ᠡᠨᠡ ᠵᠢᠯ ᠮᠠᠨ ᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠠᠯᠠᠪᠠᠢ 1500 ᠲᠦᠮᠡᠨ ᠮᠦ ᠶᠢ ᠳᠠᠪᠠᠭ᠋ᠤ ᠪᠣᠯᠣᠨ᠎ᠠ
ᠨᠡᠶᠢᠲᠡᠯᠡᠭᠰᠡᠨ ᠴᠠᠭ᠄
2024/3/5
     ᠲᠦᠷᠦᠭᠦᠬᠡᠨ ᠰᠤᠷᠪᠤᠯᠵᠢᠯᠠᠬᠴᠢ ᠪᠦᠭᠦ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠸᠢᠳᠢᠤ᠋ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ 300 ᠲᠦᠮᠡᠨ ᠮᠦ ᠠᠴᠠ ᠳᠡᠭᠡᠭᠰᠢ ᠣᠶᠢᠵᠢᠭᠤᠯᠵᠤ᠂ 1300 ᠲᠦᠮᠡᠨ ᠮᠦ ᠠᠴᠠ ᠳᠡᠭᠡᠭᠰᠢ ᠡᠪᠡᠰᠦ ᠳᠠᠷᠢᠵᠤ᠂ 1500 ᠲᠦᠮᠡᠨ ᠮᠦ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠴᠣᠭᠴᠠᠯᠠᠬᠤ ᠪᠠᠷ ᠪᠤᠢ᠃      ︽ᠤᠮᠠᠷᠠᠲᠤ ᠶᠢᠨ ᠭᠤᠷᠪᠠᠨ ᠣᠷᠣᠨ︾ ᠤ 13 ᠮᠤᠵᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠡᠭᠦᠷᠭᠡ ᠬᠠᠮᠤᠭ ᠤᠨ ᠬᠦᠨᠳᠦ᠂ ᠬᠠᠷᠢᠭᠤᠴᠠᠯᠭ᠎ᠠ ᠬᠠᠮᠤᠭ ᠤᠨ ᠶᠡᠭᠡ ᠮᠤᠵᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠡᠨᠡ ᠵᠢᠯ ᠮᠠᠨ ᠤ ᠣᠷᠣᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦ ᠪᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠰᠢᠨ᠎ᠡ ᠡᠨᠧᠷᠭᠢ ᠪᠠᠷ ᠡᠯᠡᠰᠦ ᠶᠢ ᠵᠠᠰᠠᠬᠤ ᠶᠢ 90 ᠲᠦᠮᠡᠨ ᠮᠦ ᠠᠴᠠ ᠳᠡᠭᠡᠭᠰᠢ ᠴᠢᠨᠠᠷ ᠰᠠᠶᠢᠲᠠᠢ ᠪᠡᠶᠡᠯᠡᠭᠦᠯᠬᠦ ᠪᠠᠷ ᠴᠢᠷᠮᠠᠶᠢᠨ᠎ᠠ᠃ ᠣᠶ ᠰᠢᠭᠤᠢ ᠪᠠ ᠨᠤᠲᠤᠭ ᠪᠡᠯᠴᠢᠭᠡᠷ  ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠣᠶ ᠰᠢᠭᠤᠢ ᠶᠢᠨ ᠶᠠᠰᠤ ᠴᠢᠨᠠᠷ ᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠭᠦ ᠢᠨᠵᠧᠨᠧᠷᠢᠩ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠬᠡᠷᠡᠭᠵᠢᠭᠦᠯᠦᠨ᠂ ᠬᠡᠪᠴᠢᠶᠡᠵᠢᠭᠦᠯᠦᠭᠰᠡᠨ ᠣᠶ ᠰᠢᠭᠤᠢ ᠶᠢᠨ ᠲᠠᠯᠠᠪᠠᠶ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠦᠭᠦ ᠵᠢᠯ ᠳᠤ 88.92 ᠲᠦᠮᠡᠨ ᠮᠦ ᠣᠶ ᠰᠢᠭᠤᠢ ᠶᠢ ᠠᠷᠠᠴᠢᠯᠠᠨ ᠪᠣᠶᠢᠵᠢᠭᠤᠯᠬᠤ᠂ 573 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ᠂ 12 ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠦᠨ᠂ 255.5 ᠲᠦᠮᠡᠨ ᠮᠦ ᠬᠡᠪᠴᠢᠶᠡᠵᠢᠭᠦᠯᠦᠭᠰᠡᠨ ᠣᠶ ᠰᠢᠭᠤᠢ  ᠶᠢᠨ ᠲᠠᠯᠠᠪᠠᠶ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠪᠣᠯᠣᠨ᠎ᠠ᠃      ᠡᠭᠦᠨ ᠤ ᠬᠠᠮᠲᠤ ᠪᠠᠰᠠ ᠲᠥᠯᠦᠪᠵᠢᠭᠦᠯᠭᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ  ᠪᠡᠯᠡ ᠣᠷᠣᠭᠤᠯᠤᠯᠲᠠ ᠪᠠᠷ ᠭᠤᠣᠯ ᠪᠣᠯᠭᠠᠨ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠠᠷ ᠬᠠᠪᠰᠤᠷᠤᠮᠵᠢ ᠪᠣᠯᠭᠠᠨ᠂ ᠠᠵᠤ ᠠᠬᠤᠶᠢᠯᠠᠯ ᠥᠷᠭᠡᠨ ᠳᠡᠯᠭᠡᠷ ᠣᠷᠣᠯᠴᠠᠬᠰᠠᠨ ︽1+N︾ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ  ᠶᠢ ᠰᠦᠪᠡᠭᠴᠢᠯᠡᠨ ᠪᠠᠶᠢᠭᠤᠯᠵᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠵᠡᠷᠭᠡ ᠠᠷᠭ᠎ᠠ ᠮᠠᠶ᠋ᠢᠭ ᠢ ᠰᠦᠪᠡᠭᠴᠢᠯᠡᠨ ᠳᠡᠯᠭᠡᠷᠡᠭᠦᠯᠵᠦ᠂ ᠨᠠᠩ ᠣᠯᠠᠨ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠣᠷᠣᠯᠴᠠᠭᠤᠯᠤᠨ᠂ ᠡᠷᠭᠢᠨ ᠲᠣᠭᠤᠷᠢᠨ ᠤ ᠮᠤᠵᠢ ᠥᠪᠡᠷᠲᠡᠭᠡᠨ ᠵᠠᠰᠠᠬᠤ ᠣᠷᠣᠨ ᠯᠤᠭ᠎ᠠ ᠲᠣᠭᠲᠠᠭᠰᠠᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠬᠠᠮᠲᠤᠷᠠᠯᠴᠠᠭᠠᠨ ᠤ ᠵᠥᠪᠯᠡᠯᠴᠡᠭᠡᠷ ᠢ ᠪᠦᠭᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠠᠮᠵᠢᠯᠴᠠᠨ ᠡᠯᠡᠰᠦᠷᠬᠡᠭᠵᠢᠯ ᠢ ᠵᠠᠰᠠᠬᠤ᠂ ᠡᠯᠡᠰᠦ ᠶᠢ ᠬᠠᠮᠢᠶᠠᠷᠬᠤ᠂ ᠡᠯᠡᠰᠦ ᠶᠢ ᠠᠰᠢᠭᠯᠠᠬᠤ ᠠᠵᠢᠯ ᠤᠨ ᠪᠠᠶᠢᠷᠢᠰᠢᠯ ᠢ ᠪᠠᠶᠢᠭᠤᠯᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号