| | ᠤᠯᠤᠰ ᠤᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 5 ᠤ ᠡᠳᠦᠷ | ᠨᠡᠶᠢᠲᠡᠯᠡᠭᠰᠡᠨ ︽2023 ᠣᠨ ᠤ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠯᠲᠠ ᠶᠢᠨ ᠠᠵᠢᠯ ᠤᠨ | ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ 2023 ᠣᠨ ᠳᠤ ᠲᠣᠰ ᠲᠣᠪᠴᠢᠶ᠎ᠠ ᠨᠡᠶᠢᠲᠡ 61 ᠵᠦᠢᠯ ᠤᠨ ᠰᠢᠨ᠎ᠡ | ᠡᠭᠦᠳᠦᠯᠲᠡ ᠲᠠᠢ ᠡᠮᠴᠢᠯᠡᠭᠡᠨ ᠤ ᠪᠠᠭᠠᠵᠢ ᠬᠡᠷᠡᠭᠰᠡᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠵᠦ᠂ ᠲᠤᠭ᠎ᠠ | ᠬᠡᠮᠵᠢᠶ᠎ᠡ ᠨᠢ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 2022 ᠣᠨ ᠤ ᠬᠢ ᠠᠴᠠ 6 ᠵᠦᠢᠯ ᠨᠡᠮᠡᠭᠳᠡᠵᠡᠢ᠃ | 2014 ᠣᠨ ᠠᠴᠠ 2023 ᠣᠨ ᠪᠤᠯᠲᠠᠯ᠎ᠠ ᠤᠯᠤᠰ ᠤᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ 250 ᠵᠦᠢᠯ ᠤᠨ ᠰᠢᠨ᠎ᠡ ᠡᠭᠦᠳᠦᠯᠲᠡ ᠲᠠᠢ ᠡᠮᠴᠢᠯᠡᠭᠡᠨ ᠤ ᠪᠠᠭᠠᠵᠢ ᠬᠡᠷᠡᠭᠰᠡᠯ ᠢ ᠵᠠᠬ᠎ᠠ | ᠳᠡᠯᠭᠡᠭᠦᠷ ᠲᠤ ᠭᠠᠷᠭᠠᠬᠤ ᠶᠢ ᠵᠥᠪᠰᠢᠶᠡᠷᠡᠭᠰᠡᠨ ᠪᠠᠶᠢᠨ᠎ᠠ᠃ | | | ᠮᠡᠳᠡᠭᠦᠯᠦᠯᠲᠡ ᠳᠤ ᠲᠠᠨᠢᠯᠴᠠᠭᠤᠯᠤᠭᠰᠠᠨ ᠢᠶᠠᠷ᠂ 2023 ᠣᠨ ᠳᠤ ᠤᠯᠤᠰ ᠤᠨ ᠡᠮ ᠤᠨ ᠵᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠨ᠎ᠡ ᠶᠢ ᠡᠭᠦᠳᠦᠭᠰᠡᠨ ᠡᠮᠴᠢᠯᠡᠭᠡᠨ ᠤ ᠪᠠᠭᠠᠵᠢ ᠬᠡᠷᠡᠭᠰᠡᠯ ᠤᠨ ᠣᠨᠴᠠᠭᠠᠶ | ᠬᠢᠨᠠᠨ ᠵᠥᠪᠰᠢᠶᠡᠷᠡᠯ ᠤᠨ ᠭᠤᠶᠤᠴᠢᠯᠠᠯ ᠢ ᠨᠡᠶᠢᠲᠡ 466 ᠵᠦᠢᠯ ᠭᠥᠯᠢᠶᠡᠨ ᠠᠪᠴᠤ᠂ ᠡᠨᠡ ᠨᠢ 2022 ᠣᠨ ᠤ | ᠬᠢ ᠠᠴᠠ 35.9% ᠪᠠᠷ ᠨᠡᠮᠡᠭᠳᠡᠵᠡᠢ᠂ ᠡᠭᠦᠨ ᠳᠤ 69 ᠵᠦᠢᠯ ᠢ ᠰᠢᠨ᠎ᠡ ᠡᠭᠦᠳᠦᠯᠲᠡ ᠲᠠᠢ ᠡᠮᠴᠢᠯᠡᠭᠡᠨ ᠤ ᠪᠠᠭᠠᠵᠢ | ᠬᠡᠷᠡᠭᠰᠡᠯ ᠤᠨ ᠣᠨᠴᠠᠭᠠᠶ ᠬᠢᠨᠠᠨ ᠪᠠᠶᠢᠴᠠᠭᠠᠯᠲᠠ ᠶᠢᠨ ᠳᠠᠷᠠᠭᠠᠯᠠᠯ ᠳᠤ ᠤᠷᠤᠭᠤᠯᠬᠤ ᠶᠢ ᠵᠥᠪᠰᠢᠶᠡᠷᠡᠨ᠂ ᠡᠴᠦᠰ ᠲᠡᠭᠡᠨ | 61 ᠵᠦᠢᠯ ᠢ ᠨᠢ ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠪᠡ᠃ ᠡᠭᠦᠨ ᠳᠤ ᠡᠬᠢ ᠰᠤᠷᠪᠤᠯᠵᠢ ᠲᠠᠢ | ᠡᠮᠴᠢᠯᠡᠭᠡᠨ ᠤ ᠪᠠᠭᠠᠵᠢ ᠬᠡᠷᠡᠭᠰᠡᠯ 43᠂ ᠡᠬᠢ ᠰᠤᠷᠪᠤᠯᠵᠢ ᠦᠭᠡᠢ ᠡᠮᠴᠢᠯᠡᠭᠡᠨ ᠤ ᠪᠠᠭᠠᠵᠢ ᠬᠡᠷᠡᠭᠰᠡᠯ 16᠂ ᠪᠡᠶ᠎ᠡ ᠶᠢᠨ | ᠭᠠᠳᠠᠨ᠎ᠠ ᠣᠨᠣᠰᠢᠯᠠᠬᠤ ᠤᠷᠪᠠᠯᠵᠢ 2 ᠪᠤᠶ᠃ | | | ᠮᠡᠳᠡᠭᠦᠯᠦᠯᠲᠡ ᠳᠤ ᠳᠤᠷᠠᠳᠤᠭᠰᠠᠨ ᠢᠶᠠᠷ᠂ ᠲᠤᠭ᠎ᠠ ᠬᠡᠮᠵᠢᠶ᠎ᠡ ᠨᠡᠮᠡᠭᠳᠡᠬᠦ ᠶᠢᠨ ᠵᠡᠷᠭᠡ ᠪᠠᠷ ᠰᠢᠨ᠎ᠡ ᠡᠭᠦᠳᠦᠯᠲᠡ | ᠲᠠᠢ ᠡᠮᠴᠢᠯᠡᠭᠡᠨ ᠤ ᠪᠠᠭᠠᠵᠢ ᠬᠡᠷᠡᠭᠰᠡᠯ ᠤᠨ ︽ᠦᠨ᠎ᠡ ᠦᠷᠳᠡᠭ︾ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃ | ᠵᠢᠱᠢᠶᠡᠯᠡᠪᠡᠯ᠂ ᠰᠣᠯᠪᠢᠭᠤ ᠮᠡᠳᠡᠷᠡᠯ ᠢ ᠡᠪᠳᠡᠬᠦ ᠪᠠᠷ ᠳᠡᠮᠵᠢᠨ ᠠᠭᠤᠰᠬᠢᠨ ᠤ ᠯᠤᠭᠰᠢᠭᠤᠨ ᠰᠤᠳᠠᠯ ᠤᠨ ᠥᠨᠳᠥᠷ | ᠳᠠᠷᠤᠯᠲᠠ ᠶᠢ ᠵᠠᠰᠠᠬᠤ ᠳᠤ ᠨᠢᠭᠡ ᠯᠠ ᠤᠳᠠᠭ᠎ᠠ ᠬᠡᠷᠡᠭᠯᠡᠵᠦ ᠪᠤᠯᠬᠤ ᠰᠠᠴᠤᠷᠠᠯ ᠳᠠᠪᠲᠠᠮᠵᠢ ᠪᠠᠷ ᠬᠠᠶᠢᠯᠤᠭᠤᠯᠬᠤ | ᠴᠠᠭᠠᠷᠢᠭ ᠬᠡᠯᠪᠡᠷᠢᠲᠦ ᠳᠠᠮᠵᠢᠭᠤᠯᠭ᠎ᠠ ᠶᠢᠨ ᠬᠤᠭᠤᠯᠠᠢ ᠶᠢ ᠵᠠᠬ᠎ᠠ ᠳᠡᠯᠭᠡᠭᠦᠷ ᠲᠤ ᠭᠠᠷᠭᠠᠬᠤ ᠶᠢ ᠪᠦᠭᠦ ᠳᠡᠯᠡᠬᠡᠢ ᠳᠤ | ᠡᠩ ᠲᠡᠷᠢᠭᠦᠨ ᠳᠤ ᠵᠦᠪᠰᠢᠶ᠋ᠷᠡᠵᠤ᠂ ᠬᠡᠪᠡᠯᠢ ᠶᠢᠨ ᠬᠥᠨᠳᠡᠢ ᠶᠢᠨ ᠳᠣᠲᠣᠷ ᠳᠤᠷᠠᠨ ᠢᠶᠠᠷ ᠲᠠᠩ ᠨᠦᠬᠡᠯᠡᠬᠦ ᠮᠡᠰᠡ | ᠵᠠᠰᠠᠯ ᠤᠨ ᠰᠢᠰᠲ᠋ᠧᠮ᠂ ᠭᠠᠪᠠᠯᠠ ᠶᠢᠨ ᠳᠣᠲᠣᠷᠠᠬᠢ ᠰᠢᠭᠢᠳᠦᠭᠡᠰᠦ ᠶᠢ ᠠᠪᠬᠤ ᠲᠤᠯᠬᠤ ᠵᠢᠶᠠᠰᠠ ᠵᠡᠷᠭᠡ | ᠦᠢᠯᠡᠳᠬᠦᠨ ᠤ ᠮᠡᠷᠭᠡᠵᠢᠯ ᠨᠢ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠬᠦᠷᠴᠦ᠂ ᠣᠯᠠᠨ ᠨᠡᠶᠢᠲᠡ ᠶᠢᠨ | ᠳᠡᠭᠡᠳᠦ ᠲᠠᠰ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ | | | ᠢᠷᠡᠯᠲᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ |