ᠮᠣᠩᠭᠤᠯ ᠦᠨᠳᠦᠰᠦᠲᠡᠨ ᠤ ᠤᠷᠠᠨ ᠬᠠᠳᠬᠤᠮᠠᠯ᠄ ᠬᠤᠷᠤᠭᠤᠨ ᠦᠵᠦᠭᠦᠷ ᠲᠤ ᠢᠯᠡᠷᠡᠭᠦᠯᠦᠭᠰᠡᠨ ᠬᠤᠸᠠᠷ ᠬᠠᠳᠬᠤᠮᠠᠯ ᠤᠨ ᠠᠭᠤᠰᠤᠯᠴᠠᠯ
ᠨᠡᠶᠢᠲᠡᠯᠡᠭᠰᠡᠨ ᠴᠠᠭ᠄
2024/3/5
     ᠭᠠᠷ ᠤᠷᠠᠯᠠᠯ ᠤᠨ ᠬᠠᠳᠬᠤᠮᠠᠯ ᠢ ᠳᠤᠷᠠᠳᠬᠤ ᠳᠤ᠂ ᠰᠦᠵᠸᠤ ᠶᠢᠨ ᠬᠠᠳᠬᠤᠮᠠᠯ᠂ ᠬᠤᠨᠠᠨ ᠤ ᠬᠠᠳᠬᠤᠮᠠᠯ᠂ ᠭᠤᠸᠠᠩᠳᠦ᠋ᠩ ᠤᠨ ᠬᠠᠳᠬᠤᠮᠠᠯ᠂ ᠰᠧᠴᠤᠸᠠᠨ ᠤ ᠬᠠᠳᠬᠤᠮᠠᠯ ᠢ ᠬᠠᠮᠤᠭ ᠤᠨ ᠲᠦᠷᠦᠭᠦᠨ ᠳᠤ ᠪᠤᠳᠤᠵᠤ ᠣᠯᠳᠠᠭ᠃ ᠦᠨᠡᠨ ᠳᠡᠭᠡᠨ ᠢ᠂ ᠪᠦᠶ᠋ᠢ᠂ ᠶᠣᠣ᠂ ᠮᠢᠶᠣᠣ᠂ ᠲᠦᠵᠢᠶᠠ ᠦᠨᠳᠦᠰᠦᠲᠡᠨ᠂ ᠮᠣᠩᠭᠤᠯ᠂ ᠲᠥᠪᠡᠳ ᠵᠡᠷᠭᠡ ᠦᠨᠳᠦᠰᠦᠲᠡᠨ ᠳᠤ ᠪᠦᠷ ᠥᠪᠡᠷ ᠤᠨ ᠦᠨᠳᠦᠰᠦᠲᠡᠨ ᠤ ᠪᠠᠨ ᠬᠠᠳᠬᠤᠮᠠᠯ ᠲᠠᠢ ᠪᠠᠶᠢᠳᠠᠭ᠃ ᠢᠯᠠᠩᠭᠤᠶ᠎ᠠ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠨᠢ ᠪᠣᠷᠣᠭᠵᠢᠭᠤᠨ ᠮᠥᠷᠲᠡᠭᠡᠨ ᠠᠭᠤᠳᠠᠮᠴᠢ᠂ ᠥᠩᠭᠡ ᠪᠤᠳᠤᠭ ᠤᠨ ᠬᠠᠷᠢᠴᠠᠯ  ᠨᠢ ᠥᠨᠢᠷ ᠥᠳᠬᠡᠨ᠂ ᠬᠡ ᠤᠭᠠᠯᠵᠠ ᠨᠢ ᠲᠡᠭᠰᠢ ᠭᠡᠮᠳᠤ ᠮᠥᠷᠲᠡᠭᠡᠨ ᠤᠷᠠᠨ ᠭᠤᠴᠣ᠂ ᠤᠲᠠᠰᠤ ᠣᠶᠣᠳᠠᠯ   ᠨᠢ ᠵᠢᠭᠳᠡ ᠨᠠᠷᠢᠯᠢᠭ ᠪᠠᠶᠢᠵᠤ᠂ ᠤᠮᠠᠷᠠᠲᠤ ᠶᠢᠨ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠢᠶᠠᠷ ᠲᠣᠳᠣᠬᠠᠨ ᠪᠠᠶᠢᠳᠠᠭ ᠢᠶᠠᠷ 2008 ᠣᠨ ᠳᠤ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠵᠠᠢ᠃      58 ᠨᠠᠰᠤᠲᠠᠢ ᠤᠷᠠᠨᠴᠢᠮᠡᠭ ᠮᠣᠩᠭᠤᠯ ᠦᠨᠳᠦᠰᠦᠲᠡᠨ ᠤ ᠬᠠᠳᠬᠤᠮᠠᠯ ᠤᠨ ᠭᠦᠭᠡᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠣᠯᠤᠭᠰᠠᠨ ᠤ ᠬᠤᠪᠢ ᠳᠤ᠂ 40 ᠭᠠᠷᠤᠢ ᠵᠢᠯ ᠤᠷᠠᠨ ᠬᠠᠳᠬᠤᠮᠠᠯ ᠢ ᠤᠷᠠᠯᠠᠨ ᠬᠢᠬᠦ ᠳᠤᠮᠳᠠ᠂ ᠡᠮᠦᠨᠡᠲᠦ ᠣᠷᠣᠨ ᠤ ᠬᠠᠳᠬᠤᠮᠠᠯ ᠤᠨ ᠤᠷ᠎ᠠ ᠮᠡᠷᠭᠡᠵᠢᠯ ᠢ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠳᠤ ᠠᠭᠤᠰᠬᠠᠵᠤ᠂ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠢ ᠰᠢᠨ᠎ᠡ ᠬᠥᠭᠵᠢᠯᠲᠡ ᠲᠠᠢ ᠪᠣᠯᠭᠠᠵᠠᠢ᠃      ᠥᠪᠡᠷᠮᠢᠴᠡ ᠣᠨᠴᠠᠯᠢᠭ ᠲᠠᠢ ᠤᠯᠠᠮᠵᠢᠯᠠᠯᠲᠤ ᠭᠠᠷ ᠤᠷᠠᠯᠠᠯ      ᠬᠠᠳᠬᠤᠮᠠᠯ ᠢ ᠪᠠᠰᠠ ᠵᠡᠭᠦᠦ ᠶᠢᠨ ᠬᠠᠳᠬᠤᠮᠠᠯ ᠭᠡᠳᠡᠭ᠃ ᠡᠩ ᠤᠨ ᠶᠠᠷᠢᠶᠠᠨ ᠳᠤ ᠬᠤᠸᠠᠷ ᠬᠠᠳᠬᠤᠬᠤ ᠭᠡᠳᠡᠭ᠃ ᠬᠠᠳᠬᠤᠮᠠᠯ ᠤᠨ ᠵᠡᠭᠦᠦ ᠪᠠᠷ ᠰᠢᠷᠬᠡᠭ᠂ ᠨᠣᠣᠯᠣᠭᠤᠷ᠂ ᠥᠩᠭᠡᠲᠦ ᠤᠲᠠᠰᠤ ᠶᠢ ᠲᠠᠲᠠᠵᠤ᠂ ᠤᠷᠠᠯᠠᠨ ᠲᠥᠯᠥᠪᠯᠡᠭᠰᠡᠨ ᠬᠡ ᠤᠭᠠᠯᠵᠠ ᠪᠠᠷ ᠨᠢ ᠲᠣᠷᠭ᠎ᠠ ᠳᠤᠷᠳᠤᠩ᠂ ᠪᠥᠰ ᠲᠣᠷᠭ᠎ᠠ ᠵᠡᠷᠭᠡ ᠨᠡᠬᠡᠮᠡᠯ ᠳᠡᠭᠡᠷ᠎ᠡ ᠵᠡᠭᠦᠦ ᠪᠠᠷ ᠬᠠᠳᠬᠤᠨ ᠴᠢᠮᠡᠵᠦ᠂ ᠬᠠᠳᠬᠤᠮᠠᠯ ᠤᠨ ᠣᠷᠣᠮ ᠢᠶᠠᠷ ᠬᠡ ᠤᠭᠠᠯᠵᠠ ᠪᠤᠶᠤ ᠦᠰᠦᠭ ᠪᠢᠴᠢᠭ ᠢ ᠤᠷᠠᠯᠠᠨ ᠪᠦᠲᠦᠭᠡᠳᠡᠭ᠂ ᠡᠨᠡ ᠨᠢ ᠮᠥᠨ ᠴᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠭᠠᠷ ᠤᠷᠠᠯᠠᠯ ᠤᠨ ᠨᠢᠭᠡ ᠪᠣᠯᠣᠨ᠎ᠠ᠃
︽ᠤᠯᠠᠨ ᠰᠢᠪᠠᠭᠤ ᠭᠠᠷᠤᠳᠢ ᠶᠢ ᠲᠠᠭᠠᠬᠰᠠᠨ ᠨᠢ︾      ᠡᠷᠲᠡᠨ ᠤ ᠦᠶ᠎ᠡ ᠳᠤ ᠬᠠᠳᠬᠤᠮᠠᠯ ᠤᠷᠠᠯᠠᠳᠠᠭ ᠬᠥᠮᠥᠨ ᠢ ᠪᠠᠰᠠ ᠣᠶᠣᠳᠠᠯᠴᠢᠨ ᠭᠡᠵᠦ᠂ ᠣᠯᠠᠩᠬᠢ ᠳᠠᠭᠠᠨ ᠡᠮᠡᠭᠲᠡᠶᠢᠴᠦᠳ  ᠬᠢᠳᠡᠭ ᠪᠣᠯᠬᠤᠷ ᠬᠤᠵᠢᠮ ᠨᠢ ᠪᠠᠰᠠ ᠡᠮᠡᠭᠲᠡᠢ ᠬᠠᠳᠬᠤᠮᠠᠯᠴᠢᠨ ᠭᠡᠵᠦ ᠨᠡᠷᠡᠶᠢᠳᠴᠡᠢ᠃︽ᠵᠠᠰᠠᠭᠲᠤ ᠨᠣᠮ︾ ᠳᠤ ᠲᠡᠮᠳᠡᠭᠯᠡᠭᠰᠡᠨ ᠢᠶᠠᠷ᠂ 4000 ᠭᠠᠷᠤᠢ ᠵᠢᠯ ᠤᠨ ᠡᠮᠦᠨᠡᠬᠢ ᠳᠦᠷᠢᠮᠲᠦ ᠬᠤᠪᠴᠠᠰᠤᠨ ᠤ ᠳᠦᠷᠢᠮ ᠳᠤ︽ᠭᠦᠷᠮ᠎ᠠ ᠪᠣᠯᠣᠨ ᠥᠮᠥᠳᠦᠨ ᠳᠤ  ᠪᠦᠷ ᠬᠠᠳᠬᠤᠮᠠᠯ ᠢᠶᠠᠷ ᠤᠷᠠᠯᠠᠨ᠎ᠠ︾ ᠭᠡᠵᠦ ᠲᠣᠭᠲᠠᠭᠠᠵᠠᠢ᠂ ᠵᠧᠦ ᠤᠯᠤᠰ ᠤᠨ ᠦᠶ᠎ᠡ ᠪᠤᠯᠬᠤ ᠳᠤ︽ᠬᠠᠳᠬᠤᠮᠠᠯ ᠤᠨ ᠵᠡᠭᠦᠦ ᠪᠠᠷ ᠰᠢᠷᠬᠡᠭ᠂ ᠨᠣᠣᠯᠣᠭᠤᠷ᠂ ᠥᠩᠭᠡᠲᠦ ᠤᠲᠠᠰᠤ ᠶᠢ ᠲᠠᠲᠠᠵᠤ᠂ ᠤᠷᠠᠯᠠᠨ ᠲᠥᠯᠥᠪᠯᠡᠭᠰᠡᠨ ᠬᠡ ᠤᠭᠠᠯᠵᠠ ᠪᠠᠷ ᠨᠢ ᠲᠣᠷᠭ᠎ᠠ ᠳᠤᠷᠳᠤᠩ᠂ ᠪᠥᠰ ᠲᠣᠷᠭ᠎ᠠ ᠵᠡᠷᠭᠡ ᠨᠡᠬᠡᠮᠡᠯ ᠳᠡᠭᠡᠷ᠎ᠡ ᠵᠡᠭᠦᠦ ᠪᠠᠷ ᠬᠠᠳᠬᠤᠨ ᠴᠢᠮᠡᠵᠦ᠂ ᠬᠠᠳᠬᠤᠮᠠᠯ ᠤᠨ ᠣᠷᠣᠮ ᠢᠶᠠᠷ ᠬᠡ ᠤᠭᠠᠯᠵᠠ ᠪᠤᠶᠤ ᠦᠰᠦᠭ ᠪᠢᠴᠢᠭ ᠢ ᠤᠷᠠᠯᠠᠨ ᠪᠦᠲᠦᠭᠡᠳᠡᠭ︾ ᠭᠡᠰᠡᠨ ᠲᠡᠮᠳᠡᠭᠯᠡᠯ ᠲᠠᠢ ᠪᠠᠶᠢᠵᠠᠢ᠃      ᠣᠳᠣ ᠦᠶ᠎ᠡ ᠳᠤ᠂ ᠬᠤᠪᠧᠢ ᠪᠣᠯᠣᠨ ᠬᠤᠨᠠᠨ ᠠᠴᠠ ᠣᠯᠳᠠᠭᠰᠠᠨ ᠪᠠᠶᠢᠯᠳᠤᠭᠠᠨᠲᠤ ᠤᠯᠤᠰ᠂ ᠬᠤᠶᠠᠷ ᠬᠠᠨ ᠤᠯᠤᠰ ᠤᠨ ᠬᠠᠳᠬᠤᠮᠠᠯ ᠤᠨ  ᠲᠦᠪᠰᠢᠨ ᠮᠠᠰᠢ ᠥᠨᠳᠥᠷ ᠪᠠᠶᠢᠪᠠ᠃ ᠲᠠᠩ ᠤᠯᠤᠰ ᠰᠦᠩ ᠤᠯᠤᠰ ᠤᠨ ᠦᠶ᠎ᠡ ᠶᠢᠨ ᠬᠠᠳᠬᠤᠮᠠᠯ ᠤᠨ ᠵᠡᠭᠦᠦ ᠨᠢ ᠵᠢᠭᠳᠡ ᠨᠠᠷᠢᠨ᠂ ᠥᠩᠭᠡ ᠪᠤᠳᠤᠭ ᠨᠢ ᠨᠡᠩᠳᠡ ᠤᠯᠠᠨ᠂ ᠤᠷᠠᠨ ᠪᠢᠴᠢᠯᠭᠡ ᠤᠷᠠᠨ ᠵᠢᠷᠤᠭ᠂ ᠴᠢᠮᠡᠭᠯᠡᠯ ᠤᠨ ᠡᠳ᠋ ᠵᠡᠷᠭᠡ ᠳᠤ ᠬᠠᠳᠬᠤᠮᠠᠯ ᠢ ᠥᠷᠭᠡᠨ ᠢᠶᠠᠷ ᠬᠡᠷᠡᠭᠯᠡᠵᠦ ᠪᠠᠶᠢᠪᠠ᠃ ᠮᠢᠩ ᠤᠯᠤᠰ ᠴᠢᠩ ᠤᠯᠤᠰ ᠤᠨ ᠦᠶ᠎ᠡ ᠳᠤ᠂ ᠣᠷᠳᠣᠨ ᠤ ᠬᠠᠳᠬᠤᠮᠠᠯ ᠤᠨ ᠠᠵᠢᠯ ᠮᠠᠰᠢ ᠠᠷᠪᠢᠨ ᠪᠠᠶᠢᠵᠤ᠂ ᠠᠷᠠᠳ ᠤᠨ ᠬᠠᠳᠬᠤᠮᠠᠯ ᠴᠤ ᠴᠢᠨᠠᠭᠰᠢᠳᠠ ᠬᠥᠭᠵᠢᠭᠰᠡᠨ ᠪᠠᠶᠢᠨ᠎ᠠ᠃ ᠡᠨᠡ ᠬᠤᠭᠤᠴᠠᠭᠠᠨ ᠳᠤ ᠤᠷᠢᠳ ᠬᠤᠵᠢᠳ ︽ᠳᠥᠷᠪᠡᠨ ᠶᠡᠭᠡ ᠨᠡᠷᠡᠲᠦ ᠬᠠᠳᠬᠤᠮᠠᠯ︾ ᠪᠤᠶ ᠪᠣᠯᠵᠠᠢ᠃ ᠡᠨᠡ ᠨᠢ ᠳᠠᠷᠤᠢ ᠰᠦᠵᠧᠦ ᠶᠢᠨ ᠬᠠᠳᠬᠤᠮᠠᠯ᠂ ᠬᠤᠨᠠᠨ ᠤ ᠬᠠᠳᠬᠤᠮᠠᠯ᠂ ᠭᠤᠸᠠᠩᠳᠦ᠋ᠩ ᠤᠨ ᠬᠠᠳᠬᠤᠮᠠᠯ᠂ ᠰᠧᠴᠤᠸᠠᠨ ᠤ ᠬᠠᠳᠬᠤᠮᠠᠯ ᠪᠣᠯᠣᠨ᠎ᠠ᠃ ᠡᠭᠦᠨ ᠠᠴᠠ ᠭᠠᠳᠠᠨ᠎ᠠ ᠪᠠᠰᠠ ᠱᠠᠩᠬᠠᠢ ᠶᠢᠨ ᠬᠠᠳᠬᠤᠮᠠᠯ᠂ ᠪᠡᠭᠡᠵᠢᠩ ᠤᠨ ᠬᠠᠳᠬᠤᠮᠠᠯ᠂ ᠱᠠᠨᠳᠦ᠋ᠩ ᠤᠨ ᠬᠠᠳᠬᠤᠮᠠᠯ᠂ ᠹᠦᠵᠢᠶᠠᠨ ᠤ ᠬᠠᠳᠬᠤᠮᠠᠯ᠂ ᠾᠧᠨᠠᠨ ᠤ ᠬᠠᠳᠬᠤᠮᠠᠯ᠂ ᠬᠤᠪᠧᠢ ᠦᠬᠠᠨ ᠤ ᠬᠠᠳᠬᠤᠮᠠᠯ ᠪᠠ ᠮᠢᠶᠣᠣ ᠦᠨᠳᠦᠰᠦᠲᠡᠨ ᠤ ᠬᠠᠳᠬᠤᠮᠠᠯ ᠵᠡᠷᠭᠡ ᠨᠢ ᠴᠥᠮ ᠥᠪᠡᠷᠮᠢᠴᠡ ᠬᠡᠪ ᠨᠠᠮᠪᠠ ᠲᠠᠢ ᠪᠥᠭᠡᠳ ᠥᠨᠢ ᠤᠳᠠᠭᠠᠨ ᠲᠡᠦᠬᠡ ᠲᠠᠢ ᠬᠠᠳᠬᠤᠮᠠᠯ ᠶᠤᠮ᠃
︽ᠴᠡᠴᠡᠭ ᠳᠡᠯᠭᠡᠷᠡᠵᠦ ᠬᠡᠰᠢᠭ ᠳᠡᠯᠭᠡᠷᠡᠨ᠎ᠡ︾      ︽ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠢ ᠣᠯᠠᠩᠬᠢ ᠬᠥᠮᠥᠰ ᠬᠠᠷᠠᠬᠠᠨ ᠮᠡᠳᠡᠭᠡᠳᠦᠢ ᠪᠠᠶᠢᠭᠰᠠᠭᠠᠷ ᠪᠤᠯᠪᠠᠴᠤ ᠲᠡᠦᠬᠡ ᠶᠢᠨ ᠤᠯᠠᠮᠵᠢᠯᠠᠯ᠂ ᠤᠷᠠᠯᠢᠭ ᠤᠨ ᠣᠨᠴᠠᠯᠢᠭ ᠤᠨ ᠬᠤᠪᠢ ᠳᠤ ᠬᠡ ᠤᠭᠠᠯᠵᠠ ᠨᠢ ᠭᠤᠶᠣ ᠰᠠᠶᠢᠬᠠᠨ᠂ ᠥᠩᠭᠡ ᠪᠤᠳᠤᠭ ᠨᠢ ᠡᠶ᠎ᠡ ᠵᠣᠬᠢᠴᠠᠩᠭᠤᠢ᠂ ᠵᠢᠷᠤᠭᠠᠰᠤ ᠨᠢ ᠢᠯᠭᠤᠮ ᠲᠣᠳᠣ᠂ ᠣᠶᠣᠳᠠᠯ ᠨᠢ ᠴᠣᠪᠣᠭᠤᠯᠢᠭ᠂ ᠬᠠᠳᠬᠤᠮᠠᠯ ᠨᠢ ᠨᠠᠷᠢᠯᠢᠭ ᠵᠡᠷᠭᠡ ᠣᠨᠴᠠᠯᠢᠭ ᠲᠠᠢ ᠪᠠᠶᠢᠳᠠᠭ︾ᠭᠡᠵᠦ ᠤᠷᠠᠨᠴᠢᠮᠡᠭ ᠲᠠᠨᠢᠯᠴᠠᠭᠤᠯᠤᠨ᠎ᠠ᠃ ᠲᠠᠷᠠ᠂ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠤᠨ ᠳᠣᠲᠣᠷ᠎ᠠ ᠠᠴᠠ ᠬᠢᠲᠠᠳ ᠦᠨᠳᠦᠰᠦᠲᠡᠨ᠂ ᠮᠠᠨᠵᠤ ᠦᠨᠳᠦᠰᠦᠲᠡᠨ ᠵᠡᠷᠭᠡ ᠪᠤᠰᠤᠳ ᠦᠨᠳᠦᠰᠦᠲᠡᠨ ᠤ ᠬᠠᠳᠬᠤᠮᠠᠯ ᠤᠨ ᠤᠷ᠎ᠠ ᠮᠡᠷᠭᠡᠵᠢᠯ ᠢ ᠴᠦ ᠣᠯᠵᠤ ᠬᠠᠷᠠᠳᠠᠭ ᠭᠡᠵᠦ ᠶᠠᠷᠢᠵᠤ ᠪᠠᠶᠢᠭᠰᠠᠨ ᠪᠢᠯᠡ᠃      ︽ᠮᠣᠩᠭᠤᠯ ᠤᠨ ᠵᠠᠩ ᠦᠢᠯᠡ ᠶᠢᠨ ᠲᠣᠯᠢ︾ ᠳᠤ᠄︽ᠵᠧᠦ ᠤᠯᠤᠰ᠂ ᠲᠠᠩ ᠤᠯᠤᠰ ᠠᠴᠠ ᠨᠠᠭᠠᠰᠢ ᠬᠢᠲᠠᠳ ᠦᠨᠳᠦᠰᠦᠲᠡᠨ ᠤ ᠬᠡᠮᠡᠷᠯᠢᠭ ᠲᠣᠷᠭ᠎ᠠ ᠨᠡᠬᠡᠬᠦ ᠨᠢ ᠨᠢᠭᠡᠨᠲᠡ ᠮᠣᠩᠭᠤᠯ ᠣᠷᠣᠨ ᠳᠤ ᠤᠯᠠᠮᠵᠢᠯᠠᠭᠳᠠᠨ ᠣᠷᠣᠵᠤ ᠢᠷᠡᠪᠡ︾ ᠭᠡᠵᠦ ᠲᠡᠮᠳᠡᠭᠯᠡᠭᠰᠡᠨ ᠪᠠᠶᠢᠳᠠᠭ᠃ ᠮᠢᠩ ᠤᠯᠤᠰ ᠴᠢᠩ ᠤᠯᠤᠰ ᠤᠨ ᠦᠶ᠎ᠡ ᠳᠤ᠂ ᠡᠭᠦᠯᠡᠨ ᠬᠡᠮᠡᠷᠯᠢᠭ ᠬᠠᠳᠬᠤᠮᠠᠯ ᠦᠳᠲᠡᠷ ᠲᠦᠷᠭᠡᠨ ᠬᠥᠭᠵᠢᠵᠦ᠂ ᠵᠠᠬ᠎ᠠ ᠶᠢᠨ ᠠᠷᠠᠯᠵᠢᠶ᠎ᠠ ᠵᠡᠷᠭᠡ ᠭᠡᠯᠪᠡᠷᠢ ᠪᠠᠷ ᠳᠡᠮᠵᠢᠨ᠂ ᠡᠭᠦᠯᠡᠨ ᠬᠡᠮᠡᠷᠯᠢᠭ ᠬᠠᠳᠬᠤᠮᠠᠯ ᠤᠨ ᠤᠷ᠎ᠠ ᠮᠡᠷᠭᠡᠵᠢᠯ ᠤᠮᠠᠷᠠᠲᠤ ᠣᠷᠣᠨ ᠳᠤ ᠤᠯᠠᠮᠵᠢᠯᠠᠭᠳᠠᠨ ᠢᠷᠡᠵᠡᠶ᠃ ᠡᠲᠡᠭᠡᠷ ᠡᠭᠦᠯᠡᠨ ᠬᠡᠮᠡᠷᠯᠢᠭ ᠬᠠᠳᠬᠤᠮᠠᠯ ᠨᠢ ᠲᠤᠬᠠᠢ ᠶᠢᠨ ᠭᠠᠵᠠᠷ ᠤᠨ ᠭᠠᠷ ᠤᠷᠠᠯᠠᠯ ᠤᠨ ᠬᠥᠮᠥᠰ ᠤᠨ ᠬᠠᠷᠠᠭ᠎ᠠ ᠶᠢ ᠥᠷᠭᠡᠳᠬᠡᠭᠰᠡᠨ ᠠᠴᠠ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠤᠨ ᠤᠷ᠎ᠠ ᠮᠡᠷᠭᠡᠵᠢᠯ ᠢ ᠪᠠᠶᠠᠯᠢᠭᠵᠢᠭᠤᠯᠤᠨ ᠬᠥᠭᠵᠢᠭᠦᠯᠦᠭᠰᠡᠨ ᠪᠠᠶᠢᠨ᠎ᠠ᠃      ᠴᠢᠩ ᠤᠯᠤᠰ ᠤᠨ ᠦᠶ᠎ᠡ ᠳᠤ᠂ ᠮᠠᠨᠵᠤ ᠦᠨᠳᠦᠰᠦᠲᠡᠨ ᠤ ᠬᠤᠪᠴᠠᠰᠤ ᠵᠠᠰᠠᠯ ᠵᠢᠴᠢ ᠡᠯ᠎ᠡ ᠵᠦᠢᠯ ᠤᠨ ᠬᠠᠳᠬᠤᠮᠠᠯ ᠤᠨ ᠪᠦᠲᠦᠭᠡᠯ ᠮᠣᠩᠭᠤᠯ ᠦᠨᠳᠦᠰᠦᠲᠡᠨ ᠤ ᠭᠠᠵᠠᠷ ᠣᠷᠣᠨ ᠳᠤ ᠥᠷᠭᠡᠨ ᠢᠶᠠᠷ ᠳᠡᠯᠭᠡᠷᠡᠵᠦ᠂ ᠲᠤᠬᠠᠢ ᠶᠢᠨ ᠦᠶ᠎ᠡ ᠳᠤ ᠪᠡᠭᠡᠵᠢᠩ ᠤᠨ ᠬᠠᠪᠲᠠᠭ᠎ᠠ ᠶᠢᠨ ᠦᠢᠯᠡᠳᠬᠡᠯ ᠤᠨ ᠭᠠᠵᠠᠷ ᠤᠨ ᠦᠢᠯᠡᠳᠪᠦᠷᠢᠯᠡᠭᠰᠡᠨ ᠲᠡᠯᠢᠩ᠂ ᠤᠭᠤᠲᠠ ᠵᠡᠷᠭᠡ ᠨᠠᠷᠢᠯᠢᠭ ᠬᠢᠴᠡ ᠲᠠᠢ ᠬᠠᠳᠬᠤᠮᠠᠯ ᠤᠨ ᠪᠦᠲᠦᠭᠡᠯ ᠴᠦ ᠤᠮᠠᠷᠠᠲᠤ ᠣᠷᠣᠨ ᠳᠤ ᠤᠯᠠᠮᠵᠢᠯᠠᠭᠳᠠᠨ ᠣᠷᠣᠵᠤ ᠢᠷᠡᠵᠡᠢ᠃      ᠤᠭ ᠰᠠᠨᠠᠭ᠎ᠠ ᠪᠠᠨ ᠦᠯᠦ ᠮᠠᠷᠲᠠᠨ  ᠠᠯᠳᠠᠷ ᠨᠡᠷ᠎ᠡ ᠪᠠᠨ ᠮᠠᠨᠳᠤᠭᠤᠯᠤᠨᠠᠮ      ︽ᠬᠠᠳᠬᠤᠮᠠᠯ ᠨᠢ ᠮᠣᠩᠭᠤᠯ ᠦᠨᠳᠦᠰᠦᠲᠡᠨ ᠤ ᠬᠤᠪᠴᠠᠰᠤ ᠵᠠᠰᠠᠯ᠂ ᠬᠤᠭᠤᠯᠠ ᠤᠮᠳᠠ᠂ ᠣᠷᠣᠨ ᠰᠠᠭᠤᠴᠠ᠂ ᠶᠠᠪᠤᠵᠤ ᠰᠠᠭᠤᠬᠤ ᠳᠤ ᠮᠠᠰᠢ ᠲᠦᠭᠡᠮᠡᠯ ᠬᠠᠷᠠᠭᠳᠠᠳᠠᠭ︾ ᠭᠡᠵᠦ ᠤᠷᠠᠨᠴᠢᠮᠡᠭ ᠶᠠᠷᠢᠨ᠎ᠠ᠃ ᠡᠷᠲᠡᠨ ᠠᠴᠠ ᠪᠠᠨ ᠮᠣᠩᠭᠤᠯ ᠪᠦᠰᠡᠭᠦᠶᠢᠴᠦᠳ ᠤᠷᠠᠨ ᠬᠠᠳᠬᠤᠮᠠᠯ ᠬᠠᠳᠬᠤᠬᠤ ᠳᠠᠭᠠᠨ ᠴᠢᠳᠠᠮᠠᠭᠠᠢ ᠪᠠᠶᠢᠵᠤ᠂ ᠮᠣᠩᠭᠤᠯ ᠥᠬᠢᠳ ᠬᠠᠷᠠᠬᠠᠨ ᠪᠠᠭ᠎ᠠ ᠠᠴᠠ ᠡᠵᠢ ᠠᠴᠠ ᠪᠠᠨ ᠤᠷᠠᠨ ᠬᠠᠳᠬᠤᠮᠠᠯ ᠰᠤᠷᠴᠤ᠂ ᠭᠡᠷ ᠪᠦᠯᠢ ᠶᠢᠨ ᠢᠶᠠᠨ ᠡᠯ᠎ᠡ ᠵᠦᠢᠯ ᠤᠨ ᠣᠶᠣᠳᠠᠯ ᠤᠨ ᠠᠵᠢᠯ ᠢ ᠪᠣᠯᠪᠠᠰᠤᠷᠠᠩᠭᠤᠢ ᠡᠵᠡᠮᠰᠢᠭᠰᠡᠨ ᠪᠠᠶᠢᠳᠠᠭ᠃      ᠤᠯᠠᠭᠠᠨᠬᠠᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤᠨ ᠳᠤ ᠲᠦᠷᠦᠭᠰᠡᠨ ᠤᠷᠠᠨᠴᠢᠮᠡᠭ ᠲᠤᠯᠤᠭ᠎ᠠ ᠨᠠᠢᠮᠠᠨ ᠨᠠᠰᠤᠨ ᠠᠴᠠ ᠪᠠᠨ ᠡᠬᠢᠯᠡᠨ ᠰᠠᠨᠠᠭᠠᠴᠢᠯᠠᠭ᠎ᠠ ᠲᠠᠢ ᠪᠠᠷ ᠡᠵᠢ ᠪᠣᠯᠣᠨ ᠨᠠᠭᠠᠴᠤ ᠡᠮᠡᠭᠡ ᠪᠠᠨ ᠲᠠᠭᠠᠵᠦ ᠡᠯ᠎ᠡ ᠵᠦᠢᠯ ᠤᠨ ᠬᠠᠪᠲᠠᠭ᠎ᠠ᠂ ᠣᠶᠢᠮᠤᠰᠤ ᠵᠡᠷᠭᠡ ᠭᠡᠷ ᠵᠠᠭᠤᠷ᠎ᠠ ᠶᠢᠨ ᠡᠮᠦᠰᠬᠦ ᠬᠤᠪᠴᠠᠰᠤ ᠬᠤᠨᠠᠷ ᠬᠠᠳᠬᠤᠵᠤ ᠤᠷᠠᠯᠠᠬᠤ ᠶᠢ ᠰᠤᠷᠴᠤ᠂ ᠠᠷᠪᠠᠨ ᠲᠠᠪᠤ ᠵᠢᠷᠭᠤᠭᠠᠨ ᠨᠠᠰᠤ ᠬᠦᠷᠬᠦ ᠳᠤ᠂ ᠲᠡᠷᠡ ᠪᠠᠷ ᠨᠢᠭᠡᠨᠲᠡ ᠬᠠᠳᠬᠤᠮᠠᠯ ᠤᠨ ᠤᠷ᠎ᠠ ᠮᠡᠷᠭᠡᠵᠢᠯ ᠢ ᠳᠠᠳᠮᠠᠭᠠᠢ ᠡᠵᠡᠮᠰᠢᠵᠦ᠂ ᠤᠯᠠᠨ ᠶᠠᠩᠵᠤ ᠶᠢᠨ ᠬᠤᠸᠠᠷ ᠲᠠᠢ ᠱᠠᠬᠠᠢ᠂ ᠮᠣᠷᠢᠨ ᠭᠤᠲᠤᠯ ᠵᠡᠷᠭᠡ ᠬᠠᠳᠬᠤᠮᠠᠯ ᠤᠨ ᠡᠳ᠋ ᠢ ᠡᠬᠢᠯᠡᠨ ᠬᠠᠳᠬᠤᠵᠤ ᠴᠢᠳᠠᠬᠤ ᠪᠣᠯᠵᠠᠢ᠃
︽ᠠᠮᠵᠢᠯᠲᠠ ᠳᠦᠭᠦᠷᠡᠩ︾     18 ᠨᠠᠰᠤᠲᠠᠢ ᠳᠠᠭᠠᠨ ᠤᠷᠠᠨᠴᠢᠮᠡᠭ ᠤᠷᠤᠭᠯᠠᠵᠤ ᠠᠶᠢᠯ ᠭᠡᠷ ᠪᠣᠯᠪᠠ᠃ ᠬᠠᠳᠠᠮ ᠤᠨ ᠢᠶᠠᠨ ᠭᠡᠷ ᠲᠤ ᠲᠡᠷᠡ ᠡᠨᠡ ᠬᠦ ᠤᠷ᠎ᠠ ᠮᠡᠷᠭᠡᠵᠢᠯ ᠳᠤ ᠲᠦᠰᠢᠭᠯᠡᠨ᠂ ᠰᠤᠯᠠ ᠰᠡᠯᠡᠭᠦᠦ ᠴᠠᠭ ᠢᠶᠠᠷ ᠢᠶᠠᠨ ᠠᠶᠢᠯ ᠰᠠᠭᠠᠬᠠᠯᠲᠠ ᠶᠢᠨ ᠢᠶᠠᠨ ᠠᠬ᠎ᠠ ᠳᠡᠭᠦᠦ ᠨᠠᠷ ᠲᠤ ᠳᠡᠪᠡᠯ᠂ ᠬᠥᠪᠥᠩᠲᠡᠢ ᠭᠦᠷᠮ᠎ᠡ᠂ ᠲᠠᠮᠠᠬᠢᠨ ᠤᠭᠤᠲᠠ ᠵᠡᠷᠭᠡ ᠶᠢ ᠣᠶᠣᠵᠤ ᠥᠭᠴᠦ᠂ ᠣᠯᠣᠭᠰᠠᠨ ᠮᠥᠩᠭᠦ ᠪᠠᠷ ᠢᠶᠠᠨ ᠭᠡᠷ ᠪᠦᠯᠢ ᠪᠠᠨ ᠲᠡᠵᠢᠭᠡᠵᠦ᠂ ᠠᠭᠠᠵᠢᠮ ᠢᠶᠠᠷ ᠲᠤᠬᠠᠢ ᠶᠢᠨ ᠭᠠᠵᠠᠷ ᠲᠠᠭᠠᠨ ᠨᠡᠷ᠎ᠡ ᠠᠯᠳᠠᠷᠰᠢᠭᠰᠠᠨ ᠪᠠᠶᠢᠨ᠎ᠠ᠃      ︽ᠪᠢ ᠵᠦᠭᠡᠷ ᠰᠠᠭᠤᠵᠤ ᠴᠢᠳᠠᠬᠤ ᠦᠭᠡᠢ ᠬᠥᠮᠥᠨ ᠠ᠋᠂ ᠶᠡᠷᠦᠨᠢ ᠬᠠᠳᠬᠤᠮᠠᠯ ᠤᠨ ᠲᠠᠯ᠎ᠠ ᠪᠠᠷ ᠶᠠᠭᠤᠮ᠎ᠠ ᠪᠦᠲᠦᠭᠡᠶ᠎ᠡ ᠭᠡᠵᠦ ᠪᠤᠳᠤᠳᠠᠭ᠂ 1995 ᠣᠨ ᠳᠤ ᠪᠢ 30 ᠨᠠᠰᠤᠲᠠᠢ ᠪᠠᠶᠢᠬᠤ ᠳᠠᠭᠠᠨ᠂ ᠲᠦᠷᠦᠯ ᠰᠠᠳᠤᠨ ᠤ ᠪᠠᠨ ᠲᠠᠨᠢᠯᠴᠠᠭᠤᠯᠭ᠎ᠠ ᠪᠠᠷ ᠭᠦᠭᠡᠬᠤᠲᠠ ᠶᠢᠨ ᠨᠢᠭᠡᠨ ᠮᠡᠷᠭᠡᠵᠢᠯ ᠤᠨ ᠰᠤᠷᠭᠠᠭᠤᠯᠢ ᠳᠤ ᠢᠷᠡᠵᠤ ᠬᠤᠪᠴᠠᠰᠤ ᠡᠰᠬᠡᠬᠦ ᠮᠡᠷᠭᠡᠵᠢᠯ ᠰᠤᠷᠴᠠᠢ᠂ ᠪᠤᠰᠤᠳ ᠬᠥᠮᠥᠨ 1 ᠵᠢᠯ ᠰᠤᠷᠤᠯᠴᠠᠭᠠᠳ ᠰᠠᠶ᠋ᠢ ᠲᠡᠭᠦᠰᠬᠦ ᠳᠤ᠂ ᠪᠢ ᠭᠤᠷᠪᠠᠭ᠋ᠠᠨ ᠰᠠᠷ᠎ᠠ ᠶᠢᠨ ᠳᠣᠲᠣᠷ᠎ᠠ ᠲᠡᠭᠦᠰᠴᠢᠬᠡᠭᠰᠡᠨ︾ ᠭᠡᠵᠦ ᠤᠷᠠᠨᠴᠢᠮᠡᠭ ᠶᠠᠷᠢᠬᠤ ᠶᠢᠨ ᠳᠠᠭᠠᠤ᠂ ᠲᠡᠭᠦᠰᠦᠭᠰᠡᠨ ᠤ ᠳᠠᠷᠠᠭ᠎ᠠ ᠭᠡᠷ ᠤᠨ ᠬᠥᠮᠥᠰ ᠢᠶᠠᠨ ᠪᠠᠭᠠᠷᠢᠨ ᠪᠠᠷᠠᠭᠤᠨ ᠬᠤᠰᠢᠭᠤᠨ ᠠᠴᠠ ᠭᠦᠭᠡᠬᠤᠲᠠ ᠳᠤ ᠲᠤᠰᠴᠤ ᠢᠷᠡᠭᠡᠳ᠂ ᠦᠢᠯᠡᠰ ᠪᠣᠰᠬᠠᠵᠤ ᠡᠬᠢᠯᠡᠵᠡᠢ ᠬᠡᠮᠡᠨ ᠵᠣᠭᠤᠭ ᠳᠡᠯᠭᠡᠵᠦ ᠰᠠᠭᠤᠯ᠎ᠠ᠃      ᠤᠷᠠᠨᠴᠢᠮᠡᠭ ᠤᠨ ᠰᠡᠳᠬᠢᠯ ᠳᠤ ᠬᠠᠳᠬᠤᠮᠠᠯ ᠬᠠᠮᠤᠭ ᠤᠨ ᠲᠡᠷᠢᠭᠦᠨ ᠪᠠᠶᠢᠷᠢᠨ ᠳᠤ  ᠪᠠᠶᠢᠵᠤ᠂ ᠬᠠᠳᠬᠤᠮᠠᠯ ᠤᠨ ᠦᠢᠯᠡᠰ ᠢ ᠰᠠᠶᠢᠲᠤᠷ ᠭᠢᠶ᠎ᠠ ᠭᠡᠵᠦ ᠳᠠᠩᠳᠠ ᠪᠤᠳᠤᠳᠠᠭ᠂ ᠲᠡᠷᠡ ᠡᠨᠡ ᠬᠦ  ᠤᠷ᠎ᠠ ᠮᠡᠷᠭᠡᠵᠢᠯ ᠳᠡᠭᠡᠨ ᠲᠦᠰᠢᠭᠯᠡᠨ ᠭᠦᠭᠡᠬᠤᠲᠠ ᠳᠤ ᠣᠷᠣᠰᠢᠨ ᠲᠣᠭᠲᠠᠨᠢᠬᠤ ᠶᠢ ᠬᠦᠰᠡᠵᠦ᠂ ᠨᠡᠩ ᠣᠯᠠᠨ ᠬᠥᠮᠥᠨ ᠳᠤ ᠡᠨᠡ ᠬᠦ ᠤᠷ᠎ᠠ ᠮᠡᠷᠭᠡᠵᠢᠯ ᠢ ᠲᠠᠨᠢᠭᠤᠯᠵᠤ᠂ ᠣᠶᠢᠯᠠᠭᠠᠭᠤᠯᠬᠤ ᠶᠢ ᠬᠦᠰᠡᠵᠦ ᠪᠠᠶᠢᠪᠠ᠃      ᠲᠡᠷᠡ ᠵᠢᠯ᠂ ᠤᠷᠠᠨᠴᠢᠮᠡᠭ ᠭᠠᠭᠴᠠᠭᠠᠷ ᠢᠶᠠᠨ ᠳᠤᠭᠤᠢ ᠲᠡᠷᠭᠡ ᠤᠨᠤᠵᠤ ᠭᠦᠭᠡᠬᠤᠲᠠ ᠶᠢᠨ ᠵᠡᠭᠡᠯᠢ ᠭᠤᠳᠤᠮᠵᠢ ᠪᠠᠷ ᠲᠣᠭᠤᠷᠢᠵᠤ ᠶᠠᠪᠤᠬᠤ ᠳᠤ᠂ ᠬᠠᠳᠬᠤᠮᠠᠯ ᠤᠨ ᠳᠡᠯᠭᠡᠭᠦᠷ ᠨᠢᠭᠡ ᠴᠦ ᠦᠭᠡᠢ ᠪᠠᠶᠢᠬᠤ ᠶᠢ ᠣᠯᠵᠤ ᠮᠡᠳᠡᠭᠡᠳ᠂ ᠭᠦᠭᠡᠬᠤᠳᠠ ᠶᠢᠨ ᠪᠦᠯᠬᠦᠮᠳᠡᠯ ᠰᠠᠭᠤᠭᠠᠯᠢ ᠲᠣᠭᠤᠷᠢᠭ ᠲᠤ ᠣᠶᠣᠳᠠᠯ ᠤᠨ ᠭᠠᠵᠠᠷ ᠨᠡᠭᠡᠭᠡᠬᠦ ᠶᠢᠨ ᠬᠠᠮᠲᠤ ᠬᠠᠳᠬᠤᠮᠠᠯ ᠤᠨ ᠠᠵᠢᠯ ᠢ ᠬᠠᠪᠰᠤᠷᠭᠠᠨ ᠡᠵᠡᠩᠨᠡᠵᠦ ᠪᠠᠶᠢᠪᠠ᠃      ︽ᠪᠢ ᠨᠡᠷᠡᠲᠦ ᠬᠥᠮᠥᠰ ᠤᠨ ᠭᠦᠷᠥᠭ ᠢ ᠲᠤᠰᠬᠠᠶᠢᠯᠠᠨ ᠬᠠᠳᠬᠤᠵᠤ᠂ ᠢᠯᠡ ᠭᠠᠵᠠᠷ ᠲᠤ ᠲᠠᠯᠪᠢᠭᠰᠠᠨ ᠶᠤᠮ᠂ ᠣᠷᠣᠵᠤ ᠭᠠᠷᠬᠤ ᠬᠥᠮᠥᠰ ᠲᠡᠭᠦᠨ ᠢ ᠣᠯᠵᠤ ᠦᠵᠡᠭᠡᠳ᠂︿ᠬᠡᠨ ᠤ ᠬᠠᠳᠬᠤᠮᠠᠯᠯᠠᠭᠰᠠᠨ ᠬᠠᠳᠬᠤᠮᠠᠯ ᠪᠤᠶ᠂ ᠦᠨᠡᠬᠡᠷ ᠭᠤᠶᠤ ᠪᠠᠶᠢᠨ᠎ᠠ﹀ ᠭᠡᠵᠦ ᠠᠰᠠᠭᠤᠳᠠᠭ ᠶᠤᠮ᠂ ᠡᠭᠦᠨ ᠠᠴᠠ ᠬᠤᠶᠢᠰᠢ  ᠮᠢᠨᠤ ᠬᠠᠳᠬᠤᠮᠠᠯ ᠤᠨ ᠠᠵᠢᠯ ᠡᠳᠦᠷ ᠠᠴᠠ ᠡᠳᠦᠷ ᠠᠷᠪᠢᠳᠴᠤ᠂ ᠨᠡᠷ᠎ᠡ ᠠᠯᠳᠠᠷ ᠴᠦ ᠤᠯᠠᠮ ᠠᠴᠠ ᠤᠯᠠᠮ ᠳᠠᠭᠤᠷᠢᠰᠴᠠᠢ︾ᠭᠡᠵᠦ ᠤᠷᠠᠨᠴᠢᠮᠡᠭ ᠬᠡᠯᠡᠪᠡ᠃      2012 ᠣᠨ ᠳᠤ᠂ ᠤᠷᠠᠨᠴᠢᠮᠡᠭ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠵᠡᠷᠭᠡ ᠤᠯᠠᠨ ᠶᠡᠭᠡ ᠳᠡᠭᠡᠳᠦ ᠰᠤᠷᠭᠠᠭᠤᠯᠢ ᠶᠢᠨ ᠵᠣᠴᠢᠮᠠᠳ ᠫᠷᠤᠹᠧᠰᠰᠤᠷ ᠢᠶᠠᠷ ᠤᠷᠢᠭᠳᠠᠵᠤ᠂ ᠰᠤᠷᠤᠬᠴᠢᠳ ᠲᠤ ᠤᠷᠠᠨ ᠬᠠᠳᠬᠤᠮᠠᠯ ᠤᠨ ᠤᠷ᠎ᠠ ᠮᠡᠷᠭᠡᠵᠢᠯ ᠢ ᠲᠤᠰᠬᠠᠶᠢᠯᠠᠨ ᠵᠢᠭᠠᠵᠤ ᠡᠬᠢᠯᠡᠪᠡ᠃      2019 ᠣᠨ ᠳᠤ᠂ ᠲᠡᠷᠡ ᠪᠠᠷ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠤᠨ ᠭᠦᠭᠡᠬᠤᠲᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠣᠯᠵᠠᠢ᠃ᠭᠦᠨᠵᠡᠭᠡᠢ ᠰᠤᠷᠤᠯᠴᠠᠵᠤ ᠡᠮᠦᠨᠡᠲᠦ ᠤᠮᠠᠷᠠᠲᠤ ᠶᠢᠨ ᠬᠢ ᠶᠢ ᠠᠭᠤᠰᠤᠯᠴᠠᠭᠤᠯᠤᠨᠠᠮ      2007 ᠣᠨ ᠳᠤ᠂ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠢ ᠣᠯᠠᠨ ᠵᠢᠯ ᠬᠢᠵᠦ ᠤᠷᠠᠯᠠᠭᠰᠠᠨ ᠤᠷᠠᠨᠴᠢᠮᠡᠭ ᠠᠩᠬ᠎ᠠ ᠤᠳᠠᠭ᠎ᠠ ᠰᠦᠵᠧᠦ ᠬᠤᠲᠠ ᠶᠢᠨ ᠬᠠᠳᠬᠤᠮᠠᠯ ᠤᠨ ᠤᠲᠠᠰᠤ ᠶᠢ ᠪᠥᠭᠡᠮ ᠢᠶᠠᠷ ᠬᠤᠳᠠᠯᠳᠤᠬᠤ ᠬᠤᠳᠠᠯᠳᠤᠭᠠᠨ ᠤ ᠲᠥᠪ ᠲᠤ ᠣᠷᠣᠩᠭᠤᠲᠠ ᠮᠡᠯᠡᠷᠡᠴᠢᠬᠡᠪᠡ᠃ ᠬᠤᠳᠠᠯᠳᠤᠭᠠᠨ ᠤ ᠲᠥᠪ ᠤᠨ ᠬᠠᠳᠬᠤᠮᠠᠯ ᠤᠨ ᠤᠲᠠᠰᠤ 1300 ᠭᠠᠷᠤᠢ ᠲᠦᠷᠤᠯ ᠤᠨ ᠪᠠᠶᠢᠵᠤ᠂ ᠤᠲᠠᠰᠤ ᠪᠣᠯᠭᠠᠨ ᠤ ᠥᠩᠭᠡ ᠨᠢ ᠭᠦᠨ ᠭᠦᠢᠬᠡᠨ ᠤ ᠢᠯᠭᠠᠭ᠎ᠠ ᠲᠠᠢ᠂ ᠵᠥᠪᠭᠡᠨ ᠨᠢᠭᠡ ᠯᠠ ᠨᠣᠭᠤᠭᠠᠨ ᠥᠩᠭᠡ ᠨᠢ ᠭᠦᠷᠳᠡᠯ᠎ᠠ ᠡᠪᠡᠰᠦᠨ ᠤ ᠨᠣᠭᠤᠭᠠᠨ᠂ ᠬᠠᠷᠠᠪᠲᠤᠷ ᠨᠣᠭᠤᠭᠠᠨ᠂ ᠬᠠᠰ ᠨᠣᠭᠤᠭᠠᠨ᠂ ᠬᠥᠬᠡ ᠨᠣᠭᠤᠭᠠᠨ᠂ ᠨᠣᠪ ᠨᠣᠭᠤᠭᠠᠨ ᠵᠡᠷᠭᠡ ᠠᠷᠪᠠᠨ ᠬᠡᠳᠦᠨ ᠵᠦᠢᠯ ᠤᠨ ᠥᠩᠭᠡ ᠬᠤᠪᠢᠶᠠᠵᠤ᠂ ᠬᠡᠷᠡᠮ ᠳᠡᠭᠡᠷ᠎ᠡ ᠡᠯᠭᠦᠭᠡᠰᠦᠲᠡᠢ ᠤᠲᠠᠰᠤ ᠨᠤᠭᠤᠳ ᠬᠥᠮᠥᠰ ᠤᠨ ᠨᠢᠳᠦ ᠶᠢ ᠡᠷᠢᠶᠡᠯᠵᠡᠭᠦᠯᠵᠦ ᠪᠠᠶᠢᠯ᠎ᠠ᠃      ᠲᠡᠭᠡᠭᠡᠳ ᠲᠡᠷᠡ ᠨᠢᠭᠡ ᠯᠡ ᠠᠮᠢᠰᠬᠤᠭ᠎ᠠ ᠪᠠᠷ ᠲᠦᠮᠡ ᠭᠠᠷᠤᠢ ᠲᠥᠭᠦᠷᠢᠭ ᠤᠨ ᠬᠠᠳᠬᠤᠮᠠᠯ ᠤᠨ ᠤᠲᠠᠰᠤ ᠬᠤᠳᠠᠯᠳᠤᠨ ᠠᠪᠴᠤ᠂ ᠳᠠᠩᠰᠠ ᠪᠠᠨ ᠪᠤᠳᠤᠬᠤ ᠳᠠᠭᠠᠨ ᠳᠤᠰ ᠳᠡᠯᠭᠡᠭᠦᠷ ᠤᠨ ᠡᠵᠡᠭᠲᠡᠢ ᠳᠤ᠂ ᠥᠪᠡᠷ ᠢ ᠪᠠᠨ ᠥᠪᠥᠷ ᠮᠣᠩᠭᠤᠯ ᠠᠴᠠ ᠢᠷᠡᠭᠰᠡᠨ ᠬᠠᠳᠬᠤᠮᠠᠯᠴᠢᠨ ᠭᠡᠵᠦ ᠲᠠᠨᠢᠯᠴᠠᠭᠤᠯᠬᠤ ᠶᠢᠨ ᠬᠠᠮᠲᠤ ᠲᠤᠬᠠᠢ ᠶᠢᠨ ᠭᠠᠵᠠᠷ ᠤᠨ ᠬᠠᠳᠬᠤᠮᠠᠯᠴᠢᠨ ᠢ ᠲᠠᠨᠢᠯᠴᠠᠭᠤᠯᠵᠤ ᠥᠭᠪᠡᠯ ᠲᠡᠳᠡᠨᠡᠷ ᠠᠴᠠ ᠬᠠᠳᠬᠤᠮᠠᠯ ᠤᠨ ᠤᠷ᠎ᠠ ᠮᠡᠷᠭᠡᠵᠢᠯ ᠢ ᠰᠤᠷᠤᠯᠴᠠᠬᠤ ᠰᠠᠨᠠᠭ᠎ᠠ ᠲᠠᠢ ᠭᠡᠵᠡᠢ᠃      ︽ᠵᠠᠩᠭᠤᠶᠢᠳᠠ ᠮᠠᠰᠢ ᠬᠠᠯᠠᠭᠤᠮᠰᠤᠭ ᠢᠶᠠᠷ ᠨᠠᠮᠠᠶᠢ ᠭᠤᠷᠪᠠᠨ ᠭᠠᠵᠠᠷ ᠳᠠᠭᠠᠭᠤᠯᠵᠤ ᠣᠴᠢᠵᠠᠢ᠂ ᠨᠢᠭᠡ ᠨᠢ ᠬᠤᠪᠢ ᠶᠢᠨ ᠬᠠᠳᠬᠤᠮᠠᠯ ᠤᠨ ᠦᠢᠯᠡᠳᠬᠡᠯ ᠤᠨ ᠭᠠᠵᠠᠷ᠂ ᠨᠢᠭᠡ ᠨᠢ ᠬᠠᠳᠬᠤᠮᠠᠯ ᠤᠨ ᠵᠢᠵᠢᠭ ᠦᠢᠯᠡᠳᠪᠦᠷᠢ᠂ ᠪᠠᠰᠠ ᠨᠢᠭᠡ ᠨᠢ ᠬᠠᠳᠬᠤᠮᠠᠯ ᠤᠨ ᠪᠣᠯᠪᠠᠰᠤᠷᠠᠯ ᠤᠨ ᠰᠤᠷᠭᠠᠭᠤᠯᠢ ᠪᠣᠯᠣᠨ᠎ᠠ᠂ ᠡᠨᠡ ᠨᠢ ᠮᠢᠨᠤ ᠬᠠᠷᠠᠭ᠎ᠠ ᠶᠢ ᠨᠡᠭᠡᠭᠡᠭᠳᠡᠭᠦᠯᠵᠦ᠂ ᠰᠦᠵᠧᠦ ᠶᠢᠨ ᠬᠠᠳᠬᠤᠮᠠᠯ ᠤᠨ ᠷᠢᠳᠢ ᠰᠢᠳᠢ ᠶᠢ ᠣᠶᠢᠯᠠᠭᠠᠨ ᠮᠡᠳᠡᠭᠰᠡᠨ ᠪᠠᠶᠢᠨ᠎ᠠ︾ᠭᠡᠵᠦ ᠤᠷᠠᠨᠴᠢᠮᠡᠭ  ᠪᠠᠶᠠᠷᠲᠠᠶᠢᠬᠠᠨ ᠶᠠᠷᠢᠨ᠎ᠠ᠃ ᠤᠷᠠᠨᠴᠢᠮᠡᠭ ᠬᠡᠯᠡᠬᠦ ᠳᠡᠭᠡᠨ᠂ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠤᠨ ᠬᠠᠮᠤᠭ ᠤᠨ ᠶᠡᠭᠡ ᠣᠨᠴᠠᠯᠢᠭ ᠪᠣᠯ ᠪᠦᠭᠡ ᠪᠠᠶᠢᠳᠠᠭ᠂ ᠭᠡᠪᠡᠴᠦ ᠥᠩᠭᠡ ᠪᠤᠳᠤᠭ ᠤᠨ ᠰᠢᠯᠵᠢᠯᠲᠡ ᠭᠡᠵᠦ ᠪᠠᠶᠢᠳᠠᠭ ᠦᠭᠡᠢ᠂ ᠵᠢᠱᠢᠶᠡᠯᠡᠪᠡᠯ ᠨᠣᠭᠤᠭᠠᠨ ᠨᠠᠪᠴᠢ ᠬᠠᠳᠬᠤᠬᠤ ᠳᠤ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠨᠢ ᠵᠥᠪᠭᠡᠨ ᠨᠢᠭᠡ ᠯᠡ ᠵᠦᠢᠯ ᠤᠨ ᠨᠣᠭᠤᠭᠠᠨ ᠥᠩᠭᠡ ᠪᠠᠷ ᠢᠯᠡᠷᠡᠭᠦᠯᠳᠡᠭ᠂ ᠭᠡᠪᠡᠴᠦ ᠰᠦᠵᠧᠦ ᠶᠢᠨ ᠬᠠᠳᠬᠤᠮᠠᠯ ᠨᠢ ᠬᠠᠷᠢᠨ ᠠᠷᠪᠠᠨ ᠬᠡᠳᠦᠨ ᠵᠦᠢᠯ ᠤᠨ ᠨᠣᠭᠤᠭᠠᠨ ᠥᠩᠭᠡ ᠶᠢ ᠴᠥᠮ ᠬᠡᠷᠡᠭᠯᠡᠳᠡᠭ ᠪᠣᠯᠬᠤᠷ ᠥᠩᠭᠡ ᠪᠤᠳᠤᠭ ᠤᠨ ᠬᠤᠭᠤᠷᠣᠨᠳᠣᠭᠢ ᠬᠤᠪᠢᠷᠠᠯᠲᠠ ᠨᠢ ᠴᠤ ᠠᠶᠠᠨᠳᠠᠭᠠᠨ ᠬᠤᠪᠢᠷᠠᠵᠤ᠂ ᠬᠤᠸᠠᠷ ᠴᠡᠴᠡᠭ᠂ ᠭᠠᠯᠠᠭᠤ ᠰᠢᠪᠠᠭᠤᠳ ᠢ ᠠᠮᠢᠳᠤ ᠳᠦᠷᠰᠦᠯᠢᠭ ᠪᠣᠯᠭᠠᠳᠠᠭ᠃      ᠲᠤᠬᠠᠢ ᠶᠢᠨ ᠦᠶ᠎ᠡ ᠳᠤ ᠲᠡᠷᠡ ᠰᠦᠵᠧᠦ ᠶᠢᠨ ᠬᠠᠳᠬᠤᠮᠠᠯ ᠤᠨ ᠤᠷ᠎ᠠ ᠮᠡᠷᠭᠡᠵᠢᠯ ᠢ ᠰᠡᠳᠬᠢᠯ ᠲᠠᠯᠪᠢᠨ ᠰᠤᠷᠴᠤ᠂ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠤᠨ ᠰᠢᠨ᠎ᠡ ᠶᠢ ᠡᠭᠦᠳᠴᠦ᠂ ᠲᠡᠭᠦᠨ ᠢ ᠪᠥᠬᠡᠯᠢᠭ ᠮᠥᠷᠲᠡᠭᠡᠨ ᠨᠡᠩ ᠭᠤᠶᠣ ᠪᠤᠯᠭᠠᠬᠤ ᠪᠠᠷ ᠵᠣᠷᠢᠭ ᠰᠢᠭᠤᠳᠴᠠᠢ᠃      ᠰᠦᠵᠧᠦ ᠠᠴᠠ ᠬᠠᠷᠢᠵᠤ ᠢᠷᠡᠭᠰᠡᠨ ᠤ ᠪᠠᠨ ᠳᠠᠷᠠᠭᠠᠬᠠᠨ᠂ ᠤᠷᠠᠨᠴᠢᠮᠡᠭ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠳᠤ ᠰᠦᠵᠧᠦ ᠶᠢᠨ ᠬᠠᠳᠬᠤᠮᠠᠯ ᠤᠨ ᠠᠷᠭ᠎ᠠ ᠶᠢ ᠠᠭᠤᠰᠬᠠᠨ ᠣᠷᠣᠭᠤᠯᠬᠤ ᠪᠠᠷ ᠲᠤᠷᠰᠢᠵᠤ᠂ ᠲᠡᠷᠡ ᠨᠢᠭᠡ ᠪᠦᠲᠦᠭᠡᠯ ᠢᠶᠠᠨ ᠤᠷᠠᠯᠠᠨ ᠬᠠᠳᠬᠤᠵᠤ ᠪᠠᠷᠠᠩᠭᠤᠲᠠ ᠰᠡᠭᠦᠳᠡᠷ ᠲᠠᠲᠠᠵᠤ ᠰᠦᠵᠧᠦ ᠶᠢᠨ ᠬᠠᠳᠬᠤᠮᠠᠯ ᠤᠨ ᠪᠠᠭᠰᠢ ᠳᠤ ᠶᠠᠪᠤᠭᠤᠯᠤᠨ᠂ ᠲᠡᠳᠡᠨ ᠢᠶᠠᠷ ᠬᠦᠷᠦᠯᠴᠡᠬᠦ ᠦᠭᠡᠢ ᠲᠠᠯ᠎ᠠ ᠪᠠᠨ ᠵᠢᠭᠠᠯᠭᠠᠵᠤ᠂ ᠵᠠᠰᠠᠨ ᠵᠠᠯᠠᠷᠠᠭᠤᠯᠳᠠᠭ᠃      ︽ᠲᠠᠷᠠ ᠦᠶ᠎ᠡ ᠠᠴᠠ ᠪᠤᠳᠤᠪᠠᠯ ᠤᠳᠤ ᠠᠷᠪᠠ ᠭᠠᠷᠤᠢ ᠵᠢᠯ ᠥᠩᠭᠡᠷᠡᠴᠢᠬᠡᠯ᠎ᠡ᠂ ᠪᠠᠭᠰᠢ ᠨᠠᠷ ᠤᠨ ᠵᠢᠭᠠᠨ ᠵᠢᠯᠣᠭᠤᠳᠤᠯᠭ᠎ᠠ ᠪᠠᠷ ᠮᠢᠨᠤ ᠬᠠᠳᠬᠤᠮᠠᠯ ᠤᠨ ᠤᠷ᠎ᠠ ᠮᠡᠷᠭᠡᠵᠢᠯ ᠴᠣᠬᠤᠮ ᠶᠡᠭᠡ ᠪᠠᠷ ᠳᠡᠭᠡᠭᠰᠢᠯᠡᠭᠰᠡᠨ ᠰᠢᠤ︾ ᠭᠡᠵᠦ ᠤᠷᠠᠨᠴᠢᠮᠡᠭ ᠬᠡᠯᠡᠨ᠎ᠡ᠃      ᠤᠷᠠᠨᠴᠢᠮᠡᠭ ᠤᠨ ᠭᠡᠷ ᠤᠨ ᠬᠢᠨᠢ ᠬᠡᠷᠡᠮ ᠳᠡᠭᠡᠷ᠎ᠡ︽ᠤᠯᠠᠨ ᠰᠢᠪᠠᠭᠤ ᠭᠠᠷᠤᠳᠢ ᠶᠢ ᠲᠠᠭᠠᠬᠰᠠᠨ ᠨᠢ︾ ᠬᠡᠮᠡᠬᠦ ᠬᠠᠳᠬᠤᠮᠠᠯ ᠤᠨ ᠪᠦᠲᠦᠭᠡᠯ ᠡᠯᠭᠦᠭᠡᠰᠦᠲᠡᠢ ᠪᠠᠶᠢᠯ᠎ᠠ᠂ ᠡᠨᠡ ᠪᠣᠯ ᠴᠢᠩ ᠤᠯᠤᠰ ᠤᠨ ᠴᠡᠴᠡᠭ ᠰᠢᠪᠠᠭᠤᠨ ᠤ ᠵᠢᠷᠤᠭᠴᠢᠨ ᠱᠧᠨ ᠴᠢᠤᠸᠠᠨ ᠤ ᠨᠡᠷᠡᠲᠦ ᠵᠢᠷᠤᠭ︽ᠤᠯᠠᠨ ᠰᠢᠪᠠᠭᠤ ᠭᠠᠷᠤᠳᠢ ᠶᠢ ᠲᠠᠭᠠᠬᠰᠠᠨ ᠵᠢᠷᠤᠭ︾ ᠢ ᠦᠵᠡᠵᠦ ᠪᠠᠶᠢᠭᠠᠳ ᠬᠠᠭᠠᠰ ᠵᠢᠯ ᠤᠨ ᠲᠤᠷᠰᠢ ᠵᠣᠬᠢᠶᠠᠨ ᠪᠦᠲᠦᠭᠡᠭᠰᠡᠨ ᠪᠦᠲᠦᠭᠡᠯ ᠪᠥᠭᠡᠳ ᠡᠮᠦᠨᠡᠲᠦ ᠤᠮᠠᠷᠠᠲᠤ ᠶᠢᠨ ᠤᠷᠠᠨ ᠬᠠᠳᠬᠤᠮᠠᠯ ᠤᠨ ᠤᠷ᠎ᠠ ᠮᠡᠷᠭᠡᠵᠢᠯ ᠢ ᠠᠭᠤᠰᠬᠠᠭᠰᠠᠨ ᠬᠠᠨᠤᠮᠵᠢᠲᠠᠶ ᠪᠦᠲᠦᠭᠡᠯ ᠮᠥᠨ᠃      ᠡᠨᠡ ᠬᠦ ᠪᠦᠲᠦᠭᠡᠯ ᠳᠤ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠤᠨ ᠬᠠᠳᠬᠤᠬᠤ ᠠᠷᠭ᠎ᠠ ᠶᠢ ᠬᠡᠷᠡᠭᠯᠡᠵᠦ᠂ ᠥᠩᠭᠡ ᠲᠣᠬᠢᠷᠠᠭᠤᠯᠬᠤ ᠳᠠᠭᠠᠨ ᠰᠦᠵᠧᠦ ᠶᠢᠨ ᠬᠠᠳᠬᠤᠮᠠᠯ ᠤᠨ ᠠᠷᠭ᠎ᠠ ᠶᠢ ᠬᠡᠷᠡᠭᠯᠡᠵᠦ᠂ ᠨᠡᠶᠢᠲᠡ 130 ᠭᠠᠷᠤᠢ ᠲᠥᠷᠥᠯ ᠤᠨ ᠠᠳᠠᠯᠢ ᠪᠤᠰᠤ ᠥᠩᠭᠡ ᠶᠢᠨ ᠬᠠᠳᠬᠤᠮᠠᠯ ᠤᠨ ᠤᠲᠠᠰᠤ ᠶᠢ ᠬᠡᠷᠡᠭᠯᠡᠵᠡᠢ᠂ ᠵᠥᠪᠭᠡᠨ ᠨᠢᠭᠡ ᠬᠡᠰᠡᠭ ᠨᠠᠷᠠᠰᠤᠨ ᠮᠣᠳᠣᠨ ᠤ ᠨᠠᠪᠴᠢ ᠳᠤ 6 ᠵᠦᠢᠯ ᠤᠨ ᠨᠣᠭᠤᠭᠠᠨ ᠥᠩᠭᠡ ᠶᠢ ᠬᠡᠷᠡᠭᠯᠡᠵᠦ᠂ ᠭᠦᠨ ᠭᠦᠢᠬᠡᠨ ᠠᠳᠠᠯᠢ ᠪᠤᠰᠤ ᠨᠣᠭᠤᠭᠠᠨ ᠥᠩᠭᠡ ᠶᠢ ᠠᠭᠤᠰᠤᠯᠴᠠᠭᠤᠯᠤᠭᠰᠠᠨ ᠠᠴᠠ ᠨᠠᠷᠠᠰᠤᠨ ᠮᠣᠳᠣᠨ ᠤ ᠨᠠᠪᠴᠢ ᠨᠠᠷᠠᠨ ᠤ  ᠭᠡᠷᠡᠯ ᠳᠤ ᠠᠮᠢᠳᠤ ᠳᠦᠷᠰᠦᠯᠢᠭ ᠦᠵᠡᠭᠳᠡᠭᠦᠯᠤᠨ᠎ᠠ; ᠨᠢᠭᠡ ᠬᠡᠮᠡᠷᠯᠢᠭ ᠬᠢᠷᠭᠤᠤᠯ ᠤᠨ ᠬᠦᠵᠦᠭᠦᠦ ᠶᠢᠨ ᠬᠡᠰᠡᠭ ᠤᠨ ᠥᠳᠥ ᠨᠢ ᠨᠠᠷᠢᠮᠤ ᠶᠢᠨ ᠮᠥᠬᠦᠯᠢᠭ ᠤᠨ ᠬᠢᠷᠢᠲᠡᠢ ᠭᠠᠵᠠᠷ ᠲᠤ 11 ᠵᠦᠢᠯ ᠤᠨ ᠠᠳᠠᠯᠢ ᠪᠤᠰᠤ ᠭᠦᠨ ᠭᠦᠢᠬᠡᠨ ᠬᠦᠷᠡᠩ ᠥᠩᠭᠡ ᠶᠢ ᠬᠡᠷᠡᠭᠯᠡᠵᠦ᠂ ᠥᠳᠥ ᠶᠢ ᠨᠢ ᠴᠣᠬᠤᠮ ᠭᠤᠶᠤ ᠰᠠᠶᠢᠬᠠᠨ ᠢᠯᠡᠷᠡᠭᠦᠯᠵᠡᠢ᠃      ᠤᠷᠠᠨᠴᠢᠮᠡᠭ ᠤᠨ ᠰᠡᠳᠬᠢᠯ ᠳᠤ᠂ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠢ ᠨᠡᠩ  ᠭᠤᠶᠤ ᠦᠵᠡᠮᠦᠷᠢᠲᠡᠢ ᠪᠤᠯᠭᠠᠵᠤ ᠪᠣᠯᠣᠨ᠎ᠠ ᠭᠡᠵᠦ ᠦᠵᠡᠵᠦ ᠪᠠᠶᠢᠯ᠎ᠠ᠃ ᠡᠨᠡ ᠬᠦ ᠪᠤᠳᠣᠯ ᠪᠣᠯᠣᠨ ᠬᠦᠰᠡᠯ ᠢᠶᠠᠨ ᠪᠡᠶᠡᠯᠡᠭᠦᠯᠬᠦ ᠶᠢᠨ ᠲᠥᠯᠥᠭᠡ᠂ ᠲᠡᠷᠡ ᠪᠠᠷ ᠪᠠᠰᠠ ᠤᠷᠠᠨ ᠬᠠᠳᠬᠤᠮᠠᠯ ᠤᠨ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠠᠴᠠ ᠨᠠᠩ ᠨᠠᠷᠢᠯᠢᠭ ᠬᠠᠳᠬᠤᠮᠠᠯ ᠤᠨ ᠠᠷᠭ᠎ᠠ ᠶᠢ ᠰᠤᠷᠪᠠ᠃      ︽ᠮᠢᠨᠤ ᠦᠵᠡᠬᠦ ᠪᠠᠷ᠂ ᠮᠣᠩᠭᠤᠯ ᠦᠨᠳᠦᠰᠦᠲᠡᠨ ᠤ ᠤᠷᠠᠨ ᠬᠠᠳᠬᠤᠮᠠᠯ ᠨᠢ ᠡᠮᠦᠨᠡᠲᠦ ᠤᠮᠠᠷᠠᠲᠤ ᠶᠢᠨ ᠬᠠᠳᠬᠤᠮᠠᠯ ᠤᠨ ᠠᠷᠭ᠎ᠠ ᠶᠢ ᠤᠶᠠᠯᠳᠤᠭᠤᠯᠤᠭᠰᠠᠨ ᠰᠠᠭᠤᠷᠢᠨ ᠳᠡᠭᠡᠷ᠎ᠡ ᠰᠢᠨ᠎ᠡ ᠶᠢ ᠡᠭᠦᠳᠪᠡᠯ ᠰᠠᠶ᠋ᠢ ᠨᠡᠩ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠣᠯᠵᠤ ᠴᠢᠳᠠᠨ᠎ᠠ︾ ᠭᠡᠵᠦ ᠤᠷᠠᠨᠴᠢᠮᠡᠭ ᠰᠡᠳᠬᠢᠯ ᠬᠠᠩᠬᠤᠯᠤᠭᠤᠨ ᠶᠠᠷᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号