ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2024/3/6
ᠨᠢᠭᠡ᠂ ᠭᠤᠣᠯ ᠡᠭᠦᠷᠭᠡ ᠬᠠᠷᠢᠭᠤᠴᠠᠯᠭ᠎ᠠ          ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ ᠶᠢ ᠲᠣᠬᠢᠷᠠᠭᠤᠯᠪᠠ᠄          ︵ᠨᠢᠭᠡ︶ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠪᠥᠬᠦ ᠲᠣᠭᠤᠷᠢᠭ ᠤᠨ ᠠᠵᠢᠯ ᠤᠨ ᠪᠠᠶᠢᠳᠠᠯ ᠢ ᠣᠶᠢᠯᠠᠭᠠᠨ ᠡᠵᠡᠮᠰᠢᠵᠦ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠢᠭᠡᠴᠡ ᠶᠢᠨ ᠬᠤᠭᠤᠷᠣᠨᠳᠣᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃          ︵ᠬᠤᠶᠠᠷ︶ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠶᠢ ᠬᠠᠷᠢᠭᠤᠴᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠲᠣᠭᠤᠷᠢᠭ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠲᠤᠭᠤᠷᠪᠢᠨ ᠪᠢᠴᠢᠬᠦ ᠪᠤᠶᠤ ᠬᠢᠨᠠᠨ ᠬᠠᠷᠭᠤᠭᠤᠯᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ᠂ ᠠᠵᠢᠯ ᠤᠨ ᠮᠡᠳᠡᠭᠦᠯᠦᠯᠲᠡ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃          ︵ᠭᠤᠷᠪᠠ︶ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠤᠨ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠷᠠᠯ ᠢ ᠬᠢᠨᠠᠨ ᠵᠥᠪᠰᠢᠶᠡᠷᠡᠵᠦ ᠬᠠᠮᠢᠶᠠᠷᠬᠤ ᠠᠵᠢᠯ ᠢ ᠬᠠᠷᠢᠭᠤᠴᠠᠨ᠎ᠠ᠃          ︵ᠳᠥᠷᠪᠡ︶ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠳᠣᠲᠣᠭᠠᠳᠤ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃          ︵ᠲᠠᠪᠤ︶ᠡᠯ᠎ᠡ ᠪᠠᠯᠭᠠᠰᠤ᠂ ᠵᠡᠭᠡᠯᠢ ᠭᠤᠳᠤᠮᠵᠢ ᠪᠣᠯᠣᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯᠡᠰ ᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠰᠢᠢᠳᠪᠦᠷᠢᠯᠡᠬᠦ ᠰᠠᠨᠠᠯ ᠳᠤᠷᠠᠳᠴᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃          ︵ᠵᠢᠷᠭᠤᠭ᠎ᠠ︶ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠭᠦᠢᠴᠡᠳᠬᠡᠬᠦ ᠠᠵᠢᠯ ᠢ ᠬᠠᠷᠢᠭᠤᠴᠠᠵᠤ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠠᠢ ᠵᠣᠯᠭᠠᠭᠤᠯᠵᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠲᠣᠭᠲᠠᠭᠠᠨ ᠲᠠᠷᠬᠠᠭᠠᠬᠤ ᠪᠠᠷ ᠪᠠᠶᠢᠭ᠎ᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠨ᠎ᠡ᠃          ︵ᠳᠤᠯᠤᠭ᠎ᠠ︶ᠬᠢᠨᠠᠯᠲᠠ ᠲᠠᠯᠪᠢᠵᠤ ᠪᠠᠶᠢᠴᠠᠭᠠᠬᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠪᠣᠯᠣᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ᠂ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠴᠠᠭ ᠲᠤᠬᠠᠢ ᠳᠤᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ᠂ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠠᠷᠢᠭᠤᠴᠠᠨ ᠰᠢᠢᠳᠪᠦᠷᠢᠯᠡᠨ᠎ᠡ︔ ᠪᠦᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠵᠢᠯᠣᠭᠤᠳᠤᠨ᠎ᠠ︔ ᠠᠷᠠᠳ ᠤᠯᠠᠨ ᠤ ᠵᠠᠬᠢᠳᠠᠯ ᠰᠣᠷᠪᠤᠯᠵᠢᠯᠠᠭ᠎ᠠ ᠳᠠᠬᠢ ᠬᠤᠯᠪᠣᠭᠳᠠᠯ ᠪᠦᠬᠦᠢ ᠠᠰᠠᠭᠤᠳᠠᠯ ᠢ ᠬᠠᠷᠢᠭᠤᠴᠠᠨ ᠰᠢᠢᠳᠪᠦᠷᠢᠯᠡᠨ᠎ᠡ︔ ᠬᠤᠲᠠ ᠶᠢᠨ ᠳᠠᠷᠤᠭ᠎ᠠ ᠶᠢᠨ ᠬᠠᠯᠠᠭᠤᠨ ᠤᠲᠠᠰᠤ᠂ ᠲᠣᠭᠤᠷᠢᠭ ᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠵᠡᠷᠭᠡ ᠲᠠᠪᠴᠠᠩ ᠤᠨ ᠲᠤᠰᠢᠶᠠᠨ ᠥᠭᠴᠦ ᠰᠢᠢᠳᠪᠦᠷᠢᠯᠡᠭᠦᠯᠬᠦ ᠵᠦᠢᠯᠡᠰ ᠢ ᠬᠠᠷᠢᠭᠤᠴᠠᠨ ᠰᠢᠢᠳᠪᠦᠷᠢᠯᠡᠨ᠎ᠡ᠃        ︵ᠨᠠᠢᠮᠠ︶ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠵᠢᠵᠢᠭᠦᠷᠯᠡᠬᠦ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠢ  ᠳᠤᠨᠢ ᠮᠡᠳᠡᠭᠦᠯᠦᠨ᠎ᠡ᠃          ︵ᠶᠢᠰᠦ︶ᠠᠵᠤ ᠠᠬᠤᠢ ᠶᠢᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢᠨ ᠠᠵᠢᠯ  ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠣᠭᠤᠷᠢᠭ ᠤᠨ ᠠᠵᠤ ᠠᠬᠤᠢ ᠶᠢᠨ ᠠᠮᠢ ᠠᠬᠤᠢ ᠶᠢᠨ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢᠨ ᠠᠵᠢᠯ  ᠢ ᠪᠠᠶᠢᠴᠠᠭᠠᠨ ᠰᠤᠳᠤᠯᠬᠤ ᠪᠠ ᠰᠢᠮᠳᠠᠭᠤᠯᠤᠨ ᠪᠠᠶᠢᠴᠠᠭᠠᠨ᠎ᠠ᠃        ︵ᠠᠷᠪᠠ︶ᠪᠦᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠲᠥᠯᠦᠪᠵᠢᠭᠦᠯᠭᠡ ᠶᠢᠨ ᠵᠢᠯᠣᠭᠤᠳᠤᠯᠭ᠎ᠠ ᠶᠢ ᠬᠠᠷᠢᠭᠤᠴᠠᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠨ ᠪᠠᠶᠢᠴᠠᠭᠠᠬᠤ ᠵᠡᠷᠭᠡ ᠠᠵᠢᠯ  ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠦᠬᠦ ᠲᠣᠭᠤᠷᠢᠭ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠣᠨ ᠰᠢᠯᠭᠠᠨ ᠦᠨᠡᠯᠡᠵᠦ ᠰᠢᠯᠭᠠᠨ ᠬᠢᠨᠠᠬᠤ᠂ ᠬᠢᠨᠠᠯᠲᠠ ᠲᠠᠯᠪᠢᠵᠤ ᠬᠠᠮᠢᠶᠠᠷᠬᠤ ᠠᠵᠢᠯ  ᠢ ᠵᠣᠬᠢᠴᠠᠭᠤᠯᠤᠨ ᠵᠢᠯᠣᠭᠤᠳᠤᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠡᠭᠦᠳᠡᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃          ︵ᠠᠷᠪᠠᠨ ᠨᠢᠭᠡ︶ᠲᠣᠭᠤᠷᠢᠭ ᠤᠨ ᠲᠣᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠵᠤ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠡᠯ᠎ᠡ ᠱᠠᠲᠤᠨ ᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠢᠯᠡ ᠪᠣᠯᠭᠠᠬᠤ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠤᠭᠤᠳᠴᠤ᠂ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃          ︵ᠠᠷᠪᠠᠨ ᠬᠤᠶᠠᠷ︶ᠪᠦᠬᠦ ᠲᠣᠭᠤᠷᠢᠭ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠰᠢᠮᠳᠠᠭᠤᠯᠤᠨ ᠪᠠᠶᠢᠴᠠᠭᠠᠬᠤ ᠬᠡᠷᠡᠭᠲᠡᠢ᠃      ︵ᠠᠷᠪᠠᠨ ᠭᠤᠷᠪᠠ︶ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠬᠤᠶᠠᠷ᠂ ᠳᠣᠲᠣᠭᠠᠳᠤ ᠶᠢᠨ ᠪᠠᠶᠢᠭᠤᠯᠤᠮᠵᠢ          ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠪᠡᠯ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ 6 ᠳᠣᠲᠣᠭᠠᠳᠤ ᠪᠠᠶᠢᠭᠤᠯᠤᠮᠵᠢ ᠪᠠᠶᠢᠭᠤᠯᠪᠠ᠃      ︵ᠨᠢᠭᠡ︶ᠶᠡᠷᠦᠩᠬᠡᠶᠢᠯᠡᠭᠰᠡᠨ ᠪᠠᠲᠤᠯᠠᠭ᠎ᠠ ᠶᠢᠨ ᠲᠠᠰᠤᠭ            ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠤᠳᠤᠷᠢᠳᠤᠯᠭ᠎ᠠ ᠶᠢ ᠬᠠᠪᠰᠤᠷᠤᠨ ᠭᠡᠷ  ᠤᠨ ᠶᠠᠪᠤᠳᠠᠯ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠯᠪᠠᠨ ᠭᠡᠷ ᠤᠨ ᠶᠠᠪᠤᠳᠠᠯ ᠤᠨ ᠬᠤᠷᠠᠯ᠂ ᠡᠷᠬᠢᠯᠡᠭᠴᠢ ᠶᠢᠨ ᠠᠵᠢᠯ ᠤᠨ ᠬᠤᠷᠠᠯ ᠤᠨ ᠦᠢᠯᠡᠴᠢᠯᠡᠭᠡᠨ ᠤ ᠠᠵᠢᠯ ᠪᠣᠯᠣᠨ ᠠᠯᠪᠠᠨ ᠭᠡᠷ ᠤᠨ ᠠᠵᠢᠯ ᠤᠨ ᠳ᠋ᠦᠩᠨᠡᠯᠲᠡ᠂ ᠠᠵᠢᠯ ᠤᠨ ᠲᠣᠬᠢᠷᠠᠭᠤᠯᠤᠯᠲᠠ ᠶᠢ ᠲᠤᠭᠤᠷᠪᠢᠨ ᠪᠢᠴᠢᠬᠦ ᠠᠵᠢᠯ ᠢ ᠡᠭᠦᠷᠭᠡᠯᠡᠵᠦ᠂ ᠠᠯᠪᠠᠨ ᠭᠡᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ᠂ ᠠᠯᠪᠠᠨ ᠶᠠᠪᠤᠳᠠᠯ ᠤᠨ ᠬᠦᠯᠢᠶᠡᠨ ᠠᠪᠬᠤ ᠪᠠ ᠭᠠᠳᠠᠭᠠᠳᠤ ᠲᠠᠢ ᠬᠠᠷᠢᠯᠴᠠᠬᠤ ᠵᠡᠷᠭᠡ ᠠᠵᠢᠯ ᠢ ᠡᠭᠦᠷᠭᠡᠯᠡᠨ᠎ᠡ᠃            ᠠᠯᠪᠠᠨ ᠭᠡᠷ ᠤᠨ ᠲᠥᠰᠥᠪ ᠪᠠ ᠲᠥᠰᠥᠪ ᠤᠨ ᠭᠦᠢᠴᠡᠳᠬᠡᠯ ᠤᠨ ᠨᠠᠶᠢᠷᠠᠭᠤᠯᠤᠨ ᠮᠡᠳᠡᠭᠦᠯᠬᠦ᠂ ᠨᠢᠭᠲᠠᠯᠠᠨ ᠪᠤᠳᠤᠬᠤ ᠭᠡᠷᠡᠴᠢ ᠪᠠᠷᠢᠮᠲᠠ᠂ ᠳᠠᠩᠰᠠ ᠬᠠᠷ᠎ᠠ᠂ ᠮᠡᠳᠡᠭᠦᠯᠬᠦ ᠬᠦᠰᠦᠨᠦᠭᠲᠦ᠂ ᠡᠳ᠋ ᠤᠨ ᠵᠠᠰᠠᠭ ᠤᠨ ᠲᠤᠬᠠᠶᠢᠯᠠᠭᠰᠠᠨ ᠠᠵᠢᠯ ᠤᠨ ᠠᠭᠤᠯᠭ᠎ᠠ ᠶᠢ ᠲᠤᠯᠭᠠᠨ ᠪᠤᠳᠤᠬᠤ ᠠᠵᠢᠯ ᠵᠢᠴᠢ ᠨᠢᠭᠲᠠᠯᠠᠨ ᠪᠤᠳᠤᠬᠤ ᠳᠠᠩᠰᠠ ᠡᠪᠬᠡᠮᠡᠯ ᠢ ᠳᠠᠩᠰᠠ ᠡᠪᠬᠡᠮᠡᠯ ᠳᠤ ᠣᠷᠣᠭᠤᠯᠬᠤ᠂ ᠬᠠᠳᠠᠭᠠᠯᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ᠂ ᠠᠯᠪᠠᠨ ᠭᠡᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠯᠵᠢᠭᠦᠯᠦᠨ ᠲᠣᠬᠢᠷᠠᠭᠤᠯᠵᠤ ᠠᠰᠢᠭᠯᠠᠬᠤ ᠵᠡᠷᠭᠡ ᠳᠤ ᠬᠢᠨᠠᠯᠲᠠ ᠲᠠᠯᠪᠢᠬᠤ ᠠᠵᠢᠯ ᠢ ᠬᠢᠬᠦ ᠬᠡᠷᠡᠭᠲᠡᠢ᠃          ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠠᠵᠢᠯᠲᠠᠨ ᠤ ᠶᠠᠪᠤᠳᠠᠯ ᠪᠠ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃      ︵ᠬᠤᠶᠠᠷ︶ᠨᠢᠭᠤᠴᠠ ᠮᠠᠲ᠋ᠧᠷᠢᠶᠠᠯ ᠤᠨ ᠳᠠᠩᠰᠠ ᠡᠪᠬᠡᠮᠡᠯ ᠤᠨ ᠭᠡᠷ            ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠬᠤᠷᠢᠶᠠᠨ ᠲᠠᠷᠬᠠᠭᠠᠬᠤ ᠠᠵᠢᠯᠯᠠᠭᠠᠨ ᠢ ᠬᠠᠷᠢᠭᠤᠴᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠪᠢᠴᠢᠭ ᠤᠨ ᠳᠠᠩᠰᠠ ᠡᠪᠬᠡᠮᠡᠯ ᠢ ᠬᠠᠷᠠᠯᠲᠠᠲᠤ ᠬᠠᠮᠢᠶᠠᠷᠤᠯᠲᠠ ᠪᠠ ᠪᠠᠶᠢᠴᠠᠭᠠᠨ ᠯᠠᠪᠯᠠᠵᠤ ᠰᠢᠯᠵᠢᠭᠦᠯᠦᠨ ᠦᠵᠡᠬᠦ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠲᠠᠮᠠᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠨᠢᠭᠤᠴᠠ ᠴᠢᠮᠡᠭᠡ ᠬᠤᠯᠪᠣᠭ᠎ᠠ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ ᠤᠨ ᠨᠢᠭᠤᠴᠠ ᠶᠢ ᠬᠠᠮᠠᠭᠠᠯᠠᠬᠤ ᠠᠵᠢᠯ ᠢ ᠡᠭᠦᠷᠭᠡᠯᠡᠨ᠎ᠡ᠃ ᠬᠠᠳᠠᠭᠠᠯᠠᠨ ᠬᠠᠮᠢᠶᠠᠷᠬᠤ ᠬᠤᠭᠤᠴᠠᠭ᠎ᠠ ᠨᠢ ᠳᠦᠭᠦᠷᠦᠭᠰᠡᠨ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠵᠢᠴᠢ ᠬᠠᠳᠠᠭᠠᠯᠠᠬᠤ ᠥᠷᠲᠡᠭ ᠦᠭᠡᠢ ᠪᠢᠴᠢᠭ ᠮᠠᠲ᠋ᠧᠷᠢᠶᠠᠯ  ᠢ ᠳᠡᠰ ᠳᠠᠷᠠᠭᠠᠯᠠᠯ  ᠢ ᠴᠢᠩᠭ᠎ᠠ ᠵᠢᠷᠤᠮᠯᠠᠨ ᠰᠢᠲᠠᠭᠠᠵᠤ ᠰᠢᠢᠳᠪᠦᠷᠢᠯᠡᠬᠦ ᠠᠵᠢᠯ  ᠢ ᠬᠢᠬᠦ ᠬᠡᠷᠡᠭᠲᠡᠢ᠃          ︵ᠭᠤᠷᠪᠠ︶ᠶᠡᠷᠦᠩᠬᠡᠶᠢᠯᠢᠭ ᠨᠢᠭᠡ ᠭᠡᠷ            ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠤᠨ ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠲᠤᠭᠤᠷᠪᠢᠬᠤ ᠶᠢ ᠬᠠᠷᠢᠭᠤᠴᠠᠨ᠂ ᠲᠥᠷᠥ ᠶᠢᠨ ᠪᠣᠳᠣᠯᠭ᠎ᠠ᠂ ᠦᠰᠦᠭ ᠪᠢᠴᠢᠭ ᠤᠨ ᠪᠣᠭᠤᠮᠲᠠ ᠶᠢ ᠰᠠᠶᠢᠲᠤᠷ ᠰᠠᠬᠢᠵᠤ᠂ ᠬᠢᠨᠠᠮᠠᠭᠠᠢ ᠡᠬᠡ ᠪᠢᠴᠢᠭ ᠢᠶᠠᠨ ᠬᠢᠨᠠᠨ ᠬᠠᠷᠭᠤᠭᠤᠯᠵᠤ᠂ ᠪᠦᠬᠦ ᠵᠢᠯ ᠳᠤ ᠴᠢᠬᠤᠯᠠ ᠶᠡᠭᠡ ᠠᠯᠳᠠᠭ᠎ᠠ ᠪᠤᠷᠤᠭᠤ ᠦᠭᠡᠢ ᠪᠠᠶᠢᠵᠤ᠂ ᠮᠡᠷᠭᠡᠵᠢᠯ ᠤᠨ ᠴᠢᠨᠠᠷᠲᠠᠢ ᠠᠯᠳᠠᠭ᠎ᠠ ᠪᠤᠷᠤᠭᠤ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠵᠤ᠂ ᠪᠢᠴᠢᠭ ᠮᠠᠲ᠋ᠧᠷᠢᠶᠠᠯ ᠭᠦᠢᠴᠡᠳᠬᠡᠬᠦ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠪᠢᠴᠢᠭ ᠮᠠᠲ᠋ᠧᠷᠢᠶᠠᠯ ᠭᠦᠢᠴᠡᠳᠬᠡᠬᠦ ᠳᠡᠰ ᠳᠠᠷᠠᠭᠠᠯᠠᠯ  ᠢ ᠵᠢᠷᠤᠮᠵᠢᠭᠤᠯᠤᠨ᠂ ᠳᠡᠰ ᠳᠠᠷᠠᠭᠠᠯᠠᠯ ᠲᠠᠢ ᠪᠣᠯᠭᠠᠬᠤ ᠬᠡᠷᠡᠭᠲᠡᠢ᠃ ᠪᠦᠬᠦ ᠲᠣᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠪᠢᠴᠢᠭ ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃            ᠪᠦᠬᠦ ᠲᠣᠭᠤᠷᠢᠭ ᠤᠨ ᠡᠯ᠎ᠡ ᠠᠵᠢᠯ ᠲᠦᠷᠦᠯ᠂ ᠡᠯ᠎ᠡ ᠬᠦᠷᠢᠶᠡᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ ᠲᠠᠢ ᠬᠠᠷᠢᠯᠴᠠᠬᠤ ᠶᠢ ᠬᠠᠷᠢᠭᠤᠴᠠᠵᠤ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢ ᠪᠠᠶᠢᠴᠠᠭᠠᠨ ᠰᠤᠳᠤᠯᠬᠤ᠂ ᠵᠣᠬᠢᠴᠠᠭᠤᠯᠬᠤ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠵᠡᠷᠭᠡ ᠠᠵᠢᠯ ᠢ ᠬᠠᠷᠢᠭᠤᠴᠠᠨ᠎ᠠ᠃            ︵ᠳᠥᠷᠪᠡ︶ᠶᠡᠷᠦᠩᠬᠡᠢ ᠬᠤᠶᠠᠷ ᠦᠷᠦᠭᠡ            ᠲᠣᠭᠤᠷᠢᠭ ᠤᠨ ᠵᠠᠰᠠᠭ ᠤᠨ ᠣᠷᠳᠣᠨ ᠤ ᠬᠤᠷᠠᠯ ᠤᠨ ᠶᠠᠪᠤᠳᠠᠯ ᠵᠢᠴᠢ ᠬᠤᠷᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠪᠠ ᠲᠤᠰᠬᠠᠢ ᠰᠡᠳᠦᠪᠲᠦ ᠠᠵᠢᠯ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠲᠥᠷᠥᠯ ᠤᠨ ᠬᠤᠷᠠᠯ ᠪᠠ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠣᠬᠢᠶᠠᠨ ᠪᠠᠶᠢᠭᠤᠯᠵᠤ ᠣᠷᠣᠯᠴᠠᠭᠰᠠᠨ ᠬᠤᠷᠠᠯ ᠤᠨ ᠶᠠᠪᠤᠳᠠᠯ ᠤᠨ ᠠᠵᠢᠯᠯᠠᠭ᠎ᠠ ᠳᠤ ᠬᠤᠷᠠᠯ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ᠬᠤᠷᠠᠯ ᠤᠨ ᠵᠥᠪᠯᠡᠬᠦ ᠵᠦᠢᠯ ᠢ ᠴᠤᠭᠯᠠᠭᠤᠯᠤᠨ ᠬᠢᠨᠠᠨ ᠪᠠᠶᠢᠴᠠᠭᠠᠬᠤ᠂ ᠬᠤᠷᠠᠯ ᠤᠨ ᠵᠥᠪᠯᠡᠬᠦ ᠵᠦᠢᠯ ᠢ ᠨᠠᠶᠢᠷᠠᠭᠤᠯᠤᠨ ᠵᠣᠬᠢᠶᠠᠬᠤ᠂ ᠬᠤᠷᠠᠯ ᠤᠨ ᠮᠠᠲ᠋ᠧᠷᠢᠶᠠᠯ ᠢ ᠪᠡᠯᠡᠳᠬᠡᠬᠦ᠂ ᠬᠤᠷᠠᠯ ᠤᠨ ᠲᠣᠪᠴᠢ ᠲᠡᠮᠳᠡᠭᠯᠡᠯ ᠪᠢᠴᠢᠬᠦ ᠵᠡᠷᠭᠡ ᠠᠵᠢᠯ ᠢ ᠬᠠᠷᠢᠭᠤᠴᠠᠨ᠎ᠠ︔            ᠲᠣᠭᠤᠷᠢᠭ ᠤᠨ ᠵᠠᠰᠠᠭ ᠤᠨ ᠣᠷᠳᠣᠨ ᠤ ᠲᠧᠯᠸᠢᠰ ᠤᠲᠠᠰᠤ ᠬᠤᠷᠠᠯ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠡᠷᠬᠢᠯᠡᠵᠦ᠂ ᠰᠣᠨᠢᠨ ᠮᠡᠳᠡᠭᠡᠨ ᠤ ᠨᠢᠭᠡᠴᠡ ᠲᠠᠢ ᠵᠣᠬᠢᠴᠠᠭᠤᠯᠤᠨ ᠬᠠᠷᠢᠯᠴᠠᠵᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ ᠶᠢ ᠤᠬᠠᠭᠤᠯᠤᠨ ᠮᠡᠳᠡᠭᠡᠯᠡᠨ᠎ᠡ᠃            ︵ᠲᠠᠪᠤ︶ᠰᠢᠮᠳᠠᠭᠤᠯᠤᠨ ᠪᠠᠶᠢᠴᠠᠭᠠᠬᠤ ᠭᠡᠷ          ᠡᠯ᠎ᠡ ᠱᠠᠲᠤᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃          ᠪᠥᠬᠦ ᠲᠣᠭᠤᠷᠢᠭ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠵᠤ ᠠᠬᠤᠢ ᠠᠮᠢ ᠠᠬᠤᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠲᠣᠭᠤᠷᠢᠭ ᠤᠨ ᠠᠮᠢ ᠠᠬᠤᠢ ᠶᠢᠨ ᠬᠦᠷᠢᠶᠡᠨ ᠤ ᠠᠵᠢᠯ ᠳᠤ ᠪᠠᠶᠢᠴᠠᠭᠠᠨ ᠰᠤᠳᠤᠯᠤᠯᠲᠠ ᠪᠣᠯᠣᠨ ᠬᠢᠨᠠᠨ ᠪᠠᠶᠢᠴᠠᠭᠠᠯᠲᠠ ᠬᠢᠪᠡ᠃ ᠬᠤᠪᠢᠳᠠᠨ ᠬᠠᠮᠢᠶᠠᠷᠴᠤ ᠪᠠᠶᠢᠭ᠎ᠠ ᠣᠷᠣᠨ ᠤ ᠤᠳᠤᠷᠢᠳᠤᠯᠭ᠎ᠠ ᠶᠢ ᠬᠠᠮᠵᠢᠯᠴᠠᠨ ᠪᠠᠶᠢᠴᠠᠭᠠᠨ ᠰᠤᠳᠤᠯᠤᠯᠲᠠ ᠬᠢᠬᠦ᠂ ᠵᠣᠬᠢᠴᠠᠭᠤᠯᠬᠤ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠵᠡᠷᠭᠡ ᠠᠵᠢᠯ ᠢ ᠥᠷᠨᠢᠭᠦᠯᠬᠦ ᠶᠢ ᠬᠠᠷᠢᠭᠤᠴᠠᠨ᠎ᠠ᠃      ︵ᠵᠢᠷᠭᠤᠭ᠎ᠠ︶ᠮᠡᠳᠡᠭᠡ ᠵᠠᠩᠭᠢ ᠶᠢᠨ ᠭᠡᠷ          ᠪᠦᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠲᠥᠯᠦᠪᠵᠢᠭᠦᠯᠭᠡ ᠶᠢᠨ ᠵᠢᠯᠣᠭᠤᠳᠤᠯᠭ᠎ᠠ ᠶᠢ ᠬᠠᠷᠢᠭᠤᠴᠠᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠨ ᠪᠠᠶᠢᠴᠠᠭᠠᠬᠤ ᠵᠡᠷᠭᠡ ᠠᠵᠢᠯ  ᠢ ᠬᠠᠷᠢᠭᠤᠴᠠᠨ᠎ᠠ᠃ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠦᠯᠡᠳᠡᠭᠡᠭᠰᠡᠨ ᠦᠭᠡ ᠪᠠ ᠸᠢᠴᠠᠲ ᠤᠨ ᠠᠷᠠᠳ ᠤᠨ ᠠᠮᠢᠳᠤᠷᠠᠯ ᠤᠨ ᠲᠠᠪᠴᠠᠩ ᠦᠭᠡ ᠦᠯᠡᠳᠡᠭᠡᠵᠦ ᠬᠦᠯᠢᠶᠡᠨ ᠠᠪᠴᠤ ᠱᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ᠂ ᠮᠡᠳᠡᠭᠡ ᠵᠠᠩᠭᠢ ᠶᠢᠨ ᠰᠢᠰᠲ᠋ᠧᠮ ᠤᠨ ᠡᠷᠴᠢᠮᠵᠢᠭᠦᠯᠦᠭᠰᠡᠨ ᠪᠠᠶᠢᠭᠤᠯᠤᠯᠲᠠ ᠪᠠ ᠰᠢᠯᠭᠠᠨ ᠬᠢᠨᠠᠵᠤ ᠰᠢᠯᠭᠠᠨ ᠬᠢᠨᠠᠬᠤ᠂ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠪᠦᠬᠦ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠰᠦᠯᠵᠢᠶᠡᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠ ᠡᠯᠧᠺᠲᠷᠣᠨ ᠵᠠᠰᠠᠭ ᠤᠨ ᠶᠠᠪᠤᠳᠠᠯ ᠤᠨ ᠨᠢᠭᠡᠳᠦᠯᠲᠡᠢ ᠲᠠᠪᠴᠠᠩ ᠤᠨ ᠪᠠᠶᠢᠭᠤᠯᠤᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃            ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ ᠪᠣᠯᠭᠠᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠵᠡᠷᠭᠡ ᠠᠵᠢᠯ ᠢ ᠬᠠᠷᠢᠭᠤᠴᠠᠨ᠎ᠠ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠣᠷᠣᠨ ᠤ ᠱᠠᠲᠤᠨ ᠤ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠢᠯᠤᠭᠤᠳᠴᠤ᠂ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠪᠦᠬᠦ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠢᠨᠠᠨ ᠰᠢᠯᠭᠠᠵᠤ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃          ᠪᠥᠬᠦ ᠲᠣᠭᠤᠷᠢᠭ ‍ᠤᠨ‌ᠡᠯᠧᠺᠲᠷᠣᠨ ᠵᠠᠰᠠᠭ ᠤᠨ ᠶᠠᠪᠤᠳᠠᠯ ᠤᠨ ᠲᠣᠣᠷ ᠰᠦᠯᠵᠢᠶ᠎ᠡ ᠶᠢᠨ ᠡᠷᠴᠢᠮᠵᠢᠭᠦᠯᠦᠭᠰᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠪᠥᠬᠦ ᠲᠣᠭᠤᠷᠢᠭ ᠤᠨ ᠡᠯᠧᠺᠲᠷᠣᠨ ᠵᠠᠰᠠᠭ ᠤᠨ ᠶᠠᠪᠤᠳᠠᠯ ᠤᠨ ᠲᠣᠣᠷ ᠰᠦᠯᠵᠢᠶ᠎ᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠂ ᠪᠥᠬᠦ ᠲᠣᠭᠤᠷᠢᠭ ‍ᠤᠨ‌ᠡᠯᠧᠺᠲᠷᠣᠨ ᠵᠠᠰᠠᠭ ᠤᠨ ᠶᠠᠪᠤᠳᠠᠯ ᠤᠨ ᠲᠣᠣᠷ ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠨ᠎ᠠ᠃            ᠪᠥᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠴᠤᠭᠯᠠᠭᠤᠯᠬᠤ᠂ ᠡᠮᠬᠢᠳᠬᠡᠬᠦ᠂ ᠳᠡᠭᠡᠭᠰᠢ ᠮᠡᠳᠡᠭᠦᠯᠬᠦ ᠵᠢᠴᠢ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠬᠥᠳᠡᠯᠦᠩᠭᠦᠢ ᠪᠠᠶᠢᠳᠠᠯ︾ ᠢ ᠨᠠᠶᠢᠷᠠᠭᠤᠯᠤᠨ ᠲᠠᠷᠬᠠᠭᠠᠬᠤ ᠠᠵᠢᠯ ᠢ ᠬᠠᠷᠢᠭᠤᠴᠠᠨ᠎ᠠ᠃ ᠪᠥᠬᠦ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠣᠬᠢᠶᠠᠨ ᠪᠠᠶᠢᠭᠤᠯᠵᠤ ᠵᠢᠯᠤᠭᠤᠳᠬᠤ᠂ ᠲᠥᠯᠥᠪᠯᠡᠭᠡ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠪᠠᠶᠢᠴᠠᠭᠠᠨ ᠰᠤᠳᠤᠯᠬᠤ ᠪᠠ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠪᠥᠬᠦ ᠲᠣᠭᠤᠷᠢᠭ ‍ᠤᠨ‌ᠵᠠᠰᠠᠭ ᠤᠨ ᠶᠠᠪᠤᠳᠠᠯ ᠤᠨ ᠵᠢᠵᠢᠭᠦᠷᠯᠡᠨ ᠰᠠᠬᠢᠬᠤ ᠠᠵᠢᠯ ᠢ ᠡᠭᠦᠷᠭᠡᠯᠡᠵᠦ᠂ ᠪᠥᠬᠦ ᠲᠣᠭᠤᠷᠢᠭ ᠤᠨ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃    ᠭᠤᠷᠪᠠ᠂ ᠠᠵᠢᠯᠲᠠᠨ ᠤ ᠣᠷᠣᠨ ᠲᠤᠭ᠎ᠠ            ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠵᠠᠬᠢᠷᠭᠠᠨ ᠤ ᠣᠷᠣᠨ ᠲᠤᠭ᠎ᠠ 22 ᠪᠠᠶᠢᠨ᠎ᠠ︔ ᠡᠷᠬᠢᠯᠡᠭᠴᠢ 1 ᠬᠥᠮᠥᠨ᠂ ᠳᠡᠳ᠋ ᠡᠷᠬᠢᠯᠡᠭᠴᠢ 6 ᠬᠥᠮᠥᠨ ᠲᠣᠬᠢᠷᠠᠭᠤᠯᠪᠠ︔ ᠰᠠᠯᠠᠭᠠᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 7 ᠬᠥᠮᠥᠨ ︵1 ᠵᠢᠩᠬᠢᠨᠢ 6 ᠳᠡᠳ᠋ ᠳᠠᠷᠤᠭ᠎ᠠ︶ ᠢ ᠬᠢᠨᠠᠨ ᠲᠣᠭᠲᠠᠭᠠᠪᠠ᠃ᠳᠥᠷᠪᠡ᠂ ᠪᠤᠰᠤᠳ ᠵᠦᠢᠯ          ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠣᠨ ᠣᠷᠣᠨ ᠲᠣᠭᠠᠨ ᠤ ᠵᠦᠢᠯ ᠢ ᠠᠰ ᠲᠤᠨᠢ ᠲᠣᠭᠲᠠᠭᠠᠨ᠎ᠠ᠃          ᠬᠠᠶ᠋ᠢᠭ᠄ ᠰᠠᠶᠢᠬᠠᠨ ᠲᠣᠭᠤᠷᠢᠭ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ 314 ᠥᠷᠥᠭᠡ ︵ᠵᠣᠣ ᠤᠳᠠ ᠡᠮᠦᠨ᠎ᠡ ᠵᠠᠮ ᠤᠨ 169 ᠳ᠋ᠦ᠋ᠭᠡᠷ ᠲᠣᠭᠠᠲᠤ︶          ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 13᠄ 30 - 17᠄ 00          ᠬᠠᠷᠢᠯᠴᠠᠬᠤ ᠤᠲᠠᠰᠤ᠄ 0471 - 4211860          ᠬᠠᠷᠢᠭᠤᠴᠠᠯᠭᠠᠲᠠᠨ᠄ ᠦ᠋ ᠵᠢᠶᠦ᠋ᠨ ᠢ      ᠠᠵᠢᠯᠯᠠᠬᠤ ᠬᠠᠶ᠋ᠢᠭ᠄ ᠰᠠᠶᠢᠬᠠᠨ ᠲᠣᠭᠤᠷᠢᠭ ᠤᠨ ᠵᠤᠤ ᠤᠳᠠ ᠡᠮᠦᠨ᠎ᠡ ᠵᠠᠮ ᠤᠨ 169 ᠳ᠋ᠦ᠋ᠭᠡᠷ ᠠᠯᠪᠠᠨ ᠠᠰᠠᠷ ᠤᠨ 314 ᠳ᠋ᠤᠭᠠᠷ ᠠᠯᠪᠠᠨ ᠠᠰᠠᠷ ᠤᠨ      ᠬᠠᠷᠢᠯᠴᠠᠬᠤ ᠤᠲᠠᠰᠤ᠄ 0471 - 4211860 ᠠᠵᠢᠯᠯᠠᠬᠤ ᠴᠠᠭ᠄ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 1᠄ 30 - 5᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号