ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄  ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2024/3/4
     1 ᠳ᠋ᠦ᠋ᠭᠡᠷ ᠰᠠᠷ᠎ᠠ ᠶᠢᠨ 2 ᠤᠨ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃            ᠨᠢᠭᠡ᠂ ᠬᠤᠷᠠᠯ ᠠᠴᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾︵ᠳᠣᠷᠣᠭᠰᠢ︽ᠤᠯᠤᠰ ᠤᠨ ᠠᠮᠤᠷ ᠲᠦᠪᠰᠢᠨ ᠤ ᠬᠠᠤᠯᠢ︾᠂︽ᠲᠤᠭ᠎ᠠ ᠪᠦᠷᠢᠳᠬᠡᠯ ᠤᠨ ᠬᠠᠤᠯᠢ︾᠂︽ᠲᠣᠭᠲᠠᠭᠠᠯ︾ᠭᠡᠵᠦ ᠲᠤᠰ ᠲᠤᠰ ᠳᠥᠭᠦᠮᠴᠢᠯᠡᠨ᠎ᠡ︶ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ︽ᠤᠯᠤᠰ ᠤᠨ ᠠᠮᠤᠷ ᠲᠦᠪᠰᠢᠨ ᠤ ᠬᠠᠤᠯᠢ︾᠂︽ᠲᠤᠭ᠎ᠠ ᠪᠦᠷᠢᠳᠬᠡᠯ ᠤᠨ ᠬᠠᠤᠯᠢ︾᠂︽ᠲᠣᠭᠲᠠᠭᠠᠯ︾ ᠢ ᠭᠦᠨᠵᠡᠭᠡᠢ ᠰᠤᠷᠤᠯᠴᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠨᠢᠭᠡ ᠳᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠨᠳᠦᠰᠦᠨ ᠵᠠᠷᠴᠢᠮ ᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠣᠯ ᠡᠭᠦᠷᠭᠡ ᠶᠢ ᠵᠥᠪ ᠢᠶᠠᠷ ᠲᠠᠨᠢᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ︽ᠤᠯᠤᠰ ᠤᠨ ᠠᠮᠤᠷ ᠲᠦᠪᠰᠢᠨ ᠤ ᠬᠠᠤᠯᠢ︾ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠣᠷᠣᠨ ᠤ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠬᠥᠮᠦᠵᠢᠯ ᠤᠬᠠᠭᠤᠯᠭ᠎ᠠ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠤᠬᠠᠮᠰᠠᠷ ᠠᠴᠠ ᠪᠠᠨ ᠪᠠᠶᠢᠭᠤᠯᠬᠤ ᠬᠡᠷᠡᠭᠲᠡᠢ᠃ ᠬᠤᠶᠠᠷ ᠲᠤ ᠲᠤᠭ᠎ᠠ ᠪᠦᠷᠢᠳᠬᠡᠯ ᠤᠨ ᠮᠡᠳᠡᠯᠭᠡ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠲᠠᠷᠢᠬᠢ ᠲᠣᠯᠣᠭᠠᠢ ᠳᠤᠨᠢ ᠬᠠᠳᠠᠩᠰᠢᠭᠤᠯᠬᠤ ᠶᠢ ᠦᠨᠡᠨ ᠬᠦ ᠪᠠᠲᠤᠯᠠᠵᠤ᠂ ᠺᠠᠳ᠋ᠷᠴᠤᠳ ᠤᠨ ᠲᠤᠭ᠎ᠠ ᠪᠦᠷᠢᠳᠬᠡᠯ ᠤᠨ ᠬᠠᠤᠯᠢ ᠶᠢ ᠪᠢᠰᠢᠷᠡᠨ ᠵᠢᠷᠦᠬᠡᠰᠢᠶᠡᠬᠦ᠂ ᠵᠢᠷᠤᠮᠯᠠᠨ ᠰᠠᠬᠢᠬᠤ᠂ ᠬᠡᠷᠡᠭᠵᠢᠭᠦᠯᠬᠦ ᠤᠬᠠᠮᠰᠠᠷᠲᠤ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ; ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠪᠠᠷᠢᠮᠵᠢᠶᠠᠵᠢᠭᠤᠯᠤᠯᠲᠠ ᠂ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠨᠠᠩ ᠪᠤᠰᠤᠳᠴᠢ ᠦᠨᠡᠨ ᠪᠣᠳᠠᠲᠠᠢ ᠣᠨᠣᠪᠴᠢᠲᠠᠶ ᠲᠤᠰᠬᠠᠬᠤ ᠶᠢ ᠦᠨᠡᠨᠬᠦ ᠪᠠᠲᠤᠯᠠᠵᠤ᠂ ᠦᠨᠡᠨ ᠠᠴᠠ ᠵᠥᠪ ᠢ ᠡᠷᠢᠬᠦ ᠰᠠᠶᠢᠨ ᠰᠠᠶᠢᠬᠠᠨ ᠲᠤᠭ᠎ᠠ ᠪᠦᠷᠢᠳᠬᠡᠯ ᠤᠨ ᠠᠮᠢ ᠠᠬᠤᠢ ᠶᠢ ᠬᠦᠴᠦᠯᠡᠨ ᠪᠣᠶ ᠪᠣᠯᠭᠠᠨ᠎ᠠ᠃ ᠲᠤᠭ᠎ᠠ ᠪᠦᠷᠢᠳᠬᠡᠯ ᠤᠨ ᠠᠵᠢᠯ ᠤᠨ ᠳᠦᠷᠢᠮ ᠤᠨ ᠲᠣᠭᠲᠠᠴᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠ ᠡᠯ᠎ᠡ ᠲᠥᠷᠥᠯ ᠤᠨ ᠬᠢᠨᠠᠯᠲᠠ ᠲᠠᠯᠪᠢᠬᠤ ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠠᠬᠢᠭᠤᠯᠤᠨ᠂ ᠨᠠᠩ ᠰᠢᠨᠵᠢᠯᠡᠬᠦ ᠤᠬᠠᠭᠠᠨᠴᠢ ᠬᠢᠨᠠᠨ ᠰᠢᠯᠭᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠠᠮᠢᠨ ᠰᠤᠳᠠᠰᠤ ᠶᠢ ᠪᠠᠲᠤ ᠰᠠᠬᠢᠬᠤ ᠬᠡᠷᠡᠭᠲᠡᠢ᠃ ᠭᠤᠷᠪᠠ ᠳᠤ ︽ᠲᠣᠭᠲᠠᠭᠠᠯ︾ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ︔ ︽ᠲᠣᠭᠲᠠᠭᠠᠯ︾ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠭᠦᠢᠴᠡᠳᠬᠡᠬᠦ ᠶᠢ ᠲᠦᠯᠬᠢᠨ ᠠᠬᠢᠭᠤᠯᠤᠨ᠎ᠠ᠃ ᠲᠣᠭᠲᠠᠴᠠ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠷᠡᠭᠵᠢᠭᠦᠯᠬᠦ ᠲᠥᠰᠥᠯ ᠲᠣᠭᠲᠠᠭᠠᠵᠤ᠂︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ︽ᠲᠣᠭᠲᠠᠭᠠᠯ︾  ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃            ᠬᠤᠶᠠᠷ᠂ ᠬᠤᠷᠠᠯ ᠠᠴᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠳᠤ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ︾ ᠢ ᠬᠡᠷᠡᠭᠵᠢᠭᠦᠯᠬᠦ ᠪᠠᠷ ᠪᠠᠶᠢᠭ᠎ᠠ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠠᠳ ᠤᠨ ᠠᠮᠢᠳᠤᠷᠠᠯ ᠢ ᠬᠡᠷᠡᠭᠵᠢᠭᠦᠯᠬᠦ ᠲᠥᠷᠥᠯ ᠵᠦᠢᠯ᠂ ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠬᠤᠯᠪᠣᠭᠳᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ︽ᠡᠮᠨᠡᠯᠭᠡ ᠰᠤᠷᠭᠠᠨ ᠬᠥᠮᠦᠵᠢᠯ ᠣᠷᠣᠨ ᠰᠠᠭᠤᠴᠠ ᠠᠵᠢᠯ ᠦᠢᠯᠡᠰ︾᠂︽ᠬᠥᠭᠰᠢᠨ ᠪᠠᠭ᠎ᠠ ᠬᠠᠭᠤᠴᠢᠨ ᠬᠤᠯᠠ︾ᠵᠡᠷᠭᠡ ᠠᠷᠠᠳ ᠤᠨ ᠠᠮᠢᠳᠤᠷᠠᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠯ ᠤᠨ ᠢᠶᠠᠨ ᠬᠢᠷᠢ ᠪᠠᠷ ᠠᠵᠢᠯᠯᠠᠵᠤ᠂ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠤᠨᠢᠨ ᠳᠡᠭᠡᠷ᠎ᠡ ᠨᠢ ᠰᠤᠳᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠠᠶᠢᠲᠤᠷ ᠬᠢᠬᠦ ᠬᠡᠷᠡᠭᠲᠡᠢ᠃ ᠬᠤᠷᠠᠯ  ᠠᠴᠠ ᠱᠠᠭᠠᠷᠳᠠᠭᠰᠠᠨ ᠨᠢ᠂ ᠨᠢᠭᠡ ᠳᠤ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠵᠤ᠂ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2024 ᠣᠨ ᠳᠤ ᠬᠡᠷᠡᠭᠵᠢᠭᠦᠯᠬᠦ ᠪᠠᠷ ᠪᠠᠶᠢᠭ᠎ᠠ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠥᠷᠥᠯ ᠵᠦᠢᠯ︾ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠡᠬᠡ ᠲᠠᠩᠰᠠ ᠶᠢ ᠡᠮᠬᠢᠯᠡᠨ ᠳᠢᠭᠯᠡᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ ᠬᠤᠷᠢᠶᠠᠭᠰᠠᠨ ᠤ ᠳᠠᠷᠠᠭ᠎ᠠ᠂  ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠬᠦ ᠬᠡᠷᠡᠭᠲᠡᠢ᠃ ᠬᠤᠶᠠᠷ ᠲᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠭᠤᠷᠢᠭ ᠤᠨ ᠳᠠᠷᠤᠭ᠎ᠠ ᠰᠠᠨᠠᠭᠠᠴᠢᠯᠠᠭ᠎ᠠ  ᠠᠴᠠ ᠪᠠᠨ ᠡᠭᠦᠷᠭᠡ ᠪᠠᠨ ᠲᠠᠨᠢᠵᠤ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠲᠣᠬᠢᠷᠠᠭᠤᠯᠵᠤ᠂ ᠡᠷᠲᠡ ᠠᠴᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠪᠣᠳᠠᠲᠤ ᠶᠠᠪᠤᠳᠠᠯ ᠤᠨ ᠲᠦᠷᠦᠯ ᠵᠦᠢᠯ ᠢᠶᠠᠷ ᠬᠥᠲᠥᠯᠥᠮᠵᠢ ᠪᠣᠯᠭᠠᠵᠤ᠂ ᠤᠯᠠᠨ ᠲᠦᠮᠡᠨ ᠤ ᠳᠡᠷᠭᠡᠳᠡᠬᠢ ᠬᠡᠷᠡᠭᠴᠡᠭᠡ ᠱᠠᠭᠠᠷᠳᠠᠯᠭ᠎ᠠ ᠠᠴᠠ ᠭᠠᠷᠳᠠᠵᠤ᠂ ᠠᠷᠠᠳ ᠲᠦᠮᠡᠨ ᠳᠤ ᠦᠢᠯᠡᠴᠢᠯᠡᠬᠦ ᠪᠤᠰᠤᠳ ᠤᠴᠢᠷ ᠶᠠᠪᠤᠳᠠᠯ ᠢ ᠰᠠᠶᠢᠲᠤᠷ ᠬᠢᠬᠦ ᠶᠢ ᠲᠠᠶᠢᠴᠢᠯᠠᠵᠤ᠂ ᠰᠠᠶᠢᠨ ᠶᠠᠪᠤᠳᠠᠯ ᠢ ᠨᠡᠩ ᠰᠠᠶᠢᠨ ᠬᠢᠵᠦ᠂ ᠪᠣᠳᠠᠲᠤ ᠶᠠᠪᠤᠳᠠᠯ ᠢ ᠨᠡᠩ ᠪᠣᠳᠠᠲᠠᠢ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠩ ᠰᠠᠶᠢᠨ ᠰᠠᠶᠢᠬᠠᠨ ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ᠨᠡᠩ ᠦᠷᠭᠦᠯᠵᠢᠯᠡᠭᠦᠯᠬᠦ ᠪᠠᠷ ᠴᠢᠷᠮᠠᠶᠢᠬᠤ ᠬᠡᠷᠡᠭᠲᠡᠢ᠃            ᠭᠤᠷᠪᠠ᠂ ᠬᠤᠷᠠᠯ ᠠᠴᠠ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ 2023 ᠣᠨ ᠤ ᠬᠢᠨᠠᠨ ᠪᠤᠳᠤᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ  ᠠᠴᠠ ᠱᠠᠭᠠᠷᠳᠠᠭᠰᠠᠨ ᠨᠢ᠂ ᠨᠢᠭᠡ ᠳᠤ ᠣᠷᠣᠨ ᠤ ᠬᠢᠨᠠᠨ ᠪᠤᠳᠤᠬᠤ ᠲᠣᠪᠴᠢᠶ᠎ᠠ ᠨᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠠᠢ ᠨᠢᠭᠲᠠ ᠬᠠᠷᠢᠯᠴᠠᠵᠤ᠂ ᠬᠢᠨᠠᠨ ᠪᠤᠳᠤᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠷᠢᠬᠢ ᠲᠣᠯᠣᠭᠠᠢ ᠳᠤ ᠬᠠᠳᠠᠩᠰᠢᠬᠤ ᠶᠢ ᠦᠨᠡᠨ ᠬᠦ ᠪᠠᠲᠤᠯᠠᠵᠤ᠂ ᠺᠠᠳ᠋ᠷ ᠤᠨ ᠶᠣᠰᠣ ᠳᠦᠷᠢᠮ ᠤᠨ ᠤᠬᠠᠮᠰᠠᠷ ᠢ ᠪᠠᠲᠤ ᠪᠣᠶ ᠪᠣᠯᠭᠠᠬᠤ ᠬᠡᠷᠡᠭᠲᠡᠢ︔ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠪᠦᠬᠦ ᠲᠣᠭᠤᠷᠢᠭ ᠤᠨ ᠭᠤᠣᠯ ᠠᠵᠢᠯ ᠤᠨ ᠲᠣᠭᠤᠷᠢᠨ ᠳᠤ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠨᠢᠭᠡᠴᠡ᠂ ᠭᠤᠣᠯᠳᠠᠯᠭ᠎ᠠ ᠲᠠᠢ ᠬᠥᠮᠥᠰ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠥᠷᠭᠡᠴᠡ ᠪᠠ ᠭᠦᠨᠴᠡ ᠶᠢ ᠳᠠᠰᠤᠷᠠᠯᠳᠠ ᠦᠭᠡᠢ ᠥᠷᠭᠡᠳᠬᠡᠵᠦ᠂ ᠬᠥᠨᠳᠡᠯᠡᠨ ᠠᠴᠠ ᠵᠠᠬ᠎ᠠ ᠬᠢᠵᠠᠭᠠᠷ ᠬᠦᠷᠲᠡᠯ᠎ᠡ ᠪᠦᠬᠦᠨ ᠢ ᠪᠦᠷᠬᠦᠭᠦᠯᠬᠦ ᠶᠢ ᠠᠬᠢᠭᠤᠯᠬᠤ ᠬᠡᠷᠡᠭᠲᠡᠢ᠃ ᠬᠢᠨᠠᠨ ᠪᠣᠳᠣᠯᠲᠠ ᠶᠢᠨ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠵᠦ᠂ ᠬᠢᠨᠠᠨ ᠪᠣᠳᠣᠯᠲᠠ ᠶᠢᠨ ᠰᠠᠨᠠᠭᠤᠯᠬᠤ᠂ ᠤᠷᠢᠳᠴᠢᠯᠠᠨ ᠰᠡᠷᠡᠮᠵᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠶᠢᠨ ᠨᠡᠪᠲᠡᠷᠡᠯᠴᠡᠨ ᠬᠠᠮᠵᠢᠯᠴᠠᠬᠤ ᠠᠵᠢᠯ ᠢ ᠭᠦᠨᠵᠡᠭᠡᠶᠢᠷᠡᠭᠦᠯᠵᠦ᠂ ᠬᠤᠯᠪᠤᠭᠠᠯᠠᠨ ᠬᠥᠳᠡᠯᠦᠯᠴᠡᠵᠦ ᠬᠢᠨᠠᠯᠲᠠ ᠲᠠᠯᠪᠢᠬᠤ᠂ ᠬᠢᠨᠠᠨ ᠪᠣᠳᠣᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠺᠠᠳ᠋ᠷ ᠤᠨ ᠶᠡᠭᠡ ᠬᠢᠨᠠᠯᠲᠠ ᠶᠢᠨ ᠰᠢᠰᠲ᠋ᠧᠮ ᠳᠤ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠥᠬᠦ ᠲᠣᠭᠤᠷᠢᠭ ᠤᠨ ᠬᠢᠨᠠᠨ ᠪᠤᠳᠤᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠬᠠᠮᠲᠤᠪᠠᠷ ᠠᠬᠢᠭᠤᠯᠬᠤ ᠬᠡᠷᠡᠭᠲᠡᠢ᠃ ᠬᠤᠶᠠᠷ ᠲᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠨᠠᠨ ᠪᠤᠳᠤᠬᠤ ᠤᠬᠠᠮᠰᠠᠷ ᠢᠶᠠᠨ ᠴᠢᠩᠭᠠᠳᠬᠠᠵᠤ᠂ ᠬᠢᠨᠠᠨ ᠪᠤᠳᠤᠬᠤ ᠳᠦᠷᠢᠮ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠤᠨ ᠪᠠᠶᠢᠴᠠᠭᠠᠯᠲᠠ ᠶᠢ ᠥᠷᠨᠢᠭᠦᠯᠵᠦ᠂ ᠪᠠᠶᠢᠩᠭᠤᠵᠢᠭᠰᠠᠨ ︽ᠠᠵᠤ ᠠᠬᠤᠢ ᠶᠢᠨ ᠪᠡᠶ᠎ᠡ ᠶᠢᠨ ᠪᠠᠶᠢᠴᠠᠭᠠᠯᠲᠠ︾ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠤᠨ᠂ ᠵᠤᠷᠪᠤᠰ ᠵᠤᠷᠪᠤᠰ ᠳᠠᠷᠠᠭᠠᠯᠠᠨ ᠲᠡᠷᠡ ᠬᠡᠪ ᠢᠶᠠᠷ ᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠡᠭᠦᠨ ᠤ ᠬᠠᠮᠲᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠵᠢᠯ ᠤᠨ ᠳᠦᠷᠢᠮ ᠢ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠪᠠᠷ ᠲᠡᠰ ᠳᠡᠪᠰᠢᠭᠦᠯᠬᠦ ᠶᠢ ᠠᠬᠢᠭᠤᠯᠵᠤ᠂ ᠦᠷ᠎ᠡ ᠳ᠋ᠦᠩ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠡᠶᠢᠮᠦᠷᠬᠦ ᠠᠰᠠᠭᠤᠳᠠᠯ ᠡᠭᠦᠰᠬᠦ ᠶᠢ ᠡᠷᠡᠰ ᠬᠤᠷᠢᠭᠯᠠᠵᠤ᠂ ᠴᠢᠨᠠᠷ ᠰᠠᠶᠢᠲᠠᠢ ᠬᠢᠨᠠᠨ ᠪᠣᠳᠣᠯᠲᠠ ᠶᠢᠨ ᠬᠢᠨᠠᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃            ᠳᠥᠷᠪᠡ᠂ ᠬᠤᠷᠠᠯ ᠠᠴᠠ ᠤᠯᠤᠰ ᠤᠨ ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠵᠢᠴᠢ 2024 ᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠵᠢᠴᠢ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠵᠦᠢᠯᠡᠰ ᠤᠨ ᠪᠠᠶᠢᠳᠠᠯ ᠤᠨ ᠲᠤᠬᠠᠢ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠷᠢᠭᠤᠴᠠᠯᠭᠠᠲᠤ ᠨᠢᠭᠡᠴᠡ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠯᠠᠮ ᠨᠢᠭᠡ ᠠᠯᠬᠤᠮ ᠶᠡᠷᠦᠩᠬᠡᠢ ᠱᠦᠵᠢ ᠰᠢ ᠶᠢᠨ ᠫᠢᠩ ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨᠬᠦ ᠴᠢᠩᠭᠠᠳᠬᠠᠵᠤ᠂  ᠲᠣᠭᠤᠷᠢᠭ ᠲᠥᠪ ᠤᠨ ᠢᠨᠵᠧᠨᠧᠷᠢᠩ ᠪᠠ ︽ᠣᠷᠣᠨ ᠬᠤᠲᠠ ᠬᠠᠮᠲᠤᠪᠠᠷ ᠪᠦᠲᠦᠭᠡᠨ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ ᠠᠳᠬᠤᠵᠤ᠂ ᠤᠯᠤᠰ ᠤᠨ ᠲᠠᠰ ᠤᠨ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠪᠠ 2024 ᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠵᠢᠴᠢ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠤᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ᠂ ᠪᠥᠬᠦ ᠵᠢᠯ ᠤᠨ ᠬᠠᠷᠠᠯᠲᠠᠲᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃            ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ  ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号