ᠰᠠᠶᠢᠬᠠᠨ ᠲᠣᠭᠤᠷᠢᠭ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠣᠯᠭᠤᠨ᠎ᠠ
ᠨᠡᠶᠢᠲᠡᠯᠡᠭᠰᠡᠨ ᠴᠠᠭ᠄
2024/3/6
     2024 ᠣᠨ ᠤ 3 ᠰᠠᠷ᠎ᠠ ᠶᠢᠨ 3 ᠤ ᠡᠳᠦᠷ ᠪᠣᠯ ᠠᠷᠪᠠᠨ ᠨᠢᠭᠡᠳᠦᠭᠡᠷ ︽ᠳᠡᠯᠡᠬᠡᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾ ᠪᠣᠯᠣᠨ᠎ᠠ᠃᠂ ᠪᠥᠬᠦ ᠪᠥᠮᠪᠥᠷᠴᠡᠭ ᠤᠨ ᠠᠵᠢᠯᠯᠠᠭ᠎ᠠ ᠶᠢᠨ ᠭᠤᠣᠯ ᠰᠡᠳᠦᠪ ᠨᠢ ︽ᠬᠥᠮᠥᠨ ᠲᠥᠷᠥᠯᠬᠢᠲᠡᠨ ᠪᠠ ᠳᠡᠯᠡᠬᠡᠢ ᠶᠢᠨ ᠪᠥᠮᠪᠥᠷᠴᠡᠭ ᠢ ᠬᠤᠯᠪᠣᠬᠤ᠄ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠳᠤᠮᠳᠠᠬᠢ ᠲᠣᠭᠠᠴᠢᠯᠠᠭᠰᠠᠨ ᠰᠢᠨ᠎ᠡ ᠡᠭᠦᠳᠦᠯᠲᠡ ᠶᠢ ᠬᠠᠶᠢᠨ ᠰᠦᠪᠡᠭᠴᠢᠯᠡᠨ᠎ᠡ︾᠂ ᠮᠠᠨ ᠤ ᠤᠯᠤᠰ ᠤᠨ ᠠᠵᠢᠯᠯᠠᠭ᠎ᠠ ᠶᠢᠨ ᠭᠤᠣᠯ ᠰᠡᠳᠦᠪ ᠨᠢ ︽ᠬᠡᠭᠡᠷ᠎ᠡ ᠶᠢᠨ ᠠᠮᠢᠲᠠᠨ ᠤᠷᠭᠤᠮᠠᠯ ᠤᠨ ᠣᠶᠤᠨᠴᠢ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠤᠨ᠎ᠠ︾᠂ ᠬᠥᠮᠥᠰ ᠤᠨ ᠲᠣᠭᠠᠴᠢᠯᠠᠭᠰᠠᠨ ᠮᠡᠷᠭᠡᠵᠢᠯ ᠢᠶᠠᠷ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠳᠤ ᠬᠦᠴᠦᠨ ᠨᠡᠮᠡᠷᠢᠯᠡᠬᠦ ᠲᠠᠨᠢᠯᠲᠠ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃
           ᠣᠶᠢᠯᠠᠭᠠᠭᠰᠠᠨ ᠢᠶᠠᠷ᠂ ᠰᠠᠶᠢᠬᠠᠨ ᠲᠣᠭᠤᠷᠢᠭ ᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠲᠥᠷᠥᠯ ᠵᠦᠢᠯ ᠨᠡᠯᠢᠶᠡᠳ ᠤᠯᠠᠨ᠂ ᠠᠮᠢᠳᠤ ᠪᠣᠳᠠᠰ ᠤᠨ ᠳᠦᠷᠰᠦ ᠡᠯᠪᠡᠭ ᠪᠠᠶᠢᠵᠤ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ 16 ᠵᠦᠢᠯ ᠪᠣᠶ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠮᠠᠯ ᠤᠨ ᠲᠥᠷᠥᠯ 4 ᠵᠦᠢᠯ ᠪᠠᠶᠢᠵᠤ᠂ ᠭᠤᠣᠯᠳᠠᠭᠤ ᠰᠠᠶᠢᠬᠠᠨ ᠲᠣᠭᠤᠷᠢᠭ ᠤᠨ ᠤᠯᠤᠰ ᠤᠨ ᠥᠮᠴᠢᠯᠡᠯ ᠤᠨ ᠰᠢᠭᠤᠶᠢᠲᠤ ᠣᠷᠣᠨ᠂ ᠱᠢ ᠷᠧᠨ ᠸᠠᠨ ᠨᠤᠭᠤ ᠭᠠᠵᠠᠷ ᠪᠠ ᠶᠡᠭᠡ ᠲᠦᠷᠭᠡᠨ ᠭᠤᠣᠯ ᠤᠨ ᠰᠠᠪᠠ ᠭᠠᠵᠠᠷ ᠲᠤ ᠲᠠᠷᠬᠠᠵᠤ ᠪᠠᠶᠢᠨ᠎ᠠ᠃ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠬᠡᠭᠡᠷ᠎ᠡ ᠶᠢᠨ ᠠᠮᠢᠲᠠᠨ ᠤᠷᠭᠤᠮᠠᠯ ᠵᠢᠴᠢ ᠲᠡᠭᠦᠨ ᠤ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶ ᠰᠢᠭᠤᠢ ᠡᠪᠡᠰᠦ ᠰᠠᠶᠢᠬᠠᠨ ᠬᠤᠪᠢᠶᠠᠷᠢ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠲᠣᠰ ᠤᠳᠠᠭᠠᠨ ᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠰᠢᠷᠢᠰ ᠬᠤᠯᠪᠣᠭᠳᠠᠯ ᠪᠦᠬᠦᠢ ᠠᠵᠢᠯᠯᠠᠭ᠎ᠠ ᠶᠢ ᠥᠷᠨᠢᠭᠦᠯᠪᠡ᠃
           ᠣᠶᠢᠷ᠎ᠠ ᠳᠤ᠂ ᠣᠶ ᠰᠢᠭᠤᠢ ᠡᠪᠡᠰᠦ ᠪᠡᠯᠴᠢᠭᠡᠷ ᠤᠨ ᠰᠠᠶᠢᠬᠠᠨ ᠬᠤᠪᠢᠶᠠᠷᠢ ᠲᠣᠪᠴᠢᠶ᠎ᠠ᠂ ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠠᠴᠠ ᠬᠠᠮᠲᠤᠷᠠᠨ ᠡᠷᠭᠢᠯᠡᠭᠰᠡᠨ ᠣᠨᠴᠠᠭᠠᠶ ᠬᠠᠨᠳᠢᠪᠯᠡᠨ ᠬᠦᠷᠭᠡᠬᠦ ᠶᠣᠰᠣᠯᠠᠯ ᠰᠠᠶᠢᠬᠠᠨ ᠲᠣᠭᠤᠷᠢᠭ ᠤᠨ ᠬᠡᠭᠡᠷ᠎ᠡ ᠶᠢᠨ ᠠᠮᠢᠲᠠᠨ ᠢ ᠲᠦᠷ ᠴᠠᠭ ᠠᠪᠤᠷᠠᠨ ᠲᠤᠰᠠᠯᠠᠬᠤ ᠥᠷᠲᠡᠭᠡ ᠳᠤ ᠶᠠᠪᠤᠭᠳᠠᠵᠤ᠂ ᠬᠠᠨᠳᠢᠪᠯᠡᠨ ᠬᠦᠷᠭᠡᠭᠴᠢ ᠪᠣᠯ ᠬᠤᠪᠣᠷ ᠴᠤᠬᠠᠭ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠢ ᠬᠤᠬᠢᠷᠠᠭᠤᠯᠤᠭᠰᠠᠨ ᠰᠡᠵᠢᠭᠯᠡᠯᠲᠡᠢ ᠶᠠᠯ᠎ᠠ ᠬᠢᠭᠰᠡᠨ ᠰᠡᠵᠢᠭᠲᠡᠨ ᠪᠣᠯᠣᠨ᠎ᠠ᠃ ᠡᠭᠦᠨ ᠤ ᠬᠠᠮᠲᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠶ ᠰᠢᠭᠤᠢ ᠡᠪᠡᠰᠦ ᠪᠡᠯᠴᠢᠭᠡᠷ ᠤᠨ ᠰᠠᠶᠢᠬᠠᠨᠬᠤᠪᠢᠶᠠᠷᠢ ᠲᠣᠪᠴᠢᠶ᠎ᠠ ᠶᠢᠨ ᠲᠥᠯᠥᠭᠡᠯᠡᠭᠴᠢ᠂ ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠵᠢᠴᠢ ᠶᠠᠯ᠎ᠠ ᠬᠢᠭᠰᠡᠨ ᠰᠡᠵᠢᠭᠲᠡᠨ ᠠᠴᠠ ᠬᠡᠭᠡᠷ᠎ᠡ ᠶᠢᠨ ᠠᠮᠢᠲᠠᠨ ᠤᠷᠭᠤᠮᠠᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠤᠬᠠᠢ ᠶᠢᠨ ᠲᠠᠯᠠᠪᠤᠷ ᠲᠤ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ᠃ ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠬᠠᠮᠠᠭᠠᠯᠠᠯᠲᠠ ᠶᠢᠨ ᠪᠡᠯᠡᠭᠯᠡᠨ ᠬᠦᠷᠭᠡᠬᠦ ᠠᠵᠢᠯᠯᠠᠭ᠎ᠠ ᠪᠣᠯ ᠰᠠᠶᠢᠬᠠᠨ ᠲᠣᠭᠤᠷᠢᠭ ᠤᠨ ︽ᠣᠢ ᠰᠢᠭᠤᠢ ᠶᠢᠨ ᠳᠠᠷᠤᠭ᠎ᠠ ᠪᠠᠶᠢᠴᠠᠭᠠᠬᠤ ᠳᠠᠷᠤᠭ᠎ᠠ︾ ᠶᠢᠨ ᠠᠵᠢᠯ ᠤᠨ ᠲᠣᠭᠲᠠᠴᠠ ᠶᠢ ᠪᠠᠶᠢᠭᠤᠯᠬᠤ ᠪᠠᠰᠠ ᠨᠢᠭᠡᠨ ᠠᠷᠭ᠎ᠠ ᠬᠡᠮᠵᠢᠶ᠎ᠡ ᠮᠥᠨ᠂ ︽ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ︾ ᠠᠵᠢᠯ ᠤᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ︽ᠬᠥᠭᠵᠢᠭᠦᠯᠬᠦ ᠳᠤᠮᠳᠠ ᠬᠠᠮᠠᠭᠠᠯᠠᠵᠤ᠂ ᠬᠠᠮᠠᠭᠠᠯᠠᠬᠤ ᠳᠤᠮᠳᠠ ᠬᠥᠭᠵᠢᠭᠦᠯᠬᠦ︾ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠬᠠᠮᠠᠭᠠᠯᠠᠬᠤ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠭᠤᠯᠵᠤ᠂ ᠣᠯᠠᠨ ᠨᠡᠶᠢᠲᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠨᠡᠶᠢᠭᠡᠮ ᠤᠨ ᠶᠡᠭᠡ ᠲᠠᠯ᠎ᠠ ᠳᠤ ᠦᠢᠯᠡᠴᠢᠯᠡᠵᠦ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠪᠠᠶᠢᠳᠠᠯ ᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃
           ᠡᠭᠦᠨ ᠤ ᠬᠠᠮᠲᠤ᠂ ᠯᠢᠨ ᠼᠤᠤ ᠰᠠᠶᠢᠬᠠᠨ ᠬᠤᠪᠢᠶᠠᠷᠢ ᠲᠣᠪᠴᠢᠶ᠎ᠠ ᠰᠠᠶᠢᠬᠠᠨ ᠲᠣᠭᠤᠷᠢᠭ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠵᠦ᠂ ᠤᠬᠠᠭᠤᠯᠭ᠎ᠠ ᠶᠢᠨ ᠸᠢᠳᠢᠤ᠋ ᠶᠢ ᠨᠠᠪᠲᠠᠷᠡᠭᠦᠯᠵᠦ᠂ ᠤᠯᠠᠨ ᠨᠡᠶᠢᠲᠡ ᠶᠢᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠬᠤᠪᠢᠶᠠᠷᠢ ᠲᠣᠪᠴᠢᠶ᠎ᠠ ᠪᠠᠰᠠ ᠬᠡᠭᠡᠷ᠎ᠡ ᠶᠢᠨ ᠠᠮᠢᠲᠠᠨ ᠤ ᠲᠦᠷ ᠴᠠᠭ ᠤᠨ ᠠᠪᠤᠷᠠᠨ ᠲᠤᠰᠠᠯᠠᠬᠤ ᠥᠷᠲᠡᠭᠡ ᠪᠠ ᠬᠢᠨᠠᠨ ᠬᠡᠮᠵᠢᠬᠦ ᠴᠡᠭ ᠢ ᠪᠠᠶᠢᠭᠤᠯᠤᠭᠰᠠᠨ ᠪᠥᠭᠡᠳ ᠪᠦᠷᠢᠯᠳᠦᠭᠦᠨ ᠨᠢᠭᠡᠴᠡ ᠲᠠᠢ ᠬᠤᠯᠪᠤᠭᠠᠯᠠᠨ ᠲᠤᠰᠬᠠᠢ ᠠᠵᠢᠯᠯᠠᠭ᠎ᠠ ᠥᠷᠨᠢᠭᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠤ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠪᠡ᠃
             ᠣᠶᠢᠷ᠎ᠠ ᠶᠢᠨ ᠵᠢᠯ᠂ ᠰᠠᠶᠢᠬᠠᠨ ᠲᠣᠭᠤᠷᠢᠭ ᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠣᠯᠵᠤ᠂ ᠠᠮᠢ ᠠᠬᠤᠢ ᠶᠢᠨ ᠪᠠᠶᠢᠳᠠᠯ ᠢᠯᠡᠳᠲᠡ ᠰᠠᠶᠢᠵᠢᠷᠠᠵᠤ᠂ ᠤᠯᠠᠭᠠᠨ ᠨᠤᠭᠤᠰᠤ᠂ ᠪᠣᠷᠣ ᠭᠥᠷᠥᠭᠡᠰᠦ᠂ ᠦᠨᠡᠭᠡ ᠵᠡᠷᠭᠡ ᠳᠦᠷᠰᠦ ᠶᠢᠨ ᠲᠤᠭ᠎ᠠ ᠬᠡᠮᠵᠢᠶ᠎ᠡ ᠨᠢ ᠨᠡᠮᠡᠭᠳᠡᠵᠦ᠂ ᠤᠯᠤᠰ ᠤᠨ ᠨᠢᠭᠡᠳᠦᠭᠡᠷ ᠳᠡᠰ  ᠤᠨ ᠬᠠᠮᠠᠭᠠᠯᠠᠯᠲᠠ ᠶᠢᠨ ᠠᠮᠢᠲᠠᠨ ᠤ ᠠᠯ ᠠᠵᠤ ᠠᠬᠤᠢ᠂ ᠴᠠᠭᠠᠨ ᠰᠡᠭᠦᠯ  ᠤᠨ ᠳᠠᠯᠠᠢ ᠶᠢᠨ ᠰᠡᠶᠢᠯᠦᠮᠡᠯ᠂ ᠨᠠᠴᠢᠨ ᠠᠩᠨᠠᠬᠤ ᠵᠡᠷᠭᠡ ᠳᠦᠷᠰᠦ ᠶᠢ  ᠰᠢᠨ᠎ᠡ ᠪᠠᠷ ᠨᠡᠮᠡᠭᠳᠡᠭᠦᠯᠦᠨ᠎ᠡ᠃ ᠡᠳᠡᠭᠡᠷ ᠠᠷᠭ᠎ᠠ ᠬᠡᠮᠵᠢᠶ᠎ᠡ ᠨᠢ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠲᠣᠭᠲᠠᠨᠢᠬᠤ ᠬᠥᠭᠵᠢᠯᠲᠡ ᠶᠢ ᠬᠠᠮᠠᠭᠠᠯᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠷᠡᠭᠦᠯᠦᠭᠰᠡᠨ ᠪᠠᠶᠢᠨ᠎ᠠ᠃               ᠪᠠᠭ᠎ᠠ ᠨᠠᠶᠢᠷᠠᠭᠤᠯᠭ᠎ᠠ ᠶᠢᠨ ᠰᠠᠨᠠᠭᠠᠴᠢᠯᠠᠭ᠎ᠠ            ᠪᠢᠳᠡ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠠᠮᠢᠳᠤ ᠪᠣᠳᠠᠰ ᠤᠨ ᠳᠦᠷᠰᠦ ᠶᠢᠨ ᠬᠠᠮᠠᠭᠠᠯᠠᠯᠲᠠ ᠶᠢ ᠠᠬᠢᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠵᠠᠭᠠᠶ᠎ᠠ︕            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号