ᠭᠦᠭᠡᠬᠤᠲᠠ ᠶᠢᠨ ᠳᠡᠯ ᠠᠭᠤᠯᠠᠨ ᠤ ᠴᠠᠰᠤᠨ ᠳᠤ ᠭᠤᠯᠭᠤᠬᠤ ᠲᠠᠯᠠᠪᠠᠶ ᠳᠤ ᠴᠠᠰᠤᠨ ᠳᠤ ᠭᠤᠯᠭᠤᠬᠤ ᠪᠠᠭ᠋ᠠᠲᠠᠳ ᠤᠷᠤᠯᠳᠤᠭᠠᠨ ᠳᠤ ᠭᠠᠪᠰᠢᠭᠠᠶᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2024/3/4
     2 ᠰᠠᠷ᠎ᠠ ᠶᠢᠨ 29 ᠤ ᠡᠳᠦᠷ᠂ ︽ᠮᠥᠰᠥ ᠴᠠᠰᠤᠨ ᠤ ᠵᠡᠭᠦᠳᠦ·ᠡᠷᠡᠭᠦᠯ ᠮᠡᠨᠳᠦ ᠶᠢᠨ ᠵᠡᠭᠦᠳᠦ· ᠳᠤᠮᠳᠠᠳᠤ ᠶᠢᠨ ᠵᠡᠭᠦᠳᠦ︾ ᠮᠥᠰᠥ ᠴᠠᠰᠤᠨ ᠤ ᠨᠠᠶᠢᠷ ᠵᠢᠴᠢ 2023 -- 2024 ᠥᠪᠥᠷ ᠮᠣᠩᠭᠤᠯ ᠤᠨ ᠣᠯᠠᠨ ᠲᠦᠮᠡᠨᠴᠢ ᠰᠣᠨᠢᠷᠬᠠᠯᠳᠤ ᠴᠠᠨᠠᠯᠠᠬᠤ ᠤᠷᠤᠯᠳᠤᠭᠠᠨ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ᠲᠥᠷᠥᠯ ᠵᠦᠢᠯ ᠲᠣᠬᠢᠷᠠᠭᠤᠯᠬᠤ ᠲᠠᠯ᠎ᠠ ᠪᠠᠷ ᠤᠷᠤᠯᠳᠤᠭᠠᠨ ᠤ ᠴᠢᠨᠠᠷ ᠪᠠ ᠵᠤᠭ᠎ᠠ ᠴᠡᠩᠭᠡᠯ ᠤᠨ ᠴᠢᠨᠠᠷ ᠢ ᠤᠶᠠᠯᠳᠤᠭᠤᠯᠵᠤ᠂ ᠴᠠᠰᠤᠨ ᠳᠤ ᠭᠤᠯᠭᠤᠬᠤ ᠴᠠᠭ ᠲᠣᠭᠲᠠᠭᠠᠬᠤ ᠤᠷᠤᠯᠳᠤᠭᠠᠨ᠂ ᠥᠷᠥᠮᠳᠡᠭᠦᠷ ᠤᠨ ᠤᠷᠤᠯᠳᠤᠭᠠᠨ᠂ ᠰᠠᠭᠠᠳ ᠳᠠᠪᠠᠭ᠋ᠤ ᠤᠷᠤᠯᠳᠤᠭᠠᠨ ᠵᠡᠷᠭᠡ 3 ᠲᠥᠷᠥᠯ ᠵᠦᠢᠯ ᠢ ᠲᠣᠬᠢᠷᠠᠭᠤᠯᠵᠤ᠂ ᠨᠡᠶᠢᠲᠡ 400 ᠭᠠᠷᠤᠢ ᠬᠥᠮᠥᠨ ᠣᠷᠣᠯᠴᠠᠵᠠᠢ᠃ ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ ᠨᠠᠩ ᠠᠷᠪᠢᠨ ᠣᠯᠠᠨ ᠲᠦᠮᠡᠨ ᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠪᠠ᠃ ᠵᠢᠷᠤᠭ ᠪᠣᠯ ᠳᠤᠰ ᠡᠳᠦᠷ᠂ ᠭᠦᠭᠡᠬᠤᠲᠠ ᠶᠢᠨ ᠳᠡᠯ ᠠᠭᠤᠯᠠᠨ ᠤ ᠴᠠᠰᠤᠨ ᠳᠤ ᠭᠤᠯᠭᠤᠬᠤ ᠲᠠᠯᠠᠪᠠᠶ ᠳᠤ ᠴᠠᠰᠤᠨ ᠳᠤ ᠭᠤᠯᠭᠤᠬᠤ ᠪᠠᠭ᠋ᠠᠲᠠᠳ ᠤᠷᠤᠯᠳᠤᠭᠠᠨ ᠳᠤ ᠭᠠᠪᠰᠢᠭᠠᠶᠢᠯᠠᠵᠤ ᠪᠠᠶᠢᠭ᠎ᠠ ᠨᠢ᠃        ᠲᠤᠰ ᠰᠣᠨᠢᠨ ᠤ ᠰᠤᠷᠪᠤᠯᠵᠢᠯᠠᠬᠴᠢ ᠬᠤᠶᠢᠳᠤᠠᠤᠯᠤᠰ ᠰᠡᠭᠦᠳᠡᠷᠯᠡᠪᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号