ᠪᠦᠲᠦᠭᠡᠯ ᠪᠠᠶᠢᠵᠤ᠂ ᠬᠡᠪ ᠨᠠᠮᠪᠠ  ᠨᠢ ᠣᠮᠣᠭᠯᠠᠩ ᠰᠦᠷᠲᠡᠢ ᠮᠥᠷᠲᠡᠭᠡᠨ ᠨᠡᠭᠦᠳᠡᠯ ᠮᠠᠯᠵᠢᠯ ᠤᠨ ᠦᠨᠳᠦᠰᠦᠲᠡᠨ ᠤ ᠡᠷᠬᠡ ᠴᠢᠯᠦᠭᠡ ᠪᠠ ᠣᠷᠭᠢᠯᠤᠮ᠎ᠠ ᠪᠠᠳᠠᠷᠠᠩᠭᠤᠢ ᠪᠠᠶᠢᠳᠠᠯ ᠢ ᠭᠦᠢᠴᠡᠳ ᠢᠯᠡᠷᠡᠭᠦᠯᠦᠭᠰᠡᠨ ᠶᠤᠮ᠃      ︽ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠰᠢᠭᠤᠶᠢᠲᠤ ᠣᠷᠣᠨ ᠤ ᠣᠶ ᠰᠢᠭᠤᠢ ᠶᠢᠨ ᠦᠢᠯᠡᠰ ᠢ ᠨᠡᠭᠡᠭᠡᠨ ᠬᠥᠭᠵᠢᠭᠦᠯᠬᠦ ᠶᠢ ᠳᠠᠭᠠᠯᠳᠤᠨ᠂ ᠣᠯᠠᠨ ᠬᠥᠮᠥᠰ ᠷᠠᠰᠢᠶᠠᠨ ᠳᠤ ᠰᠠᠭᠤᠷᠢᠰᠢᠨ ᠠᠮᠢᠳᠤᠷᠠᠵᠠᠢ᠂ ᠲᠡᠳᠡ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢᠨ ᠵᠡᠷᠭᠡ ᠳᠤ ᠪᠠᠰᠠ ᠨᠡᠭᠦᠳᠡᠯ ᠮᠠᠯᠵᠢᠯ ᠦᠨᠳᠦᠰᠦᠲᠡᠨ ᠤ ᠬᠤᠰᠤ ᠮᠣᠳᠣᠨ ᠤ ᠬᠠᠯᠢᠰᠤ ᠬᠢᠬᠦ ᠤᠯᠠᠮᠵᠢᠯᠠᠯ ᠢ  ᠦᠷᠭᠦᠯᠵᠢᠯᠡᠭᠦᠯᠵᠦ᠂ ᠬᠤᠰᠤ ᠮᠣᠳᠣᠨ ᠤ ᠬᠠᠯᠢᠰᠤ ᠪᠠᠷ ᠤᠷᠠᠯᠠᠵᠤ ᠬᠢᠭᠰᠡᠨ ᠪᠦᠲᠦᠭᠡᠭᠳᠡᠬᠦᠨ ᠵᠢᠴᠢ ᠡᠭᠦᠨ ᠲᠠᠢ ᠬᠠᠮᠢᠶ᠎ᠠ ᠪᠦᠬᠦᠢ ᠰᠣᠶᠣᠯ ᠨᠢ ᠤᠯᠠᠮ ᠢᠶᠠᠷ ᠰᠢᠭᠤᠶᠢᠲᠤ ᠣᠷᠣᠨ ᠳᠠᠬᠢ ᠠᠷᠠᠳ ᠣᠯᠠᠨ ᠤ ᠴᠢᠬᠤᠯᠠ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠪᠣᠯᠤᠭᠰᠠᠨ ᠤ ᠵᠡᠷᠭᠡ ᠳᠤ ᠪᠠᠰᠠ ᠦᠯᠡᠮᠵᠢ ᠣᠯᠠᠨ ᠬᠤᠰᠤ ᠮᠣᠳᠣᠨ ᠤ ᠬᠠᠯᠢᠰᠤ ᠶᠢ ᠤᠷᠠᠯᠠᠨ ᠬᠢᠬᠦ ᠭᠠᠷ ᠤᠷᠠᠴᠤᠳ ᠴᠣᠯᠭᠤᠷᠠᠨ ᠭᠠᠷᠴᠤ᠂ ᠬᠤᠰᠤ ᠮᠣᠳᠣᠨ ᠤ ᠬᠠᠯᠢᠰᠤ ᠶᠢ ᠤᠷᠠᠯᠠᠨ ᠬᠢᠬᠦ ᠰᠠᠭᠤᠷᠢᠨ ᠳᠡᠭᠡᠷ᠎ᠡ ᠤᠷᠠᠯᠢᠭ ᠤᠨ ᠪᠦᠲᠦᠭᠡᠯ ᠪᠣᠯᠭᠠᠨ ᠵᠣᠬᠢᠶᠠᠨ ᠪᠦᠲᠦᠭᠡᠵᠦ ᠡᠬᠢᠯᠡᠭᠰᠡᠨ ᠪᠠᠶᠢᠨ᠎ᠠ︾ ᠭᠡᠵᠦ ᠯᠢ ᠶᠠᠨ ᠬᠤᠩ ᠶᠠᠷᠢᠵᠤ ᠪᠠᠶᠢᠪᠠ᠃ ᠲᠡᠷᠡ ᠪᠠᠷ᠂ ᠣᠶᠢᠷ᠎ᠠ ᠶᠢᠨ ᠬᠡᠳᠦᠨ ᠵᠢᠯ ᠳᠤ᠂ ᠷᠠᠰᠢᠶᠠᠨ ᠬᠤᠲᠠ ᠶᠢᠨ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠲᠤᠬᠠᠢ ᠶᠢᠨ ᠭᠠᠵᠠᠷ ᠤᠨ ᠣᠨᠴᠠᠯᠢᠭ ᠲᠠᠢ ᠵᠢᠭᠤᠯᠴᠢᠯᠠᠯ ᠤᠨ ᠳᠤᠷᠠᠰᠬᠠᠯ ᠤᠨ ᠡᠳ᠋ ᠢ ᠵᠣᠬᠢᠶᠠᠨ ᠪᠦᠲᠦᠬᠦ ᠶᠢᠨ ᠲᠥᠯᠥᠭᠡ᠂ ᠦᠢᠰᠦᠨ ᠵᠢᠷᠤᠭ ᠢ ᠮᠠᠰᠢ ᠣᠯᠠᠨ ᠰᠢᠭᠤᠶᠢᠲᠤ ᠣᠷᠣᠨ ᠤ ᠣᠨᠴᠠᠯᠢᠭ ᠲᠠᠢ  ᠵᠢᠭᠤᠯᠴᠢᠯᠠᠯ ᠤᠨ ᠲᠠᠸᠠᠷ ᠪᠣᠯᠭᠠᠨ ᠰᠤᠳᠤᠯᠤᠨ ᠪᠦᠲᠦᠭᠡᠵᠦ᠂ ᠵᠢᠭᠤᠯᠴᠢᠯᠠᠭᠴᠢᠳ ᠤᠨ ᠬᠦᠷᠢᠶᠡᠯᠡᠯ ᠢ ᠣᠯᠣᠭᠰᠠᠨ ᠠᠴᠠ ᠲᠡᠳᠡᠨᠡᠷ ᠤᠨ ᠬᠠᠮᠤᠭ ᠠᠴᠠ ᠪᠠᠭ᠋ᠠᠷᠬᠠᠳᠠᠭ ᠵᠢᠭᠤᠯᠴᠢᠯᠠᠯ ᠤᠨ ᠲᠠᠸᠠᠷ ᠤᠨ ᠨᠢᠭᠡ ᠪᠣᠯᠤᠭᠰᠠᠨ ᠪᠠᠶᠢᠨ᠎ᠠ  ᠭᠡᠵᠡᠢ᠃      ᠲᠡᠰᠪᠦᠷᠢ ᠬᠠᠲᠠᠭᠤᠵᠢᠯᠲᠠᠢ ᠵᠣᠬᠢᠶᠠᠨ ᠪᠦᠲᠦᠭᠡᠵᠦ        ᠤᠷ᠎ᠠ ᠮᠡᠷᠭᠡᠵᠢᠯ ᠨᠢ ᠨᠠᠷᠢᠯᠢᠭ ᠭᠤᠶᠤ ᠪᠣᠯᠪᠠ      ᠪᠠᠯᠢᠩ ᠪᠠᠯᠭᠠᠰᠤᠨ ᠤ ᠣᠶ  ᠰᠢᠭᠤᠢ ᠶᠢᠨ ᠪᠦᠷᠬᠦᠴᠡ ᠨᠢ 81.2% ᠲᠤ ᠬᠦᠷᠴᠦ᠂ ᠣᠶ ᠰᠢᠭᠤᠢ ᠢᠭᠴᠤ ᠰᠠᠬᠤᠯᠢᠭ᠂ ᠡᠯ᠎ᠡ ᠲᠦᠷᠦᠯ ᠤᠨ ᠮᠣᠳᠣ ᠨᠡᠩᠳᠡ ᠣᠯᠠᠨ ᠪᠠᠶᠢᠳᠠᠭ ᠠᠴᠠ ᠲᠤᠬᠠᠢ ᠶᠢᠨ ᠭᠠᠵᠠᠷ ᠤᠨ ᠬᠥᠮᠥᠰ ᠵᠤᠯᠭᠠᠷᠠᠵᠤ ᠤᠨᠠᠭᠰᠠᠨ ᠮᠣᠳᠣᠨ ᠤ ᠬᠠᠯᠢᠰᠤ ᠶᠢ ᠲᠡᠭᠦᠵᠦ ᠠᠪᠤᠭᠠᠳ ᠲᠠᠮᠠᠬᠢᠨ ᠬᠠᠶᠢᠷᠴᠠᠭ᠂ ᠳᠠᠪᠤᠰᠤᠨ ᠰᠠᠪᠠ ᠵᠡᠷᠭᠡ ᠠᠮᠢᠳᠤᠷᠠᠯ ᠤᠨ ᠬᠡᠷᠡᠭᠰᠡᠯ ᠪᠣᠯᠭᠠᠨ ᠬᠢᠳᠡᠭ᠃
     ᠦᠢᠰᠦᠨ ᠵᠢᠷᠤᠭ ︽ᠭᠤᠶᠤ ᠬᠡᠦᠬᠡᠨ︾      ᠴᠠᠭᠠᠨ ᠬᠤᠰᠤᠨ ᠤ  ᠬᠠᠯᠢᠰᠤ ᠶᠢᠨ ᠳᠠᠪᠬᠤᠷᠭ᠎ᠠ ᠨᠢ ᠢᠯᠠ ᠲᠣᠳᠣ᠂ ᠥᠩᠭᠡ ᠨᠢ ᠭᠦᠨ ᠠᠴᠠ ᠭᠦᠢᠬᠡᠨ ᠪᠣᠯᠣᠨ ᠬᠤᠪᠢᠷᠠᠬᠤ ᠪᠠᠷ ᠨᠢ ᠪᠤᠰᠤᠳ ᠮᠣᠳᠣᠨ ᠤ ᠬᠠᠯᠢᠰᠤ ᠶᠢᠨ ᠥᠩᠭᠡ ᠠᠴᠠ ᠨᠠᠩ ᠭᠤᠶᠤ ᠬᠠᠷᠠᠭᠳᠠᠳᠠᠭ᠂ ᠡᠶᠢᠮᠦ  ᠶᠢᠨ ᠲᠤᠯᠠᠳᠠ ᠲᠤᠬᠠᠢ ᠶᠢᠨ ᠭᠠᠵᠠᠷ ᠤᠨ ᠡᠮᠡᠭᠲᠡᠶᠢᠴᠦᠳ ᠰᠤᠯᠠ ᠰᠡᠯᠡᠭᠦᠦ ᠴᠠᠭ ᠢᠶᠠᠷ ᠢᠶᠠᠨ ᠦᠷᠭᠦᠯᠵᠢ ᠴᠠᠭᠠᠨ ᠬᠤᠰᠤᠨ ᠤ ᠬᠠᠯᠢᠰᠤ ᠶᠢ ᠱᠠᠭᠠᠯᠤᠨ ᠠᠪᠴᠤ᠂ ᠵᠢᠷᠤᠭ ᠪᠣᠯᠭᠠᠨ ᠬᠠᠶᠢᠴᠢᠯᠠᠨ ᠰᠠᠶᠢᠯᠵᠤ ᠨᠠᠭᠠᠬᠤ᠂ ᠡᠰᠡᠬᠦᠯ᠎ᠡ ᠭᠡᠷ ᠤᠨ ᠴᠢᠮᠡᠭᠯᠡᠯ ᠪᠣᠯᠭᠠᠨ ᠲᠠᠯᠪᠢᠬᠤ ᠪᠤᠶᠤ ᠲᠥᠷᠥᠯ ᠰᠠᠳᠤᠨ ᠨᠠᠶᠢᠵᠢ ᠨᠥᠬᠦᠳ ᠲᠡᠭᠡᠨ ᠪᠡᠯᠡᠭᠯᠡᠳᠡᠭ᠃      ᠯᠢ ᠶᠠᠨ ᠬᠤᠩ  ᠷᠠᠰᠢᠶᠠᠨ ᠬᠤᠳᠠ ᠶᠢᠨ ᠪᠠᠯᠢᠩ ᠪᠠᠯᠭᠠᠰᠤᠨ ᠤ ᠨᠢᠭᠡᠨ ᠤᠢ ᠰᠢᠭᠤᠢ ᠶᠢᠨ ᠠᠵᠢᠯᠴᠢᠨ ᠤ ᠭᠡᠷ‌‍ᠲ᠋ᠦ ᠲᠦᠷᠦᠵᠡᠢ᠂ ᠲᠡᠷᠡ ᠪᠠᠷ ᠬᠠᠷᠠᠬᠠᠨ ᠪᠠᠭ᠎ᠠ‌ᠡᠴᠠ ᠪᠠᠨ ᠠᠬᠠᠮᠠᠳ ᠤᠨ ᠢᠶᠠᠨ ᠨᠥᠯᠥᠭᠡ ᠪᠠᠷ ᠦᠢᠰᠦᠨ ᠵᠢᠷᠤᠭ ᠤᠷᠠᠯᠠᠨ ᠬᠢᠬᠦ ᠳᠤᠷᠠᠲᠠᠢ ᠪᠠᠶᠢᠪᠠ᠃ ︽ᠲᠤᠬᠠᠢ ᠶᠢᠨ ᠦᠶ᠎ᠡ ᠳᠤ ᠬᠥᠮᠥᠰ ᠤᠨ ᠵᠣᠬᠢᠶᠠᠨ ᠪᠦᠲᠦᠭᠡᠭᠰᠡᠨ‌ᠦᠢᠰᠦᠨ ᠵᠢᠷᠤᠭ  ᠨᠢ ᠪᠠᠷᠵᠠᠭᠠᠷ ᠪᠦᠳᠦᠭᠦᠯᠢᠭ ᠪᠠᠶᠢᠵᠤ᠂ ᠬᠡᠷᠡᠭᠯᠡᠭᠡᠨ ᠤ ᠴᠢᠨᠠᠷ ᠢ ᠴᠢᠬᠤᠯᠠᠴᠢᠯᠠᠵᠤ ᠪᠠᠶᠢᠭᠰᠠᠨ ᠠᠴᠠ ᠤᠷᠠᠯᠢᠭ ᠤᠨ ᠴᠢᠨᠠᠷ ᠢᠶᠠᠷ ᠠᠨᠠᠢ ᠪᠠᠶᠢᠭᠰᠠᠨ ᠶᠤᠮ︾ ᠭᠡᠵᠦ ᠯᠢ ᠶᠠᠨ ᠬᠤᠩ ᠶᠠᠷᠢᠨ᠎ᠠ᠃      ᠥᠭᠡᠯᠡᠢ ᠪᠣᠯᠤᠭᠰᠠᠨ ᠤ ᠳᠠᠷᠠᠭ᠎ᠠ᠂ ᠯᠢ ᠶᠠᠨ ᠬᠤᠩ ᠤᠯᠠᠭᠠᠨᠬᠤᠲᠠ ᠳᠤ ᠰᠤᠷᠤᠯᠴᠠᠵᠤ᠂ ᠬᠤᠷᠢᠮᠯᠠᠵᠤ᠂ ᠬᠡᠦᠬᠡᠳ‌‍ᠲ᠋ᠡᠶ ᠪᠣᠯᠵᠤ᠂ ᠠᠳᠡ ᠠᠮᠢᠳᠤᠷᠠᠨ ᠠᠵᠢᠯᠯᠠᠪᠠ᠃ ︽ᠨᠤᠲᠤᠭ ᠠᠴᠠ ᠪᠠᠨ ᠰᠠᠯᠤᠭᠠᠳ 20 ᠭᠠᠷᠤᠢ ᠵᠢᠯ ᠪᠣᠯᠤᠭᠰᠠᠨ ᠪᠤᠯᠪᠠᠴᠤ᠂ ᠪᠢ ᠦᠢᠰᠦᠨ ᠵᠢᠷᠤᠭ ᠵᠢᠷᠤᠬᠤ ᠪᠠᠨ ᠪᠠᠷᠢᠮᠲᠠᠯᠠᠭᠰᠠᠭᠠᠷ ᠢᠷᠡᠭᠰᠡᠨ᠂ ᠭᠠᠷ ᠤᠷᠠᠯᠠᠯ ᠤᠨ ᠤᠷ᠎ᠠ ᠮᠡᠷᠭᠡᠵᠢᠯ ᠡᠳᠦᠷ ᠢᠷᠡᠬᠦᠶ᠎ᠡ ᠰᠠᠶᠢᠵᠢᠷᠠᠵᠤ ᠪᠠᠶᠢᠨ᠎ᠠ ᠭᠡᠬᠦ ᠳᠤ᠂ ᠪᠣᠷᠤᠯᠠᠭᠤᠯᠭ᠎ᠠ ᠶᠢᠨ ᠵᠠᠮ ᠮᠥᠷ ᠦᠭᠡᠢ ᠤᠴᠢᠷ ᠠᠴᠠ ᠳᠡᠮᠡᠢ ᠰᠠᠶᠢᠨ ᠬᠤᠳᠠᠯᠳᠤᠵᠤ ᠳᠡᠶᠢᠯᠭᠦ ᠦᠭᠡᠢ ᠯᠠ ᠪᠠᠶᠢᠨ᠎ᠠ︾ ᠭᠡᠵᠦ ᠯᠢ ᠶᠠᠨ ᠬᠤᠩ ᠰᠠᠨᠠᠭ᠎ᠠ ᠪᠣᠯᠣᠨ ᠶᠠᠷᠢᠵᠤ ᠪᠠᠶᠢᠯ᠎ᠠ᠃
     ᠦᠢᠰᠦᠨ ᠵᠢᠷᠤᠭ ︽ᠮᠢᠨᠤ ᠮᠣᠩᠭᠤᠯ ᠮᠣᠷᠢ︾      2000 ᠣᠨ ᠠᠴᠠ ᠡᠬᠢᠯᠡᠨ ᠪᠠᠶᠢᠳᠠᠯ ᠬᠤᠪᠢᠷᠠᠵᠤ ᠰᠢᠨ᠎ᠡ ᠠᠵᠠ ᠳᠤᠭᠢᠶᠠᠯ ᠢᠯᠡᠷᠡᠪᠡ᠃      ᠤᠯᠤᠰ ᠤᠨ ᠪᠠᠶᠢᠭᠠᠯᠢ ᠶᠢᠨ ᠤᠢ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠭᠰᠡᠨ ᠨᠢ᠂ ᠷᠠᠰᠢᠶᠠᠨ ᠤ ᠰᠢᠭᠤᠶᠢᠲᠤ ᠣᠷᠣᠨ ᠠᠮᠤᠷᠵᠢᠭᠤᠯᠤᠨ ᠰᠡᠷᠭᠦᠭᠡᠵᠦ᠂ ᠡᠭᠦᠨ ᠠᠴᠠ ᠵᠢᠭᠤᠯᠴᠢᠯᠠᠯ ᠤᠨ ᠦᠢᠯᠡᠰ ᠦᠳᠲᠡᠷ ᠲᠦᠷᠭᠡᠨ ᠬᠥᠭᠵᠢᠨ ᠪᠤᠵᠠᠭᠠᠶᠢᠷᠠᠵᠤ᠂ ᠲᠤᠬᠠᠢ ᠶᠢᠨ ᠭᠠᠵᠠᠷ ᠤᠨ ᠴᠥᠭᠡᠨ ᠪᠤᠰᠤ ᠤᠢ ᠰᠢᠭᠤᠢ ᠶᠢᠨ ᠠᠵᠢᠯᠴᠢᠳ ︽ᠮᠣᠳᠣ ᠴᠠᠪᠴᠢᠬᠤ ᠰᠦᠬᠡ ᠪᠠᠨ ᠬᠠᠶᠠᠵᠤ᠂ ᠵᠢᠭᠤᠴᠢᠯᠠᠯ ᠤᠨ ᠭᠠᠵᠠᠷ ᠡᠷᠭᠢᠯᠡᠪᠡ︾᠃ ᠡᠨᠡ ᠦᠶ᠎ᠡ ᠳᠤ ᠯᠢ ᠶᠠᠨ ᠬᠤᠩ ᠴᠤ ᠴᠠᠭ ᠲᠣᠭᠢᠶᠠᠯ ᠢ ᠠᠮᠵᠢᠵᠤ᠂ ᠰᠤᠯᠠ ᠰᠡᠯᠡᠭᠦᠦ ᠴᠠᠭ ᠲᠠᠭᠠᠨ ᠬᠢᠭᠰᠡᠨ ᠦᠢᠰᠦᠨ ᠵᠢᠷᠤᠭ ᠢᠶᠠᠨ ᠪᠤᠰᠤᠳ ᠲᠤ ᠨᠠᠶᠢᠳᠠᠵᠤ ᠨᠤᠲᠤᠭ ᠲᠠᠭᠠᠨ ᠠᠪᠠᠴᠢᠵᠤ ᠬᠤᠳᠠᠯᠳᠤᠭᠤᠯᠪᠠ᠃ ︽ᠮᠢᠨᠤ ᠵᠢᠷᠤᠭᠰᠠᠨ ᠦᠢᠰᠦᠨ ᠵᠢᠷᠤᠭ ᠤᠨ ᠳᠦᠷᠰᠦ ᠪᠦᠲᠦᠭᠡᠯᠲᠡ ᠨᠢ ᠠᠮᠢᠳᠤᠯᠢᠭ᠂ ᠤᠷ᠎ᠠ ᠮᠡᠷᠭᠡᠵᠢᠯ ᠨᠢ ᠨᠠᠷᠢᠯᠢᠭ ᠤᠴᠢᠷ ᠠᠴᠠ ᠵᠢᠭᠤᠯᠴᠢᠯᠠᠬᠰᠠᠳ ᠪᠦᠷ ᠪᠤᠯᠢᠶᠠᠯᠳᠤᠨ ᠬᠤᠳᠠᠯᠳᠤᠨ ᠠᠪᠳᠠᠭ᠂ ᠮᠢᠨᠤ ᠣᠷᠣᠯᠭ᠎ᠠ ᠴᠤ ᠬᠠᠮᠤᠭ ᠤᠨ ᠠᠩᠬᠠᠨ ᠤ ᠨᠢᠭᠡ ᠬᠤᠶᠠᠷ ᠮᠢᠩᠭᠠᠨ ᠲᠥᠭᠦᠷᠢᠭ ᠪᠠᠶᠢᠭᠰᠠᠨ ᠠᠴᠠ ᠪᠠᠨ ᠲᠤᠯᠤᠭ᠎ᠠ ᠨᠠᠢᠮᠠᠨ ᠮᠢᠩᠭᠠᠨ ᠲᠥᠭᠦᠷᠢᠭ ᠪᠣᠯᠣᠨ ᠨᠡᠮᠡᠭᠳᠡᠭᠰᠡᠨ ᠰᠢᠤ︾ ᠭᠡᠵᠦ ᠯᠢ ᠶᠠᠨ ᠬᠤᠩ ᠪᠠᠶᠠᠷᠲᠠᠶᠢᠬᠠᠨ ᠶᠠᠷᠢᠨ᠎ᠠ᠃      2018 ᠣᠨ ᠤ 5 ᠰᠠᠷ᠎ᠠ ᠳᠤ᠂ ᠪᠠᠯᠢᠩ ᠪᠠᠯᠭᠠᠰᠤᠨ ᠤ ᠨᠢᠭᠡᠨ ᠰᠣᠶᠣᠯ ᠤᠨ ᠠᠵᠤ ᠦᠢᠯᠡᠰ ᠤᠨ ᠺᠤᠮᠫᠠᠨᠢ ᠶᠢᠨ ᠤᠷᠢᠯᠭ᠎ᠠ ᠪᠠᠷ᠂ ᠯᠢ ᠶᠠᠨ ᠬᠤᠩ ᠨᠤᠲᠤᠭ ᠲᠠᠭᠠᠨ ᠪᠤᠴᠠᠨ ᠲᠣᠰ ᠺᠤᠮᠫᠠᠨᠢ ᠶᠢᠨ ᠨᠢᠭᠡᠨ ᠭᠡᠰᠢᠭᠦᠨ ᠪᠣᠯᠵᠤ᠂ ᠦᠢᠰᠦᠨ ᠵᠢᠷᠤᠭ ᠤᠨ ᠯᠧᠺᠲ᠋ᠣᠷ ᠤᠨ ᠬᠤᠪᠢ ᠪᠠᠷ ᠲᠤᠰᠬᠠᠶᠢᠯᠠᠨ ᠦᠢᠰᠦᠨ ᠵᠢᠷᠤᠭ ᠤᠨ ᠵᠣᠬᠢᠶᠠᠨ ᠪᠦᠲᠦᠭᠡᠯᠭᠡ ᠶᠢ  ᠬᠢᠵᠦ ᠡᠬᠢᠯᠡᠵᠡᠢ᠃ ᠲᠤᠰ ᠵᠢᠯ ᠤᠨ ᠬᠢᠨ ᠰᠡᠭᠦᠯᠴᠢ ᠪᠠᠷ᠂ ᠪᠠᠯᠢᠩ ᠪᠠᠯᠭᠠᠰᠤ ᠶᠢᠨ ᠦᠢᠰᠦᠨ ᠵᠢᠷᠤᠭ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠢᠶᠠᠷ ᠵᠥᠪᠰᠢᠶᠡᠷᠡᠭᠳᠡᠪᠡ᠃      ᠤᠯᠠᠨ ᠲᠠᠯ᠎ᠠ ᠶᠢᠨ ᠮᠡᠳᠡᠯᠭᠡ ᠶᠢ ᠰᠤᠷᠤᠯᠴᠠᠵᠤ      ᠰᠢᠯᠢᠳᠡᠭ ᠢ ᠨᠢ ᠰᠢᠩᠭᠡᠭᠡᠵᠦ ᠠᠪᠤᠪᠠ      ᠦᠢᠰᠦᠨ ᠵᠢᠷᠤᠭ ᠤᠨ ᠯᠧᠺᠲ᠋ᠣᠷ ᠪᠣᠯᠤᠭᠰᠠᠨ ᠤ ᠳᠠᠷᠠᠭ᠎ᠠ᠂ ᠯᠢ ᠶᠠᠨ ᠬᠤᠩ ᠪᠦᠭᠦ ᠰᠡᠳᠬᠢᠯ ᠢᠶᠠᠷ ᠢᠶᠠᠨ ᠦᠢᠰᠦᠨ ᠵᠢᠷᠤᠭ ᠤᠨ ᠵᠣᠬᠢᠶᠠᠨ ᠪᠦᠲᠦᠭᠡᠯᠭᠡ ᠬᠢᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠬᠤᠶᠠᠷ ᠭᠤᠷᠪᠠᠨ ᠰᠠᠷ᠎ᠠ ᠳᠤ ᠬᠡᠳᠦᠨ ᠵᠦᠢᠯ ᠤᠨ ᠰᠢᠨ᠎ᠡ ᠪᠦᠲᠦᠭᠡᠭᠳᠡᠬᠦᠨ ᠢ ᠤᠷᠠᠯᠠᠨ ᠪᠦᠲᠦᠭᠡᠵᠦ ᠪᠠᠶᠢᠪᠠ᠃      ︽ᠴᠠᠭᠠᠨ ᠬᠤᠰᠤᠨ ᠤ ᠬᠠᠯᠢᠰᠤ ᠨᠢ ᠨᠠᠷᠢᠨ ᠨᠢᠭᠲᠠ᠂ ᠬᠥᠨᠳᠡᠯᠡᠨ ᠭᠤᠯᠳᠤ ᠪᠠᠷ ᠣᠷᠣ ᠮᠥᠷ ᠦᠭᠡᠢ᠂ ᠮᠠᠰᠢ ᠤᠶᠠᠨ ᠬᠠᠳᠠᠨ ᠴᠢᠨᠠᠷ ᠲᠠᠢ᠂ ᠭᠠᠷ ᠲᠠᠭᠠᠨ ᠠᠳᠬᠤᠪᠠᠯ ᠶᠠᠭ ᠯᠠ ᠠᠮᠢᠲᠠᠨ ᠤ ᠠᠷᠠᠰᠤ ᠰᠢᠭ᠋ ᠴᠢᠨᠠᠷ ᠤᠨ ᠮᠡᠳᠡᠷᠡᠮᠵᠢ ᠲᠠᠢ ᠪᠠᠶᠢᠵᠤ᠂ ᠦᠢᠰᠦᠨ ᠵᠢᠷᠤᠭ ᠬᠢᠬᠦ ᠳᠤ ᠮᠠᠰᠢ ᠲᠣᠬᠢᠷᠠᠮᠵᠢᠲᠠᠢ ᠪᠠᠶᠢᠳᠠᠭ᠂ ᠥᠩᠭᠡᠷᠡᠭᠰᠡᠨ ᠳᠤ ᠴᠠᠭᠠᠨ ᠬᠤᠰᠤᠨ ᠤ ᠬᠠᠯᠢᠰᠤ ᠶᠢᠨ ᠵᠤᠵᠠᠭᠠᠨ ᠨᠢ ᠲᠠᠪᠤ ᠵᠢᠷᠭᠤᠭᠠᠨ ᠳᠠᠪᠬᠤᠷ ᠯᠠ  ᠪᠠᠶᠢᠵᠠᠢ᠂ ᠣᠳᠣ ᠪᠢᠳᠡ 40 ᠭᠠᠷᠤᠢ ᠳᠠᠪᠬᠤᠷ ᠪᠣᠯᠭᠠᠨ ᠨᠡᠭᠡᠭᠡᠨ ᠬᠥᠭᠵᠢᠭᠦᠯᠦᠭᠰᠡᠨ ᠪᠠᠶᠢᠨ᠎ᠠ︾ ᠭᠡᠵᠦ ᠯᠢ ᠶᠠᠨ ᠬᠤᠩ ᠶᠠᠷᠢᠨ᠎ᠠ᠃ ᠲᠠᠷᠠ ᠪᠠᠰᠠ ᠬᠡᠯᠡᠬᠦ ᠳᠡᠭᠡᠨ᠂  ᠬᠤᠰᠤ ᠮᠣᠳᠣᠨ ᠤ ᠬᠠᠯᠢᠰᠤ ᠶᠢᠨ ᠳᠠᠪᠬᠤᠷᠭ᠎ᠠ ᠪᠦᠭᠦᠨ ᠨᠢ ᠴᠠᠭᠠᠰᠤ ᠠᠴᠠ ᠨᠢᠮᠭᠡᠨ᠂ ᠥᠩᠭᠡ ᠪᠤᠳᠤᠭ ᠨᠢ ᠴᠦ ᠠᠳᠠᠯᠢ ᠦᠭᠡᠢ ᠪᠠᠶᠢᠵᠤ᠂ ᠮᠥᠩᠭᠦᠨ ᠦᠨᠡᠰᠦᠨ ᠥᠩᠭᠡ᠂ ᠴᠠᠶᠢᠪᠤᠷ᠂  ᠴᠠᠭᠠᠨ᠂ ᠪᠣᠷᠣ᠂ ᠶᠠᠭᠠᠨ ᠠᠯᠲᠠᠠ ᠥᠩᠭᠡ᠂ ᠴᠠᠶᠢᠪᠤᠷ ᠨᠣᠭᠤᠭᠠᠨ᠂ ᠦᠨᠡᠰᠦᠨ ᠤᠯᠠᠪᠢᠷ᠂ ᠰᠢᠷᠣᠢ ᠶᠢᠨ ᠰᠢᠷ᠎ᠠ ᠵᠡᠷᠭᠡ ᠥᠩᠭᠡ ᠪᠤᠳᠤᠭ ᠲᠠᠢ ᠪᠠᠶᠢᠵᠤ᠂ ᠦᠢᠰᠦᠨ ᠵᠢᠷᠤᠭ ᠤᠨ ᠵᠣᠬᠢᠶᠠᠨ ᠪᠦᠲᠦᠭᠡᠯᠭᠡ ᠶᠢᠨ ᠭᠡᠯᠪᠡᠷᠢ ᠪᠠ ᠠᠭᠤᠯᠭ᠎ᠠ ᠶᠢ ᠪᠠᠶᠠᠯᠢᠭᠵᠢᠭᠤᠯᠤᠭᠰᠠᠨ ᠪᠠᠶᠢᠨ᠎ᠠ᠃
     ᠦᠢᠰᠦᠨ ᠵᠢᠷᠤᠭ ︽ᠬᠠᠮᠲᠤ ᠳᠠᠭᠠᠨ︾      ᠪᠡᠶ᠎ᠡ ᠪᠠᠨ ᠳᠠᠭᠠᠭᠠᠵᠤ ᠰᠢᠨ᠎ᠡ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢᠨ ᠬᠠᠮᠲᠤ᠂ ᠯᠢ ᠶᠠᠨ ᠬᠤᠩ ᠪᠠᠰᠠ ᠪᠡᠭᠡᠵᠢᠩ ᠤᠨ ᠬᠤᠪᠴᠠᠰᠤᠨ ᠤ ᠳᠡᠭᠡᠳᠦ  ᠰᠤᠷᠭᠠᠭᠤᠯᠢ ᠶᠢᠨ ᠤᠯᠠᠨ ᠪᠠᠭᠰᠢ ᠨᠠᠷ ᠠᠴᠠ ᠤᠷᠠᠨ ᠵᠢᠷᠤᠭ᠂ ᠭᠠᠷ ᠤᠷᠠᠯᠠᠯ ᠵᠡᠷᠭᠡ ᠲᠠᠯ᠎ᠠ ᠶᠢᠨ ᠮᠡᠳᠡᠯᠭᠡ ᠶᠢ ᠣᠯᠠᠨᠲᠠ ᠰᠤᠷᠤᠯᠴᠠᠪᠠ᠃ ᠪᠠᠭᠰᠢ ᠨᠠᠷ ᠤᠨ ᠲᠤᠰᠬᠠᠢ ᠮᠡᠷᠭᠡᠵᠢᠯ ᠤᠨ ᠬᠢᠴᠢᠶᠡᠯ ᠨᠢ ᠯᠢ ᠶᠠᠨ ᠬᠤᠩ ᠤᠨ ᠦᠢᠰᠦᠨ ᠵᠢᠷᠤᠭ ᠢ ᠵᠣᠬᠢᠶᠠᠨ ᠪᠦᠲᠦᠭᠡᠬᠦ ᠳᠤ ᠰᠡᠳᠬᠢᠮᠵᠢ ᠶᠢ ᠨᠢ ᠨᠠᠩ ᠠᠮᠢᠳᠤᠯᠢᠭ᠂ ᠬᠠᠷᠠᠭ᠎ᠠ   ᠶᠢ ᠨᠢ ᠨᠠᠩ ᠥᠷᠭᠡᠨ ᠪᠤᠯᠭᠠᠵᠣ᠂ ᠤᠯᠠᠮᠵᠢᠯᠠᠯᠲᠤ ᠦᠢᠰᠦᠨ ᠵᠢᠷᠤᠭ ᠲᠤ ᠨᠠᠩ ᠣᠯᠠᠨ ᠰᠢᠨ᠎ᠡ ᠭᠡᠯᠪᠡᠷᠢ ᠶᠢᠨ ᠡᠯᠧᠮᠧᠨ᠋ᠲ ᠢ ᠠᠭᠤᠰᠬᠠᠵᠤ ᠣᠷᠣᠭᠤᠯᠤᠭᠰᠠᠨ ᠪᠠᠶᠢᠨ᠎ᠠ᠃      ︽ᠡᠷᠲᠡ ᠦᠶ᠎ᠡ ᠶᠢᠨ ᠦᠢᠰᠦᠨ ᠵᠢᠷᠤᠭ ᠢ ᠵᠥᠪᠭᠡᠨ ᠮᠣᠳᠣᠨ ᠤ ᠬᠠᠯᠢᠰᠤ ᠪᠠᠷ ᠤᠷᠠᠯᠠᠳᠠᠭ᠂ ᠭᠠᠷ ᠤᠷᠠᠯᠠᠯ ᠨᠢ ᠪᠤᠳᠤᠯᠢᠶᠠᠨ ᠲᠠᠢ ᠮᠥᠷᠲᠡᠭᠡᠨ ᠤᠤᠯ ᠠᠴᠠ ᠪᠠᠨ ᠬᠤᠯᠠ ᠦᠵᠡᠮᠦᠷᠢᠲᠡᠢ ᠪᠣᠯᠤᠭᠰᠠᠨ᠂ ᠣᠲᠣ ᠪᠢᠳᠡ ᠠᠳᠠᠯᠢ ᠪᠤᠰᠤ ᠵᠢᠷᠤᠭ ᠤᠨ ᠱᠠᠭᠠᠷᠳᠠᠯᠭ᠎ᠠ ᠶᠢ ᠦᠨᠳᠦᠰᠦᠯᠡᠨ᠂ ᠪᠣᠷᠣ ᠵᠢᠷᠤᠭ᠂ ᠲᠣᠰᠣᠨ ᠪᠤᠳᠤᠭ ᠤᠨ ᠵᠢᠷᠤᠭ ᠵᠡᠷᠭᠡ ᠶᠢᠨ ᠠᠷᠭ᠎ᠠ ᠪᠠᠷᠢᠯ ᠢ ᠬᠡᠷᠡᠭᠯᠡᠨ᠂ ᠤᠰᠤᠨ ᠨᠤᠨᠳᠠᠭ ᠢᠶᠠᠷ ᠵᠢᠷᠤᠭᠠᠰᠤ ᠵᠢᠷᠤᠵᠤ᠂ ᠵᠢᠩ ᠲᠠᠢ ᠯᠠᠨ ᠢᠶᠠᠷ ᠴᠢᠮᠬᠢᠨ ᠴᠢᠮᠡᠭᠰᠡᠨ ᠤᠲᠠᠰᠤ᠂ ᠱᠠ ᠮᠠᠲ᠋ᠧᠷᠢᠶᠠᠯ ᠵᠡᠷᠭᠡ ᠡᠯᠧᠮᠧᠨ᠋ᠲ ᠢ ᠨᠡᠮᠡᠵᠦ᠂ ᠪᠦᠭᠦᠶᠢᠯᠡ ᠵᠢᠷᠤᠭ ᠳᠦᠷᠰᠦ ᠨᠢ ᠮᠠᠰᠢ ᠠᠮᠢᠳᠤᠯᠢᠭ ᠪᠡᠶᠡᠲᠦ ᠪᠣᠯᠤᠭᠰᠠᠨ ᠪᠠᠶᠢᠨ᠎ᠠ︾ᠭᠡᠵᠦ ᠯᠢ ᠶᠠᠨ ᠬᠤᠩ  ᠶᠠᠷᠢᠬᠤ ᠶᠢᠨ ᠳᠠᠭᠠᠤ᠂ ᠡᠭᠦᠨ ᠠᠴᠠ ᠭᠠᠳᠠᠨ᠎ᠠ ᠪᠢᠳᠡ ᠪᠠᠰᠠ ᠤᠯᠠᠮᠵᠢᠯᠠᠯᠲᠤ ᠴᠡᠴᠡᠭ ᠰᠢᠪᠠᠭᠤ᠂ ᠠᠭᠤᠯᠠ ᠤᠰᠤ᠂ ᠬᠥᠮᠥᠨ ᠤ ᠳᠦᠷᠢ ᠶᠢ ᠳᠤᠮᠳᠠᠳᠤ ᠤᠯᠤᠰ ᠤᠨ ᠣᠨᠴᠠᠯᠢᠭ ᠲᠠᠢ᠂ ᠮᠣᠩᠭᠤᠯ ᠦᠨᠳᠦᠰᠦᠲᠡᠨ ᠤ ᠡᠯᠧᠮᠧᠨ᠋ᠲ ᠵᠢᠴᠢ ᠰᠢᠭᠤᠶᠢᠲᠤ ᠣᠷᠣᠨ ᠤ ᠣᠨᠴᠠᠯᠢᠭ ᠲᠠᠢ ᠠᠭᠤᠰᠤᠯᠴᠠᠭᠤᠯᠤᠨ ᠵᠣᠬᠢᠶᠠᠨ ᠪᠦᠲᠦᠭᠡᠵᠦ᠂ ᠤᠷᠠᠯᠢᠭᠴᠢ ᠴᠢᠨᠠᠷ ᠢ ᠳᠡᠭᠡᠭᠰᠢᠯᠡᠭᠦᠯᠵᠡᠢ ᠭᠡᠪᠡ᠃      ᠰᠢᠨ᠎ᠡ ᠮᠠᠶ᠋ᠢᠭ ᠤᠨ ᠵᠢᠷᠤᠭ ᠲᠥᠯᠥᠪᠯᠡᠭᠡ᠂ ᠬᠤᠪᠢᠷᠠᠯᠲᠠ ᠶᠡᠬᠡᠲᠡᠢ ᠥᠩᠭᠡ ᠪᠤᠳᠤᠭ ᠪᠦᠬᠦᠢ  ᠪᠠᠯᠢᠩ ᠪᠠᠯᠭᠠᠰᠤ ᠶᠢᠨ ᠦᠢᠰᠦᠨ ᠵᠢᠷᠤᠭ ᠨᠢ ᠤᠯᠠᠮ ᠠᠴᠠ ᠣᠯᠠᠨ ᠵᠢᠭᠤᠯᠴᠢᠯᠠᠭᠴᠢᠳ ᠤᠨ ᠪᠠᠭ᠋ᠠᠷᠬᠠᠯ ᠢ ᠲᠠᠲᠠᠵᠤ᠂ ᠪᠣᠷᠣᠯᠠᠭᠤᠯᠤᠯᠲᠠ ᠶᠢᠨ ᠬᠡᠮᠵᠢᠶ᠎ᠡ ᠨᠢ ᠴᠦ ᠶᠡᠭᠡ ᠪᠠᠷ ᠨᠡᠮᠡᠭᠳᠡᠪᠡ᠂ ᠨᠢᠳᠤᠨᠤᠨ ᠨᠢᠭᠡ ᠯᠡ ᠵᠢᠯ ᠳᠤ ᠺᠤᠮᠫᠠᠨᠢ ᠶᠢᠨ ᠦᠢᠰᠦᠨ ᠵᠢᠷᠤᠭ ᠤᠨ ᠪᠣᠷᠣᠯᠠᠭᠤᠯᠤᠯᠲᠠ ᠶᠢᠨ ᠬᠡᠮᠵᠢᠶ᠎ᠡ 50 ᠭᠠᠷᠤᠢ ᠲᠦᠮᠡᠨ ᠲᠥᠭᠦᠷᠢᠭ ᠲᠤ ᠬᠦᠷᠴᠡᠢ᠃      ᠣᠳᠣ ᠯᠢ ᠶᠠᠨ ᠬᠤᠩ ᠬᠠᠮᠲᠤ ᠠᠵᠢᠯᠯᠠᠭᠰᠠᠳ ᠲᠠᠢ ᠪᠠᠨ ᠦᠢᠰᠦᠨ ᠵᠢᠷᠤᠭ ᠤᠨ ᠲᠥᠷᠥᠯ ᠵᠦᠢᠯ ᠢ ᠥᠷᠭᠡᠳᠬᠡᠵᠦ᠂ ᠨᠢᠭᠡᠨᠲᠡ ᠡᠭᠡᠮᠦᠭ᠂ ᠪᠠᠭᠤᠳᠠᠯ ᠤᠨ ᠵᠥᠭᠡᠯᠡᠨ ᠴᠢᠮᠡᠭᠯᠡᠯ ᠵᠢᠴᠢ ᠰᠣᠶᠣᠯ ᠤᠨ ᠡᠭᠦᠳᠦᠯᠲᠡ ᠶᠢᠨ ᠬᠡᠷᠡᠭᠰᠡᠯ ᠵᠡᠷᠭᠡ ᠣᠯᠠᠨ ᠵᠦᠢᠯ ᠤᠨ ᠭᠡᠯᠪᠡᠷᠢ ᠪᠦᠬᠦᠢ ᠪᠦᠲᠦᠭᠡᠭᠳᠡᠬᠦᠨ ᠪᠣᠯᠭᠠᠨ ᠬᠥᠭᠵᠢᠭᠦᠯᠦᠭᠰᠡᠨ ᠪᠠᠶᠢᠨ᠎ᠠ᠃      ︽ᠦᠢᠰᠦᠨ ᠵᠢᠷᠤᠭ ᠪᠣᠯ ᠡᠬᠡ ᠪᠠᠶᠢᠭᠠᠯᠢ ᠶᠢᠨ ᠪᠡᠯᠡᠭ ᠶᠤᠮ᠂ ᠪᠢᠳᠡ ᠲᠡᠭᠦᠨ ᠤ ᠤᠤᠯ ᠦᠨᠦᠷ ᠠᠮᠲᠠ ᠶᠢ ᠨᠢ ᠬᠠᠳᠠᠭᠠᠯᠠᠬᠤ ᠪᠠᠷ ᠪᠠᠷᠠᠬᠤ ᠦᠭᠡᠢ ᠰᠢᠨ᠎ᠡ ᠮᠠᠶ᠋ᠢᠭ ᠤᠨ ᠦᠨᠦᠷ ᠠᠮᠲᠠ ᠲᠠᠢ ᠪᠤᠯᠭᠠᠬᠤ ᠶᠢ ᠬᠦᠰᠡᠵᠦ ᠪᠠᠶᠢᠨ᠎ᠠ᠂ ᠢᠩᠭᠢᠪᠡᠯ ᠦᠢᠰᠦᠨ ᠵᠢᠷᠤᠭ ᠰᠠᠶ᠋ᠢ ᠥᠨᠢ ᠤᠳᠠᠭᠠᠨ ᠬᠥᠭᠵᠢᠵᠦ ᠴᠢᠳᠠᠨ᠎ᠠ︾ ᠭᠡᠵᠦ ᠯᠢ ᠶᠠᠨ ᠬᠤᠩ ᠶᠠᠷᠢᠨ᠎ᠠ᠃      ︵ᠳᠠᠭᠠᠯᠳᠤᠭᠤᠯᠤᠭᠰᠠᠨ ᠵᠢᠷᠤᠭ ᠢ ᠴᠥᠮ ᠯᠢ ᠶᠠᠨ ᠬᠤᠩ ᠬᠠᠩᠭᠠᠪᠠ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号