ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/6
 ᠪᠠᠶᠢᠭᠤᠯᠤᠮᠵᠢ ᠶᠢᠨ ᠡᠭᠦᠷᠭᠡ ᠴᠢᠳᠠᠪᠤᠷᠢ      ᠨᠢᠭᠡᠳᠦᠭᠡᠷ ᠵᠦᠢᠯ      ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃        ᠬᠤᠶᠠᠳᠤᠭᠠᠷ ᠵᠦᠢᠯ      ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ︵ᠳᠣᠷᠣᠭᠰᠢ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠳᠡᠰ ᠪᠣᠯᠣᠨ᠎ᠠ᠃        ᠭᠤᠷᠪᠠᠳᠤᠭᠠᠷ ᠵᠦᠢᠯ      ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ᠭᠤᠣᠯ ᠡᠭᠦᠷᠭᠡ ᠬᠠᠷᠢᠭᠤᠴᠠᠯᠭ᠎ᠠ᠄          ︵ᠨᠢᠭᠡ︶ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠮᠠᠨ ᠤ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠵᠢᠴᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠣᠬᠤᠯᠠᠪᠤᠷᠢᠯᠠᠨ ᠬᠠᠷᠢᠭᠤᠯᠤᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠲᠤᠰᠢᠶᠠᠨ ᠰᠢᠢᠳᠪᠦᠷᠢᠯᠡᠬᠦ᠂ ᠰᠢᠮᠳᠠᠭᠤᠯᠤᠨ ᠰᠢᠢᠳᠪᠦᠷᠢᠯᠡᠭᠦᠯᠬᠦ᠂ ᠬᠡᠷᠡᠭ ᠢ ᠳᠠᠭᠤᠰᠬᠠᠬᠤ ᠵᠡᠷᠭᠡ ᠠᠵᠢᠯ ᠢ ᠳᠠᠭᠠᠭᠠᠨ ᠭᠦᠢᠴᠡᠳᠬᠡᠨ᠎ᠡ︔ ᠮᠠᠨ ᠤ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠵᠢᠴᠢ ᠪᠦᠯᠦᠭᠯᠡᠯ ᠤᠨ ᠴᠢᠨᠠᠷᠲᠠᠢ ᠬᠡᠷᠡᠭ ᠢ ᠰᠢᠢᠳᠪᠦᠷᠢᠯᠡᠬᠦ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠪᠣᠳᠠᠲᠠᠢ ᠠᠵᠢᠯ ᠢ ᠬᠠᠷᠢᠭᠤᠴᠠᠨ᠎ᠠ︔ ᠮᠠᠨ ᠤ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠵᠢᠴᠢ ᠪᠦᠯᠦᠭᠯᠡᠯ ᠤᠨ ᠴᠢᠨᠠᠷᠲᠠᠢ ᠬᠡᠷᠡᠭ ᠢ ᠰᠢᠢᠳᠪᠦᠷᠢᠯᠡᠬᠦ ᠬᠠᠮᠲᠤᠷᠠᠭᠰᠠᠨ ᠬᠤᠷᠠᠯ ᠤᠨ ᠲᠣᠭᠲᠠᠭᠠᠭᠰᠠᠨ ᠵᠦᠢᠯᠡᠰ ᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ︔ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠨᠡᠭᠡᠭᠡᠯᠲᠡ ᠶᠢᠨ ᠲᠣᠭᠤᠷᠢᠭ ᠵᠢᠴᠢ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃            ︵ᠬᠤᠶᠠᠷ︶ᠣᠯᠠᠨ ᠲᠦᠮᠡᠨ ᠤ ᠰᠣᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠲᠤ ᠮᠠᠨ ᠤ ᠲᠣᠭᠤᠷᠢᠭ ᠤᠨ ᠣᠯᠠᠨ ᠲᠦᠮᠡᠨ ᠤ ᠳᠡᠭᠡᠭᠰᠢ ᠰᠤᠷᠪᠤᠯᠵᠢᠯᠠᠵᠤ ᠲᠤᠰᠬᠠᠭᠰᠠᠨ ᠠᠰᠠᠭᠤᠳᠠᠯ ᠤᠨ ᠪᠣᠳᠠᠲᠠᠢ ᠪᠠᠶᠢᠳᠠᠯ ᠢ ᠲᠤᠰᠬᠠᠬᠤ ᠶᠢ ᠬᠠᠷᠢᠭᠤᠴᠠᠵᠤ᠂ ᠤᠳᠤᠷᠢᠳᠬᠤ ᠨᠥᠬᠦᠳ ᠲᠤ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠶᠢ ᠬᠠᠷᠢᠭᠤᠴᠠᠨ᠎ᠠ︔ ᠳᠡᠭᠡᠳᠦ ᠱᠠᠲᠤᠨ ᠤ ᠤᠳᠤᠷᠢᠳᠬᠤ ᠨᠥᠬᠦᠳ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠵᠣᠬᠢᠴᠠᠭᠤᠯᠬᠤ᠂ ᠬᠢᠨᠠᠨ ᠵᠢᠯᠤᠭᠤᠳᠬᠤ᠂ ᠰᠢᠢᠳᠪᠦᠷᠢᠯᠡᠬᠦ ᠶᠢ ᠬᠠᠷᠢᠭᠤᠴᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ︔ ᠨᠡᠭᠡᠭᠡᠯᠲᠡ ᠶᠢᠨ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠬᠦ᠂ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠬᠠᠷᠢᠭᠤᠴᠠᠵᠤ᠂ ᠴᠢᠬᠤᠯᠠ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠭᠰᠡᠨ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃          ︵ᠭᠤᠷᠪᠠ︶ᠬᠠᠮᠠᠭᠠᠯᠠᠬᠤ ᠪᠠ ᠬᠠᠮᠢᠶᠠᠷᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠠᠷᠢᠭᠤᠴᠠᠨ᠎ᠠ︔ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ᠂ ᠵᠠᠬᠢᠳᠠᠯ ᠰᠣᠷᠪᠤᠯᠵᠢᠯᠠᠭ᠎ᠠ ᠶᠢᠨ ᠬᠠᠯᠠᠮᠰᠢᠯ ᠤᠲᠠᠰᠤ᠂ ᠰᠦᠯᠵᠢᠶᠡᠨ ᠳᠡᠭᠡᠷᠡᠬᠢ ᠵᠠᠬᠢᠳᠠᠯ ᠰᠣᠷᠪᠤᠯᠵᠢᠯᠠᠭ᠎ᠠ᠂ ᠲᠡᠷᠢᠭᠦᠯᠡᠭᠴᠢ ᠶᠢᠨ ᠵᠠᠬᠢᠳᠠᠯ ᠤᠨ ᠬᠠᠶᠢᠷᠴᠠᠭ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠤᠨ ᠬᠦᠯᠢᠶᠡᠨ ᠠᠪᠴᠤ ᠰᠢᠢᠳᠪᠦᠷᠢᠯᠡᠬᠦ᠂ ᠭᠦᠢᠴᠡᠳᠬᠡᠬᠦ᠂ ᠬᠠᠷᠢᠭᠤᠯᠲᠠ ᠥᠭᠬᠦ ᠵᠡᠷᠭᠡ ᠠᠵᠢᠯ ᠢ ᠬᠠᠷᠢᠭᠤᠴᠠᠨ᠎ᠠ᠃          ︵ᠳᠥᠷᠪᠡ︶ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃          ︵ᠲᠠᠪᠤ︶ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠳᠥᠷᠪᠡᠳᠦᠭᠡᠷ ᠵᠦᠢᠯ      ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠠᠴᠠ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠪᠠᠶᠢᠭᠤᠯᠤᠨ᠎ᠠ᠄      ︵ᠨᠢᠭᠡ︶ᠶᠡᠷᠦᠩᠬᠡᠶᠢᠯᠡᠭᠰᠡᠨ ᠰᠲ᠋ᠣᠺ᠃ ᠪᠢᠴᠢᠭ ᠮᠠᠲ᠋ᠧᠷᠢᠶᠠᠯ ᠴᠠᠬᠢᠯᠭᠠᠨ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠲᠠᠩᠰᠠ ᠡᠪᠬᠡᠮᠡᠯ᠂ ᠳᠣᠲᠣᠭᠠᠳᠤ ᠠᠵᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠡᠳ᠋ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠠᠮᠤᠷ ᠲᠦᠪᠰᠢᠨ ᠤ ᠬᠠᠮᠠᠭᠠᠯᠠᠯᠲᠠ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠵᠡᠷᠭᠡ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠣᠶᠢᠮ᠎ᠠ ᠠᠰᠠᠭᠤᠳᠠᠯ ᠵᠢᠴᠢ ᠪᠦᠯᠦᠭᠯᠡᠯ ᠤᠨ ᠴᠢᠨᠠᠷᠲᠠᠢ ᠬᠡᠷᠡᠭ ᠶᠠᠪᠤᠳᠠᠯ ᠢ ᠰᠢᠢᠳᠪᠦᠷᠢᠯᠡᠬᠦ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃          ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠤᠨ ᠶᠡᠷᠦᠩᠬᠡᠶᠢᠯᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠵᠢᠷᠠᠭᠤᠯᠤᠨ ᠴᠢᠩᠭᠠᠳᠬᠠᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ︔ ᠴᠢᠬᠤᠯᠠ ᠡᠬᠡ ᠪᠢᠴᠢᠭ ᠪᠠ ᠶᠡᠷᠦᠩᠬᠡᠶᠢᠯᠡᠭᠰᠡᠨ ᠴᠢᠨᠠᠷᠲᠠᠢ ᠮᠠᠲ᠋ᠧᠷᠢᠶᠠᠯ ᠢ ᠲᠤᠭᠤᠷᠪᠢᠨ᠎ᠠ︔ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠶᠡᠷᠦᠩᠬᠡᠶᠢᠯᠡᠭᠰᠡᠨ ᠡᠬᠡ ᠪᠢᠴᠢᠭ ᠢ ᠲᠤᠭᠤᠷᠪᠢᠨ ᠪᠢᠴᠢᠬᠦ ᠠᠵᠢᠯ︔ ᠣᠯᠠᠨ ᠲᠦᠮᠡᠨ ᠤ ᠵᠠᠬᠢᠳᠠᠯ᠂ ᠰᠤᠷᠪᠤᠯᠵᠢᠯᠠᠯ ᠬᠢᠭᠰᠡᠨ ᠪᠠᠶᠢᠳᠠᠯ ᠳᠤ ᠪᠦᠷᠢᠳᠬᠡᠨ ᠵᠠᠳᠠᠯᠤᠯᠲᠠ ᠬᠢᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠵᠤᠷᠰᠢᠯᠲᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠤᠨ᠎ᠠ᠃          ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠳᠡᠭᠡᠳᠦ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠭᠰᠠᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠦᠬᠦ ᠲᠣᠭᠤᠷᠢᠭ ᠤᠨ ᠪᠡᠭᠡᠵᠢᠩ ᠳᠤ ᠰᠠᠭᠤᠵᠤ ᠢᠳᠬᠠᠨ ᠪᠤᠴᠠᠭᠠᠬᠤ ᠠᠵᠢᠯ ᠢ ᠵᠣᠬᠢᠴᠠᠭᠤᠯᠤᠨ ᠵᠢᠯᠤᠭᠤᠳᠬᠤ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠬᠤ ᠡᠭᠦᠷᠭᠡ ᠶᠢ ᠡᠭᠦᠷᠭᠡᠯᠡᠨ᠎ᠡ᠃ ᠪᠤᠳᠤᠯᠢᠶᠠᠨᠲᠠᠢ ᠲᠦᠪᠡᠭᠲᠡᠢ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠠᠵᠢᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠨ᠎ᠡ᠃ ᠣᠨᠴᠠᠭᠠᠶ ᠬᠦᠴᠢᠷ ᠲᠦᠪᠡᠭᠲᠡᠢ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ ᠶᠢ ᠬᠠᠮᠢᠶᠠᠷᠤᠨ ᠬᠡᠷᠡᠭᠯᠡᠬᠦ ᠶᠢᠨ ᠬᠠᠮᠲᠤ ᠵᠣᠬᠢᠴᠠᠭᠤᠯᠤᠨ ᠵᠢᠯᠤᠭᠤᠳᠬᠤ ᠠᠵᠢᠯ ᠢ ᠰᠠᠶᠢᠲᠤᠷ ᠬᠢᠨ᠎ᠡ᠃ ᠠᠵᠢᠯ ᠢᠶᠠᠨ ᠬᠠᠯᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠬᠦ ᠰᠠᠨᠠᠯ ᠰᠠᠨᠠᠭᠤᠯᠭ᠎ᠠ ᠶᠢ ᠳᠤᠷᠠᠳᠴᠠᠢ᠃ ᠪᠥᠬᠦ ᠲᠣᠭᠤᠷᠢᠭ ‍ᠤᠨ‌ᠵᠠᠬᠢᠳᠠᠯ ᠰᠣᠷᠪᠤᠯᠵᠢᠯᠠᠭ᠎ᠠ ᠶᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠭᠦᠯᠬᠦ ᠠᠵᠢᠯ ᠢ ᠵᠢᠯᠣᠭᠤᠳᠤᠨ ᠪᠠᠶᠢᠴᠠᠭᠠᠪᠠ᠃          ᠮᠠᠨ ᠤ ᠲᠣᠭᠤᠷᠢᠭ ‍ᠤᠨ‌ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠲᠤᠰᠬᠠᠢ ᠬᠠᠮᠠᠭᠠᠯᠠᠬᠤ᠂ ᠠᠵᠢᠯᠯᠠᠭᠤᠯᠬᠤ᠂ ᠬᠡᠷᠡᠭᠯᠡᠬᠦ ᠵᠢᠴᠢ ᠨᠡᠭᠡᠭᠡᠯᠲᠡ ᠬᠢᠬᠦ ᠶᠢ ᠬᠠᠷᠢᠭᠤᠴᠠᠬᠤ ᠶᠢᠨ ᠬᠠᠮᠲᠤ ᠪᠦᠬᠦ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠢᠨᠵᠧᠨᠧᠷᠢᠩ ᠳᠤ ᠮᠡᠷᠭᠡᠵᠢᠯ ᠪᠣᠯᠣᠨ ᠵᠥᠭᠡᠯᠡᠨ ᠬᠠᠲᠠᠭᠤ ᠬᠡᠷᠡᠭᠰᠡᠯ ᠤᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠤᠯᠭ᠎ᠠ ᠬᠢᠬᠦ ᠵᠡᠷᠭᠡ ᠠᠵᠢᠯ ᠢ ᠥᠷᠨᠢᠭᠦᠯᠦᠨ᠎ᠡ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠶᠢᠨ ᠵᠠᠬᠢᠳᠠᠯ ᠤᠨ ᠬᠠᠶᠢᠷᠴᠠᠭ᠂ ᠬᠥᠬᠡᠬᠤᠲᠠ ᠶᠢᠨ ᠰᠦᠯᠵᠢᠶᠡᠨ ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ ᠳᠤᠷᠠᠳᠤᠭᠰᠠᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠨ᠎ᠠ᠂ ᠵᠢᠨᠴᠢᠶᠣᠣ ᠨᠡᠭᠡᠭᠡᠯᠲᠡ ᠶᠢᠨ ᠲᠣᠭᠤᠷᠢᠭ᠂ ᠡᠯ᠎ᠡ ᠪᠠᠯᠭᠠᠰᠤ᠂ ᠵᠡᠭᠡᠯᠢ ᠭᠤᠳᠤᠮᠵᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ ᠳᠤ ᠳᠠᠮᠵᠢᠭᠤᠯᠤᠨ ᠬᠦᠷᠭᠡᠬᠦ᠂ ᠲᠤᠰᠢᠶᠠᠨ ᠰᠢᠢᠳᠪᠦᠷᠢᠯᠡᠭᠦᠯᠬᠦ᠂ ᠰᠢᠮᠳᠠᠭᠤᠯᠤᠨ ᠰᠢᠢᠳᠪᠦᠷᠢᠯᠡᠭᠦᠯᠦᠨ᠎ᠡ᠃ ᠬᠥᠬᠡᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠰᠢᠯᠵᠢᠭᠦᠯᠦᠨ ᠬᠦᠷᠭᠡᠬᠦ᠂ ᠲᠤᠰᠢᠶᠠᠨ ᠰᠢᠢᠳᠪᠦᠷᠢᠯᠡᠭᠦᠯᠬᠦ ᠰᠦᠯᠵᠢᠶᠡᠨ ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠭᠦᠢᠴᠡᠳᠬᠡᠨ᠎ᠡ᠃ ᠰᠦᠯᠵᠢᠶᠡᠨ ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃            ︵ᠬᠤᠶᠠᠷ︶ᠰᠤᠷᠪᠤᠯᠵᠢᠯᠠᠵᠤ ᠬᠦᠯᠢᠶᠡᠨ ᠠᠪᠬᠤ ᠰᠲ᠋ᠣᠺ᠃ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠳᠠᠩᠰᠠᠯᠠᠬᠤ᠂ ᠡᠬᠡ ᠳᠠᠩᠰᠠ ᠪᠠᠶᠢᠭᠤᠯᠬᠤ ᠠᠵᠢᠯ ᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠤᠨ ᠬᠡᠷᠡᠭ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ︔ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠠᠵᠢᠯ ᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢ ᠬᠠᠮᠲᠤ ᠪᠠᠷ ᠳᠡᠭᠡᠭᠰᠢ ᠰᠤᠷᠪᠤᠯᠵᠢᠯᠠᠬᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠬᠠᠷᠢᠭᠤᠴᠠᠵᠤ᠂ ᠴᠠᠭ ᠲᠤᠬᠠᠢ ᠳᠤᠨᠢ ᠤᠳᠤᠷᠢᠳᠬᠤ ᠨᠥᠬᠦᠳ ᠲᠤ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠠᠵᠢᠯ ᠤᠨ ᠰᠠᠨᠠᠭᠤᠯᠭ᠎ᠠ ᠪᠠ ᠰᠠᠨᠠᠯ ᠢᠶᠠᠨ ᠳᠤᠷᠠᠳᠤᠨ᠎ᠠ︔ ᠳᠡᠭᠡᠳᠦ ᠱᠠᠲᠤ ᠵᠢᠴᠢ ᠮᠠᠨ ᠤ ᠣᠷᠣᠨ ᠤ ᠤᠳᠤᠷᠢᠳᠬᠤ ᠨᠥᠬᠦᠳ ᠤᠨ ᠭᠦᠢᠴᠡᠳᠬᠡᠬᠦ ᠶᠢ ᠵᠥᠪᠰᠢᠶᠡᠷᠡᠬᠦ᠂ ᠰᠢᠯᠵᠢᠭᠦᠯᠦᠨ ᠭᠦᠢᠴᠡᠳᠬᠡᠬᠦ ᠮᠠᠨ ᠤ ᠲᠣᠭᠤᠷᠢᠭ ᠤᠨ ᠣᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠵᠦᠢᠯᠡᠰ ᠢ ᠳᠠᠭᠠᠭᠠᠨ ᠰᠢᠢᠳᠪᠦᠷᠢᠯᠡᠬᠦ ᠶᠢᠨ ᠬᠠᠮᠲᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠬᠢᠬᠦ ᠴᠢᠬᠤᠯᠠ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠬᠢᠬᠦ ᠶᠢ ᠬᠦᠯᠢᠶᠡᠨ ᠠᠪᠬᠤ ᠴᠢᠬᠤᠯᠠ ᠲᠥᠰᠥᠯ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠵᠠᠬᠢᠳᠠᠯ ᠰᠤᠷᠪᠤᠯᠵᠢᠯᠠᠯ ᠤᠨ ᠴᠢᠬᠤᠯᠠ ᠤᠲᠠᠰᠤ᠂ ᠲᠡᠷᠢᠭᠦᠯᠡᠭᠴᠢ ᠶᠢᠨ ᠵᠠᠬᠢᠳᠠᠯ ᠤᠨ ᠬᠠᠶᠢᠷᠴᠠᠭ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠵᠡᠷᠭᠡ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃          ᠲᠠᠪᠤᠳᠤᠭᠠᠷ ᠵᠦᠢᠯ      ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 5 ᠨᠡᠷᠡᠰ ᠪᠠᠶᠢᠨ᠎ᠠ᠃ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 2 ᠬᠥᠮᠥᠨ᠂ ᠬᠢᠨᠠᠨ ᠲᠣᠭᠲᠠᠭᠠᠭᠰᠠᠨ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 3 ᠬᠥᠮᠥᠨ ︵1 ᠵᠢᠩᠬᠢᠨᠢ 2 ᠳᠡᠳ᠋ ᠳᠠᠷᠤᠭ᠎ᠠ︶᠃          ᠵᠢᠷᠭᠤᠳᠤᠭᠠᠷ ᠵᠦᠢᠯ      ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠶᠢ ᠪᠠᠶᠢᠷᠢᠯᠠᠭᠤᠯᠬᠤ᠂ ᠡᠭᠦᠷᠭᠡ ᠬᠠᠷᠢᠭᠤᠴᠠᠯᠭ᠎ᠠ ᠪᠣᠯᠣᠨ ᠣᠷᠣᠨ ᠲᠣᠭᠠᠨ ᠤ ᠵᠦᠢᠯᠡᠰ  ᠢ ᠠᠰ ᠲᠤᠨᠢ ᠲᠣᠭᠲᠠᠭᠠᠨ᠎ᠠ᠃        ᠳᠣᠯᠣᠳᠤᠭᠠᠷ ᠵᠦᠢᠯ      ᠲᠣᠰ ᠲᠣᠭᠲᠠᠭᠠᠯ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠨᠢ ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃          ᠨᠠᠢᠮᠠᠳᠤᠭᠠᠷ ᠵᠦᠢᠯ      ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃          ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠤᠤ ᠤᠳᠠ ᠵᠠᠮ ᠤᠨ 169 ᠳ᠋ᠦ᠋ᠭᠡᠷ ᠲᠣᠭᠠᠲᠤ          ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠯᠴᠠᠬᠤ ᠬᠡᠯᠪᠡᠷᠢ᠄ 0471 - 4211654          ᠬᠠᠷᠢᠭᠤᠴᠠᠯᠭᠠᠲᠠᠨ᠄ ᠨᠢᠦ ᠵᠢᠶᠦ᠋ᠨ ᠱᠧᠩ      ᠠᠵᠢᠯᠯᠠᠬᠤ ᠬᠠᠶ᠋ᠢᠭ᠄ ᠰᠠᠶᠢᠬᠠᠨ ᠲᠣᠭᠤᠷᠢᠭ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ ᠪᠠᠷᠠᠭᠤᠨ ᠲᠠᠯ᠎ᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ 206 ᠲᠠᠰᠤᠭ ᠬᠠᠷᠢᠯᠴᠠᠬᠤ ᠤᠲᠠᠰᠤ᠄ 0471 - 4211654 ᠠᠵᠢᠯᠯᠠᠬᠤ ᠴᠠᠭ᠄ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 1᠄ 30 - 5᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶     ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号