ᠰᠠᠶᠢᠬᠠᠨ ᠲᠣᠭᠤᠷᠢᠭ᠄  ᠪᠠᠴᠢᠮ ᠶᠠᠪᠤᠳᠠᠯ ᠢ ᠲᠦᠷᠭᠡᠨ ᠬᠢᠵᠦ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ ᠵᠣᠪᠠᠨᠢᠯ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/3/6
     ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠰᠠᠶᠢᠬᠠᠨ ᠲᠣᠭᠤᠷᠢᠭ ᠤᠨ ᠬᠢᠩᠭᠠᠨ ᠡᠮᠦᠨ᠎ᠡ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠨᠠᠮ ᠤᠨ ᠬᠤᠷᠢᠶ᠎ᠠ ᠣᠯᠠᠨ ᠲᠦᠮᠡᠨ ᠤ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠵᠣᠬᠢᠶᠠᠨ ᠪᠠᠶᠢᠭᠤᠯᠤᠯᠲᠠ ᠳᠡᠷᠭᠡᠳᠡ  ᠨᠢ ᠪᠠᠶᠢᠬᠤ ᠶᠢ ᠪᠡᠶ᠎ᠡ ᠪᠠᠷ ᠢᠶᠠᠨ ᠮᠡᠳᠡᠷᠡᠭᠦᠯᠪᠡ᠃              ᠬᠡᠰᠡᠭ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠨᠡᠯᠢᠶᠡᠳ ᠪᠠᠭᠤᠷᠠᠢ᠂ ᠠᠳᠠᠯ ᠠᠬᠤᠢ ᠶᠢᠨ ᠬᠠᠮᠢᠶᠠᠷᠤᠯᠲᠠ ᠶᠢᠨ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ᠂ ᠵᠠᠷᠢᠮ ᠰᠠᠭᠤᠭᠠᠯᠢ ᠠᠷᠠᠳ ᠴᠠᠬᠢᠯᠭᠠᠨ ᠬᠥᠳᠡᠯᠭᠡᠭᠦᠷᠲᠦ ᠲᠡᠷᠭᠡ ᠶᠢ ᠨᠢᠭᠡᠴᠡ ᠳᠤ ᠳᠤᠷ᠎ᠠ ᠪᠠᠷ ᠢᠶᠠᠨ ᠵᠣᠭᠰᠤᠭᠠᠬᠤ ᠶᠢ ᠰᠣᠩᠭᠤᠭᠰᠠᠨ ᠨᠢ ᠡᠨᠡ ᠨᠢ ᠭᠠᠯ ᠤᠨ ᠠᠶᠤᠯ ᠤᠨ ᠳᠠᠯᠳᠠ ᠬᠡᠮ ᠢ ᠪᠣᠶ ᠪᠣᠯᠭᠠᠭᠰᠠᠨ ᠢᠶᠠᠷ ᠪᠠᠷᠠᠬᠤ ᠦᠭᠡᠢ᠂ ᠪᠠᠰᠠ ᠥᠷᠭᠡᠨ ᠣᠯᠠᠨ ᠰᠠᠭᠤᠭᠠᠯᠢ ᠠᠷᠠᠳ ᠢ ᠲᠤᠶᠢᠯ ᠢᠶᠠᠷ ᠵᠣᠪᠠᠭᠠᠵᠤ ᠪᠠᠶᠢᠬᠤ ᠠᠰᠠᠭᠤᠳᠠᠯ ᠪᠣᠯᠤᠭᠰᠠᠨ ᠪᠠᠶᠢᠨ᠎ᠠ᠃
             ᠣᠶᠢᠷ᠎ᠠ ᠳᠤ᠂ ᠬᠤᠨ ᠭᠠᠯᠠᠭᠤ ᠰᠠᠭᠤᠭᠠᠯᠢ ᠲᠣᠭᠤᠷᠢᠭ ᠤᠨ ᠨᠢᠭᠡᠴᠢ ᠠᠰᠠᠷ ᠤᠨ ᠳᠣᠲᠣᠷ᠎ᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠠᠯᠪᠢᠬᠤ ᠨᠢ ᠭᠠᠯ ᠤᠨᠲᠠᠷᠠᠭᠠᠬᠤ ᠠᠮᠤᠷ ᠲᠦᠪᠱᠢᠨ ᠤ ᠳᠠᠯᠳᠠ ᠭᠡᠮ ‍ᠦᠨ‌ᠠᠰᠠᠭᠤᠳᠠᠯ ᠨᠢ ᠬᠥᠮᠥᠰ  ᠤᠨ ᠠᠩᠬᠠᠷᠤᠯ ᠢ ᠲᠠᠲᠠᠭᠰᠠᠨ ᠪᠠᠶᠢᠨ᠎ᠠ᠃ ᠲᠥᠪ ᠤᠨ ᠨᠠᠮ ᠤᠨ ᠬᠤᠷᠢᠶ᠎ᠠ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠰᠠᠶᠢᠬᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠰᠠᠶᠢᠬᠠᠨ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠲᠥᠪ᠂ ᠬᠥᠯᠥᠨ ᠪᠤᠶᠢᠷ ᠤᠨ ᠡᠮᠦᠨ᠎ᠡ ᠵᠠᠮ ᠤᠨ ᠲᠣᠮᠢᠯᠠᠭᠰᠠᠨ ᠰᠠᠯᠪᠤᠷᠢ᠂ ᠵᠤᠤ ᠤᠳᠠ ᠶᠢᠨ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠢᠭᠡᠳᠦᠭᠡᠷ ᠶᠡᠭᠡ ᠠᠩᠭᠢ ᠵᠢᠴᠢ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠬᠥᠮᠥᠰ ᠲᠠᠢ ᠬᠠᠮᠲᠤᠷᠠᠨ᠂ ᠠᠵᠢᠯᠯᠠᠬᠤ ᠳᠤᠭᠤᠶᠢᠯᠠᠩ ᠪᠠᠶᠢᠭᠤᠯᠵᠤ᠂ ᠲᠡᠷᠡ ᠳᠠᠷᠤᠢ ᠳᠤᠨᠢ ᠰᠠᠭᠤᠭᠠᠯᠢ ᠲᠣᠭᠤᠷᠢᠭ ᠲᠤ ᠭᠦᠨᠵᠡᠭᠡᠶᠢᠷᠡᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃
             ᠠᠵᠢᠯᠯᠠᠬᠤ ᠳᠤᠭᠤᠶᠢᠯᠠᠩ ᠨᠢ ᠵᠢᠵᠢᠭ ᠲᠣᠭᠤᠷᠢᠭ ᠤᠨ ᠳᠣᠲᠣᠷᠠᠬᠢ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠨᠢᠭᠡᠴᠢ ᠵᠢᠴᠢ ᠤᠲᠠᠰᠤ ᠪᠠᠷ ᠴᠠᠬᠢᠯᠭᠠᠨ ᠴᠡᠨᠡᠭᠯᠡᠬᠦ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠭᠰᠠᠨ ᠪᠥᠭᠡᠳ ᠰᠠᠭᠤᠭᠠᠯᠢ ᠠᠷᠠᠳ ᠲᠠᠢ ᠨᠡᠪᠲᠡᠷᠡᠯᠴᠡᠵᠦ᠂ ᠲᠡᠳᠡᠨ ᠢ ᠬᠦᠯᠢᠴᠡᠩᠭᠦᠢ ᠪᠠᠷ ᠢᠳᠬᠠᠵᠤ ᠪᠠᠶᠢᠭᠠᠳ ᠴᠡᠭᠴᠡᠯᠡᠨ ᠰᠠᠶᠢᠵᠢᠷᠠᠭᠤᠯᠪᠠ᠃ ᠪᠥᠬᠦ ᠤᠯᠤᠰ ᠤᠨ ᠣᠶᠢᠷ᠎ᠠ ᠶᠢᠨ ᠬᠤᠭᠤᠴᠠᠭᠠᠨ ᠳᠤ ᠴᠠᠬᠢᠯᠭᠠᠨ ᠬᠥᠳᠡᠯᠭᠡᠭᠦᠷᠲᠦ ᠲᠡᠷᠭᠡ ᠪᠠᠷ ᠴᠠᠬᠢᠯᠭᠠᠨ ᠴᠡᠨᠡᠭᠯᠡᠬᠦ ᠠᠴᠠ ᠪᠣᠯᠤᠭᠰᠠᠨ ᠭᠠᠯ ᠤᠨ ᠠᠶᠤᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠠᠭᠤᠭᠠᠯᠢ ᠠᠷᠠᠳ ᠲᠤ ︽ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠵᠤ ᠴᠠᠬᠢᠯᠭᠠᠨ ᠴᠡᠨᠡᠭᠯᠡᠬᠦ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠢ ᠮᠡᠳᠡᠭᠳᠡᠯ︾ ᠢ ᠲᠠᠷᠬᠠᠭᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠬᠦ ᠠᠴᠠ ᠪᠣᠯᠵᠤ ᠮᠡᠳᠡᠬᠦ ᠠᠮᠤᠷ ᠲᠦᠪᠰᠢᠨ ᠤ ᠳᠠᠯᠳᠠ ᠬᠡᠮ ᠵᠢᠴᠢ ᠭᠠᠯ ᠤᠨ ᠠᠶᠤᠯ ᠭᠠᠷᠤᠭᠰᠠᠨ ᠤ ᠳᠠᠷᠠᠭᠠᠬᠢ ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠨ ᠲᠠᠶᠢᠯᠪᠤᠷᠢᠯᠠᠪᠠ᠃
             ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠠᠳᠠᠯ ᠠᠬᠤᠢ ᠲᠠᠢ ᠢᠳᠡᠪᠬᠢᠲᠡᠢ ᠪᠠᠷ ᠵᠥᠪᠳᠡᠯᠴᠡᠵᠦ᠂ ᠵᠢᠵᠢᠭ ᠲᠣᠭᠤᠷᠢᠭ ᠤᠨ ᠳᠣᠲᠣᠷ᠎ᠠ ᠣᠭᠲᠠᠷᠭᠤᠢ ᠳᠤ ᠲᠦᠷ ᠴᠠᠬᠢᠯᠭᠠᠨ ᠴᠡᠨᠡᠭᠯᠡᠬᠦ ᠭᠠᠵᠠᠷ ᠢ ᠬᠤᠪᠢᠶᠠᠷᠢᠯᠠᠨ ᠲᠣᠭᠲᠠᠭᠠᠵᠤ᠂ ᠰᠠᠭᠤᠭᠠᠯᠢ ᠠᠷᠠᠳ ᠲᠤ ᠳᠥᠭᠦᠮ ᠳᠥᠲᠡ ᠴᠠᠬᠢᠯᠭᠠᠨ ᠴᠡᠨᠡᠭᠯᠡᠬᠦ ᠨᠥᠬᠦᠴᠡᠯ ᠬᠠᠩᠭᠠᠪᠠ᠃ ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠦᠷᠭᠦᠯᠵᠢᠯᠡᠨ ᠠᠳᠠᠯ ᠠᠬᠤᠢ ᠶᠢᠨ ᠺᠣᠮᠫᠠᠨᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠳᠠᠯ ᠠᠬᠤᠢ ᠶᠢᠨ ᠴᠠᠬᠢᠯᠭᠠᠨ ᠱᠠᠲᠤ ᠶᠢᠨ ᠰᠡᠷᠡᠯᠲᠡ ᠪᠠ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠤᠭᠰᠠᠷᠠᠬᠤ ᠶᠢ ᠰᠠᠨᠠᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠮᠡᠷᠭᠡᠵᠢᠯ ᠤᠨ ᠰᠡᠷᠭᠡᠶᠢᠯᠡᠯᠲᠡ ᠶᠢ ᠤᠶᠠᠯᠳᠤᠭᠤᠯᠤᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号