| | - ︽ᠲᠦᠷᠭᠡᠨ ᠨᠡᠮᠡᠭᠳᠡᠬᠦ ᠲᠤᠭ᠎ᠠ ᠪᠠᠷᠢᠮᠲᠠ︾ ᠠᠴᠠ ᠥᠪᠥᠷ ᠮᠣᠩᠭᠤᠯ ᠤᠨ ᠡᠷᠡᠮᠡᠬᠡᠶᠢᠯᠡᠨ ᠤᠷᠤᠭᠰᠢᠯᠠᠬᠤ | ᠬᠠᠷᠢᠭᠤᠴᠠᠯᠭ᠎ᠠ ᠡᠭᠦᠷᠭᠡᠯᠡᠯ ᠢ ᠬᠠᠷᠠᠬᠤᠢ ③ | | | ᠲᠤᠭ᠎ᠠ ᠪᠠᠷᠢᠮᠲᠠ᠄ | | | ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠬᠦᠷᠭᠡᠬᠦ ᠬᠡᠮᠵᠢᠶ᠎ᠡ᠂ ᠴᠠᠭᠢᠯᠭᠠᠨ | ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ | ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠭᠢᠯᠭᠠᠨ | ᠭᠠᠷᠭᠠᠬᠤ ᠶᠡᠷᠦᠩᠬᠡᠢ ᠬᠡᠮᠵᠢᠶ᠎ᠡ ᠵᠢᠴᠢ ᠭᠠᠳᠠᠭᠰᠢ ᠬᠦᠷᠭᠡᠬᠦ ᠴᠠᠭᠢᠯᠭᠠᠨ ᠤ ᠬᠡᠮᠵᠢᠶ᠎ᠡ᠂ ᠰᠢᠨ᠎ᠡ ᠡᠨᠧᠷᠭᠢ ᠶᠢᠨ ᠴᠠᠭᠢᠯᠭᠠᠨ | ᠭᠠᠷᠭᠠᠬᠤ ᠬᠡᠮᠵᠢᠶ᠎ᠡ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠶᠢᠨ ︽ᠪᠦᠭᠦ | ᠤᠯᠤᠰ ᠤᠨ 10 ᠨᠢᠭᠡᠳᠦᠭᠡᠷ︾ ᠢ ᠪᠡᠶᠡᠯᠡᠭᠦᠯᠵᠦ᠂ 29 ᠮᠤᠵᠢ ᠣᠷᠣᠨ ᠤ ᠡᠨᠧᠷᠭᠢ ᠶᠢᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠪᠠ᠃ | | | ᠪᠦᠭᠦ ᠵᠢᠯ ᠤᠨ ᠨᠡᠭᠦᠷᠡᠰᠦᠨ ᠤ ᠭᠠᠷᠤᠯᠲᠠ 12.2 ᠳ᠋ᠦᠩᠰᠢᠭᠤᠷ ᠲᠣᠨ ᠳᠤ ᠬᠦᠷᠴᠦ᠂ ᠤᠯᠤᠰ ᠤᠨ | ᠴᠠᠭᠢᠯᠭᠠᠨ ᠭᠠᠷᠭᠠᠬᠤ ᠨᠡᠭᠦᠷᠡᠰᠦᠨ ᠤ ᠳᠤᠮᠳᠠ ᠤᠷᠲᠤ ᠬᠤᠭᠤᠴᠠᠭᠠᠨ ᠤ ᠭᠡᠷ᠎ᠡ ᠶᠢᠨ ᠡᠭᠦᠷᠭᠡ ᠶᠢ 9.45 | ᠳ᠋ᠦᠩᠰᠢᠭᠤᠷ ᠲᠣᠨ ᠪᠡᠶᠡᠯᠡᠭᠦᠯᠵᠦ᠂ ᠪᠦᠭᠦ ᠤᠯᠤᠰ ᠤᠨ ᠡᠭᠦᠷᠭᠡ ᠶᠢᠨ ᠶᠡᠷᠦᠩᠬᠡᠢ ᠬᠡᠮᠵᠢᠶ᠎ᠡ ᠶᠢᠨ 36% ᠶᠢ ᠡᠵᠡᠯᠡᠪᠡ᠃ | | | | ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 3100 ᠲᠦᠮᠡᠨ ᠺᠢᠯᠣᠸᠠᠲ ᠢ ᠳᠠᠪᠠᠵᠤ᠂ | ᠨᠡᠮᠡᠭᠳᠡᠯ ᠤᠨ ᠬᠡᠮᠵᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | | | ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ 9323 ᠲᠦᠮᠡᠨ ᠺᠢᠯᠣᠸᠠᠲ ᠲᠤ | ᠬᠦᠷᠴᠦ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ 43% ᠶᠢ ᠡᠵᠡᠯᠡᠪᠡ᠃ | | | ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠬᠡᠮᠵᠢᠶ᠎ᠡ 1665 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ 22% ᠲᠤ ᠭᠦᠷᠪᠡ᠃ | | | 2023 ᠣᠨ ᠳᠤ᠂ ᠥᠪᠥᠷ ᠮᠣᠩᠭᠤᠯ ᠤᠨ ᠡᠨᠧᠷᠭᠢ ᠶᠢᠨ ᠠᠵᠢᠯ ᠳᠤ ᠭᠢᠯᠠᠯᠵᠠᠮ᠎ᠠ ᠠᠮᠵᠢᠯᠲᠠ ᠪᠦᠲᠦᠮᠵᠢ | ᠣᠯᠪᠠ᠄ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠬᠦᠷᠭᠡᠬᠦ ᠬᠡᠮᠵᠢᠶ᠎ᠡ᠂ ᠴᠠᠭᠢᠯᠭᠠᠨ | ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ | ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠶᠡᠷᠦᠩᠬᠡᠢ | ᠴᠠᠭᠢᠯᠭᠠᠨ ᠭᠠᠷᠭᠠᠬᠤ ᠬᠡᠮᠵᠢᠶ᠎ᠡ ᠵᠢᠴᠢ ᠭᠠᠳᠠᠭᠰᠢ ᠬᠦᠷᠭᠡᠬᠦ ᠴᠠᠭᠢᠯᠭᠠᠨ ᠤ ᠬᠡᠮᠵᠢᠶ᠎ᠡ᠂ ᠰᠢᠨ᠎ᠡ ᠡᠨᠧᠷᠭᠢ ᠶᠢᠨ | ᠴᠠᠭᠢᠯᠭᠠᠨ ᠭᠠᠷᠭᠠᠬᠤ ᠬᠡᠮᠵᠢᠶ᠎ᠡ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠶᠢᠨ | ︽ᠪᠦᠭᠦ ᠤᠯᠤᠰ ᠤᠨ 10 ᠨᠢᠭᠡᠳᠦᠭᠡᠷ︾ ᠢ ᠪᠡᠶᠡᠯᠡᠭᠦᠯᠵᠦ᠂ 29 ᠮᠤᠵᠢ ᠣᠷᠣᠨ ᠤ ᠡᠨᠧᠷᠭᠢ ᠶᠢᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠪᠠ᠃ ᠥᠪᠥᠷ ᠮᠣᠩᠭᠤᠯ ᠤᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ | ᠴᠢᠳᠠᠪᠤᠷᠢ ᠢᠯᠡᠳᠲᠡ ᠴᠢᠩᠭᠠᠷᠠᠪᠠ᠃ | | | ︽ᠪᠦᠭᠦ ᠤᠯᠤᠰ ᠤᠨ 10 ᠨᠢᠭᠡᠳᠦᠭᠡᠷ︾ ᠨᠢ ᠥᠩᠭᠡᠷᠡᠭᠰᠡᠨ ᠨᠢᠭᠡ ᠵᠢᠯ ᠤᠨ ᠥᠪᠥᠷ ᠮᠣᠩᠭᠤᠯ ᠤᠨ | ᠡᠨᠧᠷᠭᠢ ᠶᠢᠨ ᠠᠵᠢᠯ ᠤᠨ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠲᠡᠷᠢᠭᠦᠨ ᠤ ᠬᠢ ᠶᠢ ᠭᠦᠢᠴᠡᠬᠦ ᠪᠠᠷ | ᠭᠠᠪᠰᠢᠭᠠᠶᠢᠯᠠᠨ ᠤᠷᠤᠭᠰᠢᠯᠠᠭᠰᠠᠨ ᠠᠮᠢᠳᠤᠯᠢᠭ ᠵᠡᠭᠦᠯᠲᠡ ᠲᠠᠶᠢᠯᠪᠤᠷᠢ ᠪᠣᠯᠵᠠᠢ᠃ | | | ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂︽ᠰᠢᠨ᠎ᠡ ᠵᠠᠮ ᠨᠡᠭᠡᠭᠡᠬᠦ᠂ ᠳᠤᠮᠳᠠ | ᠲᠦᠪᠰᠢᠨ ᠳᠤ ᠣᠷᠣᠬᠤ︾ ᠬᠠᠷᠠᠯᠲᠠ ᠶᠢ ᠪᠠᠲᠤ ᠡᠵᠡᠮᠳᠡᠵᠦ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ | ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠥᠭᠵᠢᠯᠲᠡ ᠶᠢᠨ ᠦᠷ᠎ᠡ ᠪᠦᠲᠦᠮᠵᠢ ᠨᠢ ᠬᠥᠮᠥᠰ ᠤᠨ | ᠠᠩᠬᠠᠷᠤᠯ ᠢ ᠲᠠᠲᠠᠵᠠᠢ᠃ | | | ᠡᠨᠡ ᠨᠢᠭᠡ ᠵᠢᠯ ᠳᠤ᠂ ᠥᠪᠥᠷ ᠮᠣᠩᠭᠤᠯ ᠤᠯᠤᠰ ᠤᠨ ᠶᠡᠭᠡ ᠲᠠᠯ᠎ᠠ ᠶᠢ ᠡᠷᠡᠰ ᠳᠠᠭᠠᠵᠤ ᠡᠷᠡᠰ ᠦᠢᠯᠡᠴᠢᠯᠡᠵᠦ᠂ | ᠡᠨᠧᠷᠭᠢ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠦᠭᠦ ᠬᠦᠴᠦᠨ ᠢᠶᠠᠷ ᠢᠶᠠᠨ | ᠰᠠᠶᠢᠲᠤᠷ ᠠᠳᠬᠤᠪᠠ᠃ ᠪᠦᠭᠦ ᠵᠢᠯ ᠤᠨ ᠨᠡᠭᠦᠷᠡᠰᠦᠨ ᠤ ᠭᠠᠷᠤᠯᠲᠠ 12.2 ᠳ᠋ᠦᠩᠰᠢᠭᠤᠷ ᠲᠣᠨ ᠳᠤ ᠬᠦᠷᠴᠦ᠂ | ᠤᠯᠤᠰ ᠤᠨ ᠴᠠᠭᠢᠯᠭᠠᠨ ᠭᠠᠷᠭᠠᠬᠤ ᠨᠡᠭᠦᠷᠡᠰᠦᠨ ᠤ ᠳᠤᠮᠳᠠ ᠤᠷᠲᠤ ᠬᠤᠭᠤᠴᠠᠭᠠᠨ ᠤ ᠭᠡᠷ᠎ᠡ ᠶᠢᠨ ᠡᠭᠦᠷᠭᠡ ᠶᠢ 9.45 | ᠳ᠋ᠦᠩᠰᠢᠭᠤᠷ ᠲᠣᠨ ᠪᠡᠶᠡᠯᠡᠭᠦᠯᠵᠦ᠂ ᠪᠦᠭᠦ ᠤᠯᠤᠰ ᠤᠨ ᠡᠭᠦᠷᠭᠡ ᠶᠢᠨ ᠶᠡᠷᠦᠩᠬᠡᠢ ᠬᠡᠮᠵᠢᠶ᠎ᠡ ᠶᠢᠨ 36% ᠶᠢ ᠡᠵᠡᠯᠡᠵᠦ᠂ | ᠭᠠᠳᠠᠭᠰᠢ ᠬᠦᠷᠭᠡᠭᠰᠡᠨ ᠨᠡᠭᠦᠷᠡᠰᠦ 7.2 ᠳ᠋ᠦᠩᠰᠢᠭᠤᠷ ᠲᠣᠨ ᠬᠦᠷᠴᠦ᠂ ᠭᠠᠳᠠᠭᠰᠢ ᠬᠦᠷᠭᠡᠭᠰᠡᠨ ᠴᠠᠭᠢᠯᠭᠠᠨ ᠤ | ᠬᠡᠮᠵᠢᠶ᠎ᠡ 3065 ᠳ᠋ᠦᠩᠰᠢᠭᠤᠷ ᠺᠢᠯᠣᠸᠠᠲ ᠴᠠᠭ ᠲᠤ ᠭᠦᠷᠪᠡ᠃ | | | ᠡᠨᠡ ᠨᠢᠭᠡ ᠵᠢᠯ ᠳᠤ᠂ ᠥᠪᠥᠷ ᠮᠣᠩᠭᠤᠯ ᠱᠠᠯᠠᠪᠳᠠᠨ ᠠᠳᠬᠤᠵᠤ ᠲᠦᠷᠭᠡᠨ ᠠᠵᠢᠯᠯᠠᠵᠤ ᠪᠠᠶᠢᠭᠠᠳ ᠰᠢᠨ᠎ᠡ | ᠡᠨᠧᠷᠭᠢ ᠶᠢᠨ ᠲᠠᠪᠠᠯᠳᠠᠳᠤ ᠬᠥᠭᠵᠢᠯᠲᠡ ᠶᠢ ᠠᠬᠢᠭᠤᠯᠵᠤ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ | ᠬᠤᠷᠳᠤᠴᠠ᠂ ᠡᠷᠴᠢᠮ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠪᠠ᠃ ᠪᠦᠭᠦ ᠵᠢᠯ ᠳᠤ ᠰᠢᠨ᠎ᠡ ᠡᠨᠧᠷᠭᠢ ᠶᠢᠨ | ᠲᠥᠷᠥᠯ ᠵᠦᠢᠯ ᠤᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠰᠢᠬᠠᠮ ᠪᠡᠶᠡᠯᠡᠭᠦᠯᠵᠦ᠂ | 33% ᠪᠠᠷ ᠨᠡᠮᠡᠭᠳᠡᠪᠡ; ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 3100 ᠲᠦᠮᠡᠨ | ᠺᠢᠯᠣᠸᠠᠲ ᠢ ᠳᠠᠪᠠᠵᠤ᠂ ᠨᠡᠮᠡᠭᠳᠡᠯ ᠤᠨ ᠬᠡᠮᠵᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ; ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ 9323 ᠲᠦᠮᠡᠨ ᠺᠢᠯᠣᠸᠠᠲ ᠲᠤ ᠬᠦᠷᠴᠦ᠂ | ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ 43% ᠶᠢ ᠡᠵᠡᠯᠡᠪᠡ;ᠰᠢᠨ᠎ᠡ ᠡᠨᠧᠷᠭᠢ ᠶᠢᠨ | ᠴᠠᠭᠢᠯᠭᠠᠨ ᠭᠠᠷᠭᠠᠬᠤ ᠬᠡᠮᠵᠢᠶ᠎ᠡ 1665 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 25% ᠪᠠᠷ ᠨᠡᠮᠡᠭᠳᠡᠵᠦ᠂ | ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ 22% ᠲᠤ ᠬᠦᠷᠴᠡᠢ᠃ | | | ᠡᠨᠡ ᠨᠢᠭᠡ ᠵᠢᠯ ᠳᠤ᠂ ᠥᠪᠥᠷ ᠮᠣᠩᠭᠤᠯ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢ ᠬᠠᠮᠵᠢᠯᠴᠠᠨ | ᠠᠬᠢᠭᠤᠯᠵᠤ᠂ ᠨᠢᠭᠡ ᠲᠠᠯ᠎ᠠ ᠪᠠᠷ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢ ᠠᠳᠬᠤᠵᠤ᠂ ᠨᠥᠭᠦᠭᠡ | ᠲᠠᠯ᠎ᠠ ᠪᠠᠷ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠢ ᠠᠳᠬᠤᠵᠤ᠂ ᠭᠦᠭᠡᠬᠤᠲᠠ ᠪᠤᠭᠤᠲᠤ ᠣᠷᠳᠣᠰ | ᠲᠦᠩᠯᠢᠶᠣᠣ ᠶᠢᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠪᠦᠭᠦ | ᠬᠦᠴᠦᠨ ᠢᠶᠠᠷ ᠢᠶᠠᠨ ᠠᠬᠢᠭᠤᠯᠪᠠ᠃ ᠪᠦᠭᠦ ᠵᠢᠯ ᠳᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠲᠥᠷᠥᠯ ᠵᠦᠢᠯ ᠳᠤ | 750 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 1.2 ᠳᠠᠭᠢᠨ ᠨᠡᠮᠡᠭᠳᠡᠪᠡ᠃ | | | ᠡᠨᠡ ᠨᠢᠭᠡ ᠵᠢᠯ ᠳᠤ᠂ ᠥᠪᠥᠷ ᠮᠣᠩᠭᠤᠯ ᠪᠣᠬᠢᠷᠳᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠢ ᠶᠡᠭᠡ | ᠪᠠᠷ ᠬᠥᠭᠵᠢᠭᠦᠯᠵᠦ᠂ ᠤᠰᠤᠲᠥ᠋ᠷᠥᠭᠴᠢ ᠶᠢᠨ ᠡᠨᠧᠷᠭᠢ ᠶᠢᠨ ᠲᠥᠷᠥᠯ ᠵᠦᠢᠯ ᠢ ᠲᠦᠷᠭᠡᠨ ᠪᠠᠶᠢᠷᠢᠯᠠᠭᠤᠯᠤᠨ ᠪᠦᠲᠦᠭᠡᠨ | ᠪᠠᠶᠢᠭᠤᠯᠵᠤ᠂ ᠪᠦᠭᠦ ᠤᠯᠤᠰ ᠤᠨ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠭᠦ ᠲᠥᠷᠥᠯ | ᠵᠦᠢᠯ ᠤᠨ ᠭᠤᠣᠯ ᠪᠦᠲᠦᠭᠡᠨ ᠪᠠᠶᠢᠭᠤᠯᠬᠤ ᠭᠠᠵᠠᠷ ᠣᠷᠣᠨ ᠪᠣᠯᠪᠠ᠃ ᠪᠦᠭᠦ ᠤᠯᠤᠰ ᠤᠨ ᠠᠩᠬᠠᠳᠠᠭᠴᠢ ᠲᠦᠮᠡᠨ | ᠲᠣᠨ ᠤ ᠲᠠᠰ ᠤᠨ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠭᠦ ᠲᠥᠷᠥᠯ ᠵᠦᠢᠯ | ᠠᠰᠢᠭᠯᠠᠯᠲᠠ ᠳᠤ ᠣᠷᠣᠵᠤ᠂ ᠬᠤᠸᠠ ᠳ᠋ᠢᠶᠠᠨ ᠪᠦᠯᠦᠭᠯᠡᠯ ᠤᠨ ᠳᠠᠷᠬᠠᠨ ᠮᠤᠤᠮᠢᠩᠭᠠᠨ ᠤ ᠰᠠᠯᠬᠢ ᠭᠡᠷᠡᠯ ᠢᠶᠠᠷ | ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠠᠰᠢᠭᠯᠠᠯᠲᠠ ᠳᠤ ᠣᠷᠣᠵᠤ᠂ | ᠳᠡᠯᠡᠬᠡᠢ ᠶᠢᠨ ᠠᠩᠬᠠᠳᠠᠭᠴᠢ ᠬᠠᠲᠠᠭᠤ ᠪᠡᠶᠡᠲᠦ ᠳᠣᠣᠷ᠎ᠠ ᠳᠠᠷᠤᠯᠲᠠᠲᠤ ᠤᠰᠤᠲᠥ᠋ᠷᠥᠭᠴᠢ ᠬᠠᠳᠠᠭᠠᠯᠠᠬᠤ | ᠦᠢᠯᠡᠳᠪᠦᠷᠢᠯᠡᠯ ᠤᠨ ᠱᠤᠭᠤᠮ ᠠᠰᠢᠭᠯᠠᠯᠲᠠ ᠳᠤ ᠣᠷᠣᠵᠤ᠂ ᠤᠯᠠᠭᠠᠨᠴᠠᠪ ᠤᠨ ᠪᠣᠬᠢᠷᠳᠤᠯ ᠦᠭᠡᠢ ᠴᠠᠭᠢᠯᠭᠠᠨ ᠢᠶᠠᠷ | ᠤᠰᠤᠲᠥ᠋ᠷᠥᠭᠴᠢ ᠦᠢᠯᠡᠳᠬᠦ ᠲᠥᠷᠥᠯ ᠵᠦᠢᠯ ᠤᠨ ᠳᠠᠮᠵᠢᠭᠤᠯᠬᠤ ᠬᠤᠭᠤᠯᠠᠢ ᠶᠢ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠢ ᠬᠡᠢ ᠶᠢᠨ︽ᠪᠦᠭᠦ ᠤᠯᠤᠰ ᠤᠨ ᠨᠢᠭᠡ ᠲᠣᠣᠷ︾ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ | ᠲᠥᠰᠥᠯ ᠳᠤ ᠣᠷᠣᠭᠤᠯᠪᠠ᠃ | | | ᠡᠨᠡ ᠨᠢᠭᠡ ᠵᠢᠯ ᠳᠤ᠂ ᠥᠪᠥᠷ ᠮᠣᠩᠭᠤᠯ ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠳᠦᠭᠦᠷᠭᠡᠵᠦ ᠨᠡᠭᠡᠭᠡᠨ ᠮᠠᠯᠲᠠᠬᠤ᠂ ᠤᠰᠤ ᠶᠢ | ᠬᠠᠮᠠᠭᠠᠯᠠᠨᠨᠡᠭᠡᠭᠡᠨ ᠮᠠᠯᠲᠠᠬᠤ ᠵᠡᠷᠭᠡ ᠪᠣᠬᠢᠷᠳᠤᠯ ᠦᠭᠡᠢ ᠨᠡᠭᠡᠭᠡᠨ ᠮᠠᠯᠲᠠᠬᠤ ᠮᠡᠷᠭᠡᠵᠢᠯ ᠢ ᠢᠳᠡᠪᠬᠢᠲᠡᠢᠲ᠋ᠡᠯᠭᠡᠷᠡᠭᠦᠯᠵᠦ᠂ | ᠨᠡᠭᠦᠷᠡᠰᠦᠨ ᠴᠠᠭᠢᠯᠭᠠᠨ ᠤ︽ᠭᠤᠷᠪᠠᠨ ᠥᠭᠡᠷᠡᠴᠢᠯᠡᠯᠲᠡ ᠶᠢ ᠬᠠᠮᠲᠤ ᠳᠤᠨᠢ ᠶᠠᠪᠤᠭᠳᠠᠭᠤᠯᠬᠤ︾ ᠶᠢ ᠠᠬᠢᠭᠤᠯᠵᠤ᠂ | ︽ᠭᠡᠷᠡᠯᠴᠢ ᠴᠡᠨᠡᠭ + ᠠᠮᠢ ᠠᠬᠤᠢ ᠶᠢᠨ ᠵᠠᠰᠠᠯᠲᠠ︾ ᠶᠢᠨ ᠵᠠᠭᠪᠤᠷᠢ ᠶᠡᠭᠡ ᠪᠠᠷ ᠳᠡᠯᠭᠡᠷᠡᠭᠦᠯᠵᠦ᠂ ᠨᠢᠭᠡᠨᠲᠡ 520 | ᠲᠦᠮᠡᠨ ᠭᠢᠯᠦᠸᠠᠲ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠮᠠᠰᠢᠨ ᠴᠣᠭᠴᠠᠯᠠᠪᠤᠷᠢ ᠶᠢ ᠪᠠᠶᠢᠭᠤᠯᠵᠤ᠂ 18 ᠲᠦᠮᠡᠨ | ᠮᠦ ᠡᠯᠡᠰᠦ ᠶᠢ ᠵᠠᠰᠠᠭᠰᠠᠨ ᠪᠠᠶᠢᠨ᠎ᠠ᠃ | | | ︽ᠭᠦᠷ ᠬᠥᠭᠵᠢᠶᠡᠨᠲᠦ︾ ᠲᠤᠭ᠎ᠠ ᠪᠠᠷᠢᠮᠲᠠ ᠨᠤᠭᠤᠳ ᠨᠢ ᠥᠪᠥᠷ ᠮᠣᠩᠭᠤᠯ ᠤᠨ ᠤᠯᠤᠰ ᠤᠨ ᠴᠢᠬᠤᠯᠠ | ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ | ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ︽ᠲᠣᠭᠲᠠᠪᠤᠷᠢᠵᠢᠭᠤᠯᠤᠭᠴᠢ︾ ᠪᠤᠯᠬᠤ ᠰᠥᠰᠥ ᠵᠣᠷᠢᠭ ᠪᠠ | ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ | | | ︽2023 ᠣᠨ ᠳᠤ᠂ ᠥᠪᠥᠷ ᠮᠣᠩᠭᠤᠯ ᠤᠨ ᠡᠨᠧᠷᠭᠢ ᠶᠢᠨ ᠠᠵᠤ ᠠᠬᠤᠢ ᠶᠢᠨ ᠠᠵᠢᠯᠯᠠᠭᠠᠨ | ᠶᠡᠷᠦᠩᠬᠡᠢ ᠳᠡᠭᠡᠨ ︿ᠲᠣᠭᠲᠠᠭᠤᠨ᠂ ᠲᠦᠷᠭᠡᠨ᠂ ᠰᠢᠯᠢᠳᠡᠭ﹀ ᠣᠨᠴᠠᠯᠢᠭ ᠭᠠᠷᠴᠠᠢ᠃ ︿ᠲᠣᠭᠲᠠᠭᠤᠨ﹀ ᠭᠡᠳᠡᠭ ᠨᠢ | ᠡᠨᠧᠷᠭᠢ ᠶᠢᠨ ᠠᠵᠤ ᠠᠬᠤᠢ ᠶᠢᠨ ᠦᠨᠳᠦᠰᠦᠨ ᠪᠠᠶᠢᠳᠠᠯ ᠲᠣᠭᠲᠠᠭᠤᠨ ᠤ ᠳᠤᠮᠳᠠ ᠰᠠᠶᠢᠵᠢᠷᠠᠵᠤ᠂ ︿ᠲᠦᠷᠭᠡᠨ﹀ | ᠭᠡᠳᠡᠭ ᠨᠢ ᠰᠢᠨ᠎ᠡ ᠡᠨᠧᠷᠭᠢ ᠶᠢᠨ ᠬᠥᠭᠵᠢᠯᠲᠡ᠂ ᠡᠨᠧᠷᠭᠢ ᠶᠢᠨ ᠴᠢᠬᠤᠯᠠ ᠶᠡᠭᠡ ᠲᠦᠷᠦᠯ ᠵᠦᠢᠯ ᠤᠨ ᠪᠡᠯᠡ | ᠣᠷᠣᠭᠤᠯᠤᠯᠲᠠ᠂ ᠡᠨᠧᠷᠭᠢ ᠶᠢᠨ ᠲᠣᠨᠣᠭᠯᠠᠯ ᠦᠢᠯᠡᠳᠬᠦ᠂ ᠡᠨᠧᠷᠭᠢ ᠶᠢᠨ ᠭᠤᠣᠯ ᠪᠤᠯᠬᠤ ᠦᠢᠯᠡᠳᠬᠦᠨ ᠤ ᠨᠡᠮᠡᠭᠳᠡᠯ ᠤᠨ | ᠬᠤᠷᠳᠤᠴᠠ ᠶᠢᠨ ᠰᠠᠶᠢᠨ ᠤ ᠳᠤᠮᠳᠠ ᠲᠦᠷᠭᠡᠨ ᠪᠠᠶᠢᠵᠤ᠂ ︿ᠰᠢᠯᠢᠳᠡᠭ﹀ ᠭᠡᠳᠡᠭ ᠨᠢ ᠡᠨᠧᠷᠭᠢ ᠶᠢᠨ ᠪᠦᠲᠦᠴᠡ ᠪᠠ | ᠪᠠᠶᠢᠷᠢᠯᠠᠭᠤᠯᠤᠯᠲᠠ ᠰᠠᠶᠢᠨ ᠤ ᠳᠤᠮᠳᠠ ᠰᠢᠯᠢᠳᠡᠭᠵᠢᠭᠰᠡᠨ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠪᠡ᠃ | | | ᠡᠨᠧᠷᠭᠢ ᠶᠢᠨ ᠠᠵᠤ ᠦᠢᠯᠡᠰ ᠪᠣᠯ ᠥᠪᠥᠷ ᠮᠣᠩᠭᠤᠯ ᠤᠨ ᠡᠷᠦᠭᠡ ᠭᠡᠷ ᠢᠶᠠᠨ ᠪᠣᠰᠬᠠᠭᠰᠠᠨ ᠠᠵᠤ ᠦᠢᠯᠡᠰ | ᠮᠥᠨ᠂ ᠨᠡᠩ ᠴᠤ ᠲᠤᠯᠭᠠᠭᠤᠷᠢ ᠠᠵᠤ ᠦᠢᠯᠡᠰ ᠮᠥᠨ᠃ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠤᠯᠤᠰ ᠤᠨ ᠡᠨᠧᠷᠭᠢ ᠶᠢᠨ ᠠᠮᠤᠷ | ᠲᠦᠪᠰᠢᠨ ᠢ ᠪᠠᠲᠤᠯᠠᠬᠤ᠂ ︽ᠡᠨᠧᠷᠭᠢ ᠶᠢᠨ ᠪᠤᠳᠠᠭᠠᠨ ᠠᠶᠠᠭ᠎ᠠ︾ ᠶᠢ ᠪᠠᠲᠤᠯᠠᠬᠤ ᠪᠣᠯ ᠥᠪᠥᠷ ᠮᠣᠩᠭᠤᠯ ᠤᠨ ᠡᠷᠬᠡᠪᠰᠢ | ᠡᠷᠡᠰ ᠰᠠᠶᠢᠲᠤᠷ ᠭᠦᠢᠴᠡᠳᠬᠡᠬᠦ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯᠣᠨ᠎ᠠ᠃ | | | 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ | ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠪᠠᠰᠠ ᠴᠤ ︽ᠳᠥᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ | ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 10 ᠵᠢᠯ ᠤᠨ ᠣᠶ | ᠪᠣᠯᠣᠨ᠎ᠠ᠃ ᠡᠨᠧᠷᠭᠢ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠥᠰᠥᠪᠯᠡᠨ ᠲᠣᠭᠲᠠᠭᠠᠵᠤ᠂ 2024 | ᠣᠨ ᠤ ᠡᠬᠢᠨ ᠳᠤ᠂ ᠥᠪᠥᠷ ᠮᠣᠩᠭᠤᠯ ᠤᠨ ᠡᠨᠧᠷᠭᠢ ᠶᠢᠨ ᠬᠦᠷᠢᠶᠡᠨ ᠤ ᠤᠷᠤᠭᠰᠢᠯᠠᠯᠲᠠ ᠶᠢᠨ ᠪᠦᠷᠢᠶ᠎ᠡ ᠬᠠᠩᠭᠢᠨᠠᠪᠠ᠄ | ᠪᠦᠭᠦ ᠵᠢᠯ ᠳᠤ ᠡᠨᠧᠷᠭᠢ ᠶᠢᠨ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠶᠢ 3360 | ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠵᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠳᠤ 1000 | ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠰᠢᠨ᠎ᠡ ᠡᠨᠧᠷᠭᠢ ᠶᠢᠨ | ᠮᠠᠰᠢᠨ ᠴᠣᠭᠴᠠᠯᠠᠪᠤᠷᠢ ᠶᠢ 1.35 ᠳ᠋ᠦᠩᠰᠢᠭᠤᠷ ᠺᠢᠯᠣᠸᠠᠲ ᠲᠤ ᠬᠦᠷᠭᠡᠵᠦ᠂ ᠨᠡᠭᠦᠷᠡᠰᠦᠨ ᠴᠠᠭᠢᠯᠭᠠᠨ ᠤ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠤᠨ᠎ᠠ᠃ | | | ᠬᠠᠪᠤᠷ ᠴᠠᠭ ᠢ ᠬᠥᠰᠡᠷᠳᠡᠭᠦᠯᠬᠦ ᠦᠭᠡᠢ ᠪᠠᠷ ᠥᠷᠯᠥᠭᠡ ᠦᠳᠡᠰᠢ ᠶᠢ ᠲᠡᠮᠡᠴᠡᠵᠦ᠂ ᠣᠮᠤᠭ ᠵᠣᠷᠢᠭ ᠢᠶᠠᠨ | ᠬᠥᠪᠴᠢᠯᠡᠨ ᠰᠢᠨ᠎ᠡ ᠠᠶᠠᠨ ᠢᠶᠠᠨ ᠡᠬᠢᠯᠡᠭᠦᠯᠦᠨ᠎ᠡ᠃ ᠰᠢᠨ᠎ᠡ ᠨᠢᠭᠡ ᠵᠢᠯ ᠳᠤ᠂ ᠥᠪᠥᠷ ᠮᠣᠩᠭᠤᠯ ᠤᠨ ᠡᠨᠧᠷᠭᠢ ᠶᠢᠨ | ᠲᠣᠮᠣ ᠬᠥᠯᠭᠡ ᠣᠩᠭᠤᠴᠠ ᠦᠷᠭᠦᠯᠵᠢᠯᠡᠨ ᠤᠯᠤᠰ ᠤᠨ ᠤᠳᠤ ᠦᠶ᠎ᠡ ᠶᠢᠨ ᠡᠨᠧᠷᠭᠢ ᠵᠢᠨᠠᠵᠤ ᠠᠬᠤᠢ ᠶᠢᠨ ᠵᠢᠱᠢᠶ᠎ᠡ | ᠦᠵᠡᠭᠦᠯᠭᠦ ᠣᠷᠣᠨ ᠢ ᠪᠦᠲᠦᠭᠡᠨ ᠪᠠᠶᠢᠭᠤᠯᠬᠤ ᠪᠠᠷ ᠶᠡᠷᠦᠩᠬᠡᠢ ᠬᠠᠷᠠᠯᠲᠠ ᠪᠤᠯᠭᠠᠵᠤ᠂ ᠰᠠᠯᠬᠢ ᠳᠠᠪᠠᠯᠭᠠᠨ ᠢ ᠰᠥᠷᠦᠨ | ᠤᠷᠤᠭᠰᠢᠯᠠᠵᠤ᠂ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠵᠦ᠂ ᠣᠮᠤᠭ ᠲᠡᠭᠦᠯᠳᠡᠷ ᠢᠶᠠᠷ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠠᠶᠠᠨ ᠳᠤ ᠮᠣᠷᠳᠠᠨ᠎ᠠ᠃ |