| | ᠭᠠᠵᠠᠷ ᠪᠣᠯᠭᠠᠨ ᠳᠤ ᠪᠦᠷ ᠥᠪᠡᠷᠮᠢᠴᠡ ᠡᠳ᠋ ᠭᠠᠷᠤᠯᠲᠠ ᠲᠠᠢ ᠪᠠᠶᠢᠵᠤ᠂ ᠲᠡᠷᠡ ᠨᠢ ᠤᠳᠠᠭᠠᠨ ᠵᠢᠯ ᠤᠨ | ᠤᠯᠠᠷᠢᠨ ᠬᠥᠭᠵᠢᠬᠦ ᠶᠠᠪᠤᠴᠠ ᠳᠤ ᠥᠪᠡᠷᠮᠢᠴᠡ ᠲᠡᠦᠬᠡ ᠰᠣᠶᠣᠯ ᠤᠨ ᠠᠭᠤᠯᠬᠤᠨ ᠲᠠᠢ ︽ᠨᠤᠲᠤᠭ ᠤᠨ ᠣᠨᠴᠠ | ᠭᠠᠷᠤᠯᠲᠠ︾ ᠪᠣᠯᠵᠤ ᠪᠦᠷᠢᠯᠳᠦᠳᠡᠭ ᠶᠤᠮ᠃ ᠨᠤᠲᠤᠭ ᠤᠨ ᠣᠨᠴᠠ ᠭᠠᠷᠤᠯᠲᠠ ᠨᠢ ᠣᠷᠣᠨ ᠨᠤᠲᠤᠭ ᠤᠨ ᠳᠠᠪᠠᠭᠤᠯᠢᠭ | ᠲᠠᠢ ᠪᠥᠭᠡᠳ ᠭᠠᠵᠠᠷ ᠵᠦᠢ ᠶᠢᠨ ᠪᠠᠶᠢᠷᠢᠰᠢᠯ᠂ ᠠᠭᠤᠷ ᠠᠮᠢᠰᠬᠤᠯ ᠵᠡᠷᠭᠡ ᠭᠠᠵᠠᠷ ᠣᠷᠣᠨ ᠤ ᠥᠪᠡᠷᠮᠢᠴᠡ ᠣᠨᠴᠠᠯᠢᠭ | ᠪᠠ ᠲᠤᠬᠠᠢ ᠶᠢᠨ ᠭᠠᠵᠠᠷ ᠤᠨ ᠬᠥᠮᠥᠰ ᠤᠨ ᠵᠠᠩ ᠦᠢᠯᠡ ᠶᠢ ᠬᠠᠮᠤᠭ ᠠᠴᠠ ᠢᠯᠡᠭᠦᠦ ᠢᠯᠡᠷᠡᠭᠦᠯᠵᠦ ᠴᠢᠳᠠᠳᠠᠭ ᠶᠤᠮ᠃ | | | | ᠠᠭᠤᠯᠠ ᠣᠶᠢᠷ᠎ᠠ ᠰᠠᠭᠤᠭᠰᠠᠨ ᠬᠥᠮᠥᠨ ᠮᠣᠳᠣ ᠲᠦᠯᠡᠵᠦ᠂ ᠤᠰᠤ ᠣᠶᠢᠷ᠎ᠠ ᠰᠠᠭᠤᠭᠰᠠᠨ ᠬᠥᠮᠥᠨ ᠵᠢᠭᠠᠰᠤ | ᠢᠳᠡᠨ᠎ᠡ ᠭᠡᠳᠡᠭ ᠢᠶᠠᠷ ᠪᠢᠳᠡ ᠣᠷᠴᠢᠨ ᠨᠥᠬᠦᠴᠡᠯ ᠤᠨ ᠢᠶᠠᠨ ᠠᠰᠢᠭ ᠢ ᠵᠠᠪᠠᠯ ᠥᠪᠡᠷ ᠢᠶᠠᠨ ᠤᠷᠢᠳ ᠢᠶᠠᠷ ᠡᠳ᠋ᠯᠡᠵᠦ | ᠴᠢᠳᠠᠭᠰᠠᠨ ᠪᠠᠶᠢᠬᠤ ᠬᠡᠷᠡᠭᠲᠡᠢ᠂ ᠡᠭᠦᠨ ᠳᠤ ᠨᠤᠲᠤᠭ ᠤᠨ ᠣᠨᠴᠠ ᠭᠠᠷᠤᠯᠲᠠ ᠪᠠᠨ ᠠᠯᠳᠠᠷᠰᠢᠭᠤᠯᠵᠤ᠂ ᠨᠤᠲᠤᠭ ᠤᠨ | ᠣᠨᠴᠠ ᠭᠠᠷᠤᠯᠲᠠ ᠶᠢᠨ ᠠᠵᠤ ᠦᠢᠯᠡᠰ ᠢ ᠬᠥᠭᠵᠢᠭᠦᠯᠬᠦ ᠶᠢ ᠶᠠᠭᠠᠬᠢᠭᠰᠠᠨ ᠴᠦ ᠣᠮᠲᠣᠭᠠᠶᠢᠯᠠᠵᠤ ᠪᠤᠯᠬᠤ ᠦᠭᠡᠢ᠃ | ᠪᠦᠭᠦ ᠣᠷᠣᠨ ᠤ ᠡᠯ᠎ᠡ ᠭᠠᠵᠠᠷ ᠤᠨ ᠬᠢᠨ ᠮᠠᠯ ᠠᠵᠤ ᠠᠬᠤᠢ ᠲᠠᠷᠢᠶᠠᠯᠠᠩ ᠪᠣᠯᠣᠨ ᠮᠠᠯᠵᠢᠬᠤ ᠲᠠᠷᠢᠶᠠᠯᠠᠬᠤ ᠣᠷᠣᠨ ᠤ | ᠣᠨᠴᠠᠯᠢᠭᠲᠤ ᠡᠬᠢ ᠪᠠᠶᠠᠯᠢᠭ ᠲᠤ ᠲᠦᠰᠢᠭᠯᠡᠨ ᠳᠠᠭᠠᠭᠤᠯᠤᠭᠴᠢ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ | ᠪᠠᠨ ᠨᠥᠬᠦᠪᠦᠷᠢᠯᠡᠨ᠂ ᠡᠵᠡᠩᠨᠡᠯᠲᠡ ᠶᠢᠨ ᠭᠡᠯᠪᠡᠷᠢ ᠪᠠᠶᠢᠳᠠᠯ ᠢ ᠬᠥᠭᠵᠢᠭᠦᠯᠵᠦ᠂ ᠲᠥᠷᠥᠯ ᠲᠡᠮᠳᠡᠭ ᠢ ᠪᠤᠢ ᠪᠣᠯᠭᠠᠨ | ᠨᠤᠲᠤᠭ ᠤᠨ ᠣᠨᠴᠠ ᠭᠠᠷᠤᠯᠲᠠ ᠶᠢᠨ ᠠᠵᠤ ᠦᠢᠯᠡᠰ ᠢ ᠬᠥᠭᠵᠢᠭᠦᠯᠦᠭᠰᠡᠭᠡᠷ ᠢᠷᠡᠵᠡᠢ᠃ ᠡᠳᠦᠭᠡ ᠰᠢᠨ᠎ᠡ ᠮᠡᠷᠭᠡᠵᠢᠯ ᠢ | ᠠᠰᠢᠭᠯᠠᠨ ᠨᠤᠲᠤᠭ ᠤᠨ ᠣᠨᠴᠠ ᠭᠠᠷᠤᠯᠲᠠ ᠶᠢᠨ ᠠᠵᠤ ᠦᠢᠯᠡᠰ ᠤᠨ ᠬᠥᠭᠵᠢᠯᠲᠡ ᠶᠢ ᠪᠠᠷᠢᠮᠵᠢᠶᠠᠵᠢᠭᠤᠯᠬᠤ᠂ ᠵᠠᠬ᠎ᠠ | ᠳᠡᠯᠭᠡᠭᠦᠷᠴᠢᠭᠦᠯᠭᠦ᠂ ᠲᠥᠷᠥᠯ ᠲᠡᠮᠳᠡᠭᠵᠢᠭᠦᠯᠬᠦ ᠲᠡᠶᠢᠰᠢ ᠬᠤᠪᠢᠷᠠᠭᠤᠯᠵᠤ᠂ ᠨᠤᠲᠤᠭ ᠤᠨ ᠣᠨᠴᠠ ᠭᠠᠷᠤᠯᠲᠠ ᠶᠢᠨ | ᠢᠶᠠᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ | ᠴᠢᠩᠭᠠᠷᠠᠭᠤᠯᠵᠤ ᠪᠠᠶᠢᠭ᠎ᠠ ᠨᠢ ᠲᠣᠳᠣᠬᠠᠨ ᠬᠠᠷᠠᠭᠳᠠᠨ᠎ᠠ᠃ | | | ᠣᠶᠢᠷ᠎ᠠ ᠶᠢᠨ ᠵᠢᠯ ᠳᠤ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠤ ᠠᠵᠤ ᠦᠢᠯᠡᠰ | ᠥᠷᠨᠢᠨ ᠬᠥᠭᠵᠢᠵᠦ᠂ ᠮᠠᠰᠢ ᠣᠯᠠᠨ ᠭᠠᠵᠠᠷ ᠤᠨ ᠨᠤᠲᠤᠭ ᠤᠨ ᠣᠨᠴᠠ ᠭᠠᠷᠤᠯᠲᠠ ᠨᠢ ᠮᠠᠯᠴᠢᠨ ᠲᠠᠷᠢᠶᠠᠴᠢᠳ ᠤᠨ | ᠣᠷᠣᠯᠭ᠎ᠠ ᠪᠠᠨ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ ᠶᠢᠨ ᠴᠢᠬᠤᠯᠠ ᠲᠤᠯᠭᠠᠭᠤᠷᠢᠯᠠᠯ ᠪᠣᠯᠤᠭᠰᠠᠨ ᠶᠤᠮ᠃ | ᠵᠢᠱᠢᠶᠡᠯᠡᠪᠡᠯ ᠠᠤᠬᠠᠨ ᠤ ᠨᠠᠷᠢᠮᠤ᠂ ᠵᠠᠯᠠᠨ ᠠᠶᠢᠯ ᠤᠨ ᠬᠠᠷ᠎ᠠ ᠳᠡᠯᠳᠡᠦ᠂ ᠠᠯᠠᠱᠠ ᠶᠢᠨ ᠴᠠᠭᠠᠨᠭᠤᠶᠣᠣ ᠵᠡᠷᠭᠡ ᠨᠢ | ᠴᠥᠮ ᠨᠤᠲᠤᠭ ᠤᠰᠤᠨ ᠳᠠᠭᠠᠨ ᠰᠠᠭᠤᠷᠢᠯᠠᠨ ᠨᠡᠷ᠎ᠡ ᠠᠯᠳᠠᠷᠰᠢᠯ ᠲᠠᠢ ᠮᠥᠷᠲᠡᠭᠡᠨ ᠪᠤᠰᠤᠳ ᠠᠴᠠ ᠢᠯᠭᠠᠭᠳᠠᠭᠰᠠᠨ | ᠣᠨᠴᠠᠯᠢᠭᠲᠤ ᠠᠵᠤ ᠦᠢᠯᠡᠰ ᠪᠣᠯᠣᠨ ᠬᠥᠭᠵᠢᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠪᠠ ᠣᠷᠣᠨ | ᠨᠤᠲᠤᠭ ᠤᠨ ᠬᠥᠭᠵᠢᠯᠲᠡ ᠶᠢ ᠬᠦᠴᠦᠲᠡᠢ ᠠᠬᠢᠭᠤᠯᠵᠤ ᠪᠠᠶᠢᠨ᠎ᠠ᠃ | | | ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠬᠥᠳᠡᠭᠡ ᠲᠤᠰᠬᠤᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠳᠤ ᠡᠩ ᠲᠡᠷᠢᠭᠦᠨ ᠳᠤ ᠢᠯᠡ ᠲᠣᠳᠣ ᠭᠠᠵᠠᠷ ᠣᠷᠣᠨ ᠤ ᠣᠨᠴᠠᠯᠢᠭ ᠲᠠᠢ ᠨᠤᠲᠤᠭ | ᠤᠨ ᠣᠨᠴᠠ ᠭᠠᠷᠤᠯᠲᠠ ᠳᠤᠷᠠᠳᠤᠭᠳᠠᠵᠤ᠂ ᠨᠤᠲᠤᠭ ᠤᠨ ᠣᠨᠴᠠ ᠭᠠᠷᠤᠯᠲᠠ ᠪᠠᠷ ᠬᠥᠳᠡᠭᠡ ᠲᠤᠰᠬᠤᠨ ᠤ ᠠᠵᠤ | ᠦᠢᠯᠡᠰ ᠤᠨ ᠬᠥᠭᠵᠢᠯ ᠮᠠᠨᠳᠤᠯ ᠢ ᠳᠠᠶᠢᠴᠢᠯᠠᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠨᠢᠭᠡᠨ ᠴᠢᠬᠤᠯᠠ ᠠᠷᠭ᠎ᠠ ᠵᠠᠮ ᠨᠢ ᠭᠠᠷᠴᠠᠭ᠎ᠠ ᠦᠭᠡᠢ᠃ | | | ᠨᠤᠲᠤᠭ ᠤᠨ ᠣᠨᠴᠠ ᠭᠠᠷᠤᠯᠲᠠ ᠪᠣᠯ ᠵᠦᠪᠭᠡᠨ ᠡᠨᠡ ᠨᠤᠲᠤᠭ ᠲᠤ ᠯᠠ ᠪᠠᠶᠢᠳᠠᠭ ᠭᠠᠷᠤᠯᠲᠠ᠂ ᠲᠡᠶᠢᠮᠤ | ᠪᠣᠯᠬᠤᠷ ᠥᠪᠡᠷ ᠤᠨ ᠶᠠᠭᠤᠮ᠎ᠠ ᠪᠠᠨ ᠥᠪᠡᠷ ᠢᠶᠠᠨ ᠰᠠᠶᠢᠲᠤᠷ ᠡᠵᠡᠩᠨᠡᠵᠦ᠂ ︽ᠨᠤᠲᠤᠭ︾ ᠤᠨ ᠡᠬᠢ ᠪᠠᠶᠠᠯᠢᠭ ᠢᠶᠠᠨ | ᠭᠦᠨ ᠠᠭᠤᠳᠠᠯᠵᠤ᠂ ︽ᠣᠨᠴᠠ︾ ᠵᠠᠮ ᠢᠶᠠᠷ ᠰᠠᠶᠢᠲᠤᠷ ᠵᠠᠮᠨᠠᠨ᠂ ︽ᠭᠠᠷᠤᠯᠲᠠ︾ ᠶᠢᠨ ᠦᠷ᠎ᠡ ᠠᠰᠢᠭ ᠢ | ᠳᠡᠭᠡᠭᠰᠢᠯᠡᠭᠦᠯᠭᠦ ᠳᠤ ᠭᠦᠷᠪᠡᠯ ᠯᠠᠪᠳᠠᠶ᠎ᠠ ᠣᠷᠣᠨ ᠨᠤᠲᠤᠭ ᠤᠨ ᠢᠶᠠᠨ ᠥᠪᠡᠷᠮᠢᠴᠡ ᠣᠨᠴᠠᠯᠢᠭ ᠲᠠᠢ ᠠᠵᠤ ᠦᠢᠯᠡᠰ | ᠤᠨ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠪᠡᠶᠡᠯᠡᠭᠦᠯᠵᠦ ᠴᠢᠳᠠᠬᠤ | ᠶᠤᠮ᠃ |