ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2024/3/6
ᠪᠠᠶᠢᠭᠤᠯᠤᠮᠵᠢ ᠶᠢᠨ ᠡᠭᠦᠷᠭᠡ ᠴᠢᠳᠠᠪᠤᠷᠢ          ᠨᠢᠭᠡ᠂ ᠭᠤᠣᠯ ᠡᠭᠦᠷᠭᠡ ᠬᠠᠷᠢᠭᠤᠴᠠᠯᠭ᠎ᠠ        ︵ᠨᠢᠭᠡ︶ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠲᠣᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠦᠨᠳᠦᠰᠦᠲᠡᠨ ᠤ ᠣᠨᠣᠯ ᠪᠣᠯᠣᠨ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠤᠷᠢᠭ ᠤᠨ ᠬᠤᠯᠪᠣᠭᠳᠠᠯ ᠪᠦᠬᠦᠢ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠲᠣᠭᠤᠷᠢᠭ ᠤᠨ ᠬᠤᠯᠪᠣᠭᠳᠠᠯ ᠪᠦᠬᠦᠢ ᠦᠨᠳᠦᠰᠦᠲᠡᠨ ᠤ ᠠᠵᠢᠯ ᠪᠣᠯᠣᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃          ︵ᠬᠤᠶᠠᠷ︶ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠵᠦ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠤᠨ ᠤᠴᠢᠷ ᠶᠠᠪᠤᠳᠠᠯ ᠢ ᠬᠢᠨᠠᠯᠲᠠ ᠲᠠᠯᠪᠢᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ︔ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠤ ᠳᠤᠮᠳᠠᠬᠢ ᠴᠢᠬᠤᠯᠠ ᠶᠡᠭᠡ ᠤᠴᠢᠷ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃          ︵ᠭᠤᠷᠪᠠ︶ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠢᠮᠳᠠᠭᠤᠯᠵᠤ ᠪᠠᠶᠢᠭᠠᠳ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠶᠢ ᠬᠠᠷᠢᠭᠤᠴᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠬᠡᠷᠡᠭᠵᠢᠭᠦᠯᠦᠯᠲᠡ᠂ ᠵᠣᠯᠭᠠᠯᠴᠠᠭ᠎ᠠ ᠶᠢ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠬᠢ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠠᠭᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠬᠤ ᠪᠤᠶᠤ ᠬᠠᠮᠵᠢᠯᠴᠠᠨ ᠬᠠᠮᠢᠶ᠎ᠠ ᠪᠦᠬᠦᠢ ᠤᠴᠢᠷ ᠶᠠᠪᠤᠳᠠᠯ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ ᠪᠠ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠲᠦ ᠬᠡᠷᠡᠭᠰᠡᠯ ᠦᠢᠯᠡᠳᠪᠦᠷᠢᠯᠡᠬᠦ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠨ ᠵᠣᠬᠢᠴᠠᠭᠤᠯᠵᠤ᠂ ᠨᠡᠭᠡᠭᠡᠯᠲᠡ ᠶᠢᠨ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠦᠨᠳᠦᠰᠦᠲᠡᠨ ᠤ ᠠᠵᠢᠯ ᠪᠣᠯᠣᠨ ᠮᠣᠩᠭᠤᠯ ᠬᠡᠯᠡ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃          ︵ᠳᠥᠷᠪᠡ︶ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠢ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠰᠢᠰᠲ᠋ᠧᠮ ᠪᠣᠯᠣᠨ ᠦᠨᠳᠦᠰᠦᠲᠡᠨ ᠤ ᠬᠡᠷᠡᠭ ᠡᠷᠬᠢᠯᠡᠬᠦ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃          ︵ᠲᠠᠪᠤ︶ᠨᠡᠭᠡᠭᠡᠯᠲᠡ ᠶᠢᠨ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠢ ᠵᠢᠯᠤᠭᠤᠳᠴᠤ᠂ ᠰᠠᠶᠢᠬᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠵᠦ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ ᠣᠷᠣᠨ ᠪᠦᠰᠡ ᠲᠠᠢ ᠬᠠᠷᠢᠯᠴᠠᠨ᠎ᠠ᠃          ︵ᠵᠢᠷᠭᠤᠭ᠎ᠠ︶ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠵᠦ ᠲᠦᠷᠭᠡᠨ ᠠᠪᠤᠷᠠᠬᠤ ᠶᠢ ᠬᠠᠮᠢᠶᠠᠷᠤᠨ᠎ᠠ᠃ ᠬᠠᠮᠠᠭᠠᠯᠠᠨ ᠵᠠᠯᠭᠠᠮᠵᠢᠯᠠᠬᠤ ᠠᠵᠢᠯ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ ᠪᠠ ᠦᠨᠳᠦᠰᠦᠲᠡᠨ ᠤ ᠡᠷᠲᠡᠨ ᠤ ᠨᠣᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ᠃          ︵ᠳᠤᠯᠤᠭ᠎ᠠ︶ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ᠂ ᠬᠥᠮᠥᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃          ︵ᠨᠠᠢᠮᠠ︶ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ  ᠬᠠᠷᠢᠭᠤᠴᠠᠨ᠎ᠠ᠃          ︵ᠶᠢᠰᠦ︶ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃          ᠬᠤᠶᠠᠷ᠂ ᠳᠣᠲᠣᠭᠠᠳᠤ ᠶᠢᠨ ᠪᠠᠶᠢᠭᠤᠯᠤᠮᠵᠢ          ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠦᠵᠡᠯ ᠤᠬᠠᠮᠰᠠᠷ ᠤᠨ ᠬᠡᠯᠪᠡᠷᠢ᠂ ︽ᠭᠤᠷᠪᠠᠨ ᠶᠠᠪᠤᠳᠠᠯ︾ ᠢ ᠢᠯᠡ ᠪᠣᠯᠭᠠᠬᠤ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠡᠳ᠋ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠺᠠᠳ᠋ᠷ ᠢ ᠵᠣᠬᠢᠶᠠᠨ ᠪᠠᠶᠢᠭᠤᠯᠤᠨ ᠪᠣᠯᠪᠠᠰᠤᠷᠠᠯ ᠬᠥᠮᠦᠵᠢᠯ ᠳᠤ ᠣᠷᠣᠯᠴᠠᠭᠤᠯᠪᠠ᠃          ︵ᠬᠤᠶᠠᠷ︶ ᠲᠤᠬᠠᠶᠢᠯᠠᠭᠰᠠᠨ ᠠᠵᠢᠯ ᠤᠨ ᠰᠲ᠋ᠣᠺ᠃ ᠦᠨᠳᠦᠰᠦᠲᠡᠨ ᠤ ᠬᠡᠷᠡᠭ ᠡᠷᠬᠢᠯᠡᠬᠦ ᠡᠯ᠎ᠡ ᠵᠦᠢᠯ ᠤᠨ ᠠᠵᠢᠯ ᠢ ᠬᠠᠷᠢᠭᠤᠴᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ᠂ ᠴᠥᠭᠡᠨ ᠲᠣᠭᠠᠲᠤ ᠦᠨᠳᠦᠰᠦᠲᠡᠨ ᠤ ᠠᠵᠤ ᠠᠬᠤᠢ ᠶᠢᠨ ᠬᠥᠭᠵᠢᠯᠲᠡ ᠶᠢᠨ ᠠᠵᠢᠯ᠂ ᠬᠢᠲᠠᠳ ᠮᠣᠩᠭᠤᠯ ᠬᠡᠯᠡ ᠶᠢ ᠵᠡᠷᠭᠡ ᠪᠠᠷ ᠬᠡᠷᠡᠭᠯᠡᠬᠦ ᠶᠢ ᠬᠢᠨᠠᠨ ᠬᠠᠷᠭᠤᠭᠤᠯᠵᠤ᠂ ᠳᠠᠬᠢᠨ ᠬᠢᠨᠠᠵᠤ᠂ ᠦᠨᠳᠦᠰᠦᠲᠡᠨ ᠤ ᠬᠤᠪᠢᠷᠠᠭᠤᠯᠤᠯᠲᠠ ︵ᠠᠩᠬᠠᠨ ᠤ ᠬᠢᠨᠠᠯᠲᠠ ᠲᠠᠯᠪᠢᠨ᠎ᠠ᠃︶ᠠᠵᠢᠯ ᠵᠡᠷᠭᠡ᠃          ᠠᠵᠢᠯᠯᠠᠬᠤ ᠭᠠᠵᠠᠷ ᠤᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 11 ᠳ᠋ᠦ᠋ᠭᠡᠷ ᠠᠰᠠᠷ          ᠠᠯᠪᠠᠯᠠᠬᠤ ᠴᠠᠭ᠄ 9᠄ 00 - 12᠄ 00          ᠬᠠᠷᠢᠯᠴᠠᠬᠤ ᠠᠷᠭ᠎ᠠ᠄ 0471 - 6388366          ᠬᠠᠷᠢᠭᠤᠴᠠᠯᠭ᠎ᠠ ᠡᠭᠦᠷᠭᠡᠯᠡᠭᠴᠢ᠄ ᠦ᠋ ᠵᠧᠨ ᠳ᠋ᠦᠩ          ᠬᠠᠷᠢᠶ᠎ᠠ ᠨᠢᠭᠡᠴᠡ᠄      ᠰᠠᠶᠢᠬᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠲᠥᠪ            ᠰᠠᠶᠢᠬᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠲᠥᠪ ᠨᠢ ᠰᠠᠶᠢᠬᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠦᠨ ᠬᠠᠷᠢᠶᠠᠲᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠦᠨ ᠠᠵᠢᠯ ᠦᠢᠯᠡᠰ ᠦᠨ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠳᠡᠰ ᠲᠠᠢ ᠲᠡᠩᠴᠡᠨ᠎ᠡ᠃     ᠭᠤᠣᠯ ᠡᠭᠦᠷᠭᠡ ᠬᠠᠷᠢᠭᠤᠴᠠᠯᠭ᠎ᠠ          1. ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠲᠤᠰ ᠬᠠᠷᠢᠶ᠎ᠠ ᠣᠷᠣᠨ ᠤ ᠪᠠᠨ ᠮᠣᠩᠭᠤᠯ ᠦᠭᠡ ᠬᠡᠯᠡ ᠦᠰᠦᠭ ᠪᠢᠴᠢᠭ ᠤᠨ ᠵᠢᠷᠤᠮᠵᠢᠭᠤᠯᠤᠯᠲᠠ ᠪᠠᠷᠢᠮᠵᠢᠶᠠᠵᠢᠭᠤᠯᠤᠯᠲᠠ ᠶᠢ ᠳᠡᠮᠵᠢᠬᠦ ᠠᠵᠢᠯ ᠢ ᠬᠠᠷᠢᠭᠤᠴᠠᠨ᠎ᠠ᠃        2. ᠲᠣᠭᠤᠷᠢᠭ ᠤᠨ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠲᠣᠮᠣ ᠬᠡᠯᠪᠡᠷᠢ ᠶᠢᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠨᠡᠷᠡᠶᠢᠳᠦᠯ᠂ ᠪᠢᠴᠢᠭ ᠮᠠᠲ᠋ᠧᠷᠢᠶᠠᠯ ᠤᠨ ᠲᠦᠷᠦᠭᠦᠦ᠂ ᠠᠯᠪᠠᠨ ᠲᠠᠮᠠᠭ᠎ᠠ᠂ ᠰᠠᠯᠠᠭ᠎ᠠ ᠲᠠᠰᠤᠭ ᠤᠨ ᠫᠠᠶᠢᠰᠠ᠂ ᠲᠣᠮᠣ ᠬᠡᠯᠪᠡᠷᠢ ᠶᠢᠨ ᠠᠵᠢᠯᠯᠠᠭᠠᠨ ᠤ ᠨᠡᠷᠡᠶᠢᠳᠦᠯ᠂ ᠡᠯᠭᠦᠭᠡ ᠪᠢᠴᠢᠭᠡᠰᠦ ᠪᠠ ᠤᠬᠠᠭᠤᠯᠭ᠎ᠠ ᠶᠢᠨ ᠤᠷᠢᠶ᠎ᠠ ᠯᠣᠽᠦ᠋ᠩ  ᠲᠠᠢ ᠮᠣᠩᠭᠤᠯ ᠬᠢᠲᠠᠳ ᠬᠡᠯᠡᠨ ᠤ ᠣᠷᠴᠢᠭᠤᠯᠭ᠎ᠠ᠂ ᠬᠠᠷᠭᠤᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔ ᠪᠦᠬᠦ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠰᠣᠯᠢᠯᠴᠠᠭ᠎ᠠ ᠪᠠ ᠪᠣᠯᠪᠠᠰᠤᠷᠠᠯ ᠳᠤ ᠦᠢᠯᠡᠴᠢᠯᠡᠭᠡ ᠬᠠᠩᠭᠠᠨ᠎ᠠ᠃          3. ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦᠬᠦ ᠵᠥᠪᠯᠡᠯ ᠤᠨ ᠪᠠᠶᠢᠭᠤᠯᠤᠯᠭ᠎ᠠ ᠳᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠠᠵᠢᠯ ᠬᠠᠩᠭᠠᠨ᠎ᠠ᠃          4᠂ ᠲᠣᠭᠤᠷᠢᠭ ‍ᠤᠨ‌ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃          ᠠᠵᠢᠯᠯᠠᠬᠤ ᠭᠠᠵᠠᠷ ᠤᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 11 ᠳ᠋ᠦ᠋ᠭᠡᠷ ᠠᠰᠠᠷ          ᠠᠯᠪᠠᠯᠠᠬᠤ ᠴᠠᠭ᠄ 9᠄ 00 - 12᠄ 00        ᠬᠠᠷᠢᠯᠴᠠᠬᠤ ᠠᠷᠭ᠎ᠠ᠄ 0471 - 6388366          ᠬᠠᠷᠢᠭᠤᠴᠠᠯᠭ᠎ᠠ ᠡᠭᠦᠷᠭᠡᠯᠡᠭᠴᠢ᠄ ᠨᠣᠮᠢᠨ ᠳᠤᠭᠤᠶᠢᠯᠠᠩ          ᠠᠵᠢᠯᠲᠠᠨ ᠤ ᠣᠷᠣᠨ ᠲᠤᠭ᠎ᠠ ᠵᠢᠴᠢ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ᠄      ᠬᠥᠬᠡᠬᠤᠲᠠ ᠶᠢᠨ ᠰᠠᠶᠢᠬᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 5 ᠬᠥᠮᠥᠨ᠃ ᠡᠷᠬᠢᠯᠡᠭᠴᠢ 1 ᠬᠥᠮᠥᠨ᠂ ᠳᠡᠳ᠋ ᠡᠷᠬᠢᠯᠡᠭᠴᠢ 2 ᠬᠥᠮᠥᠨ ᠢ ᠲᠣᠬᠢᠷᠠᠭᠤᠯᠪᠠ᠃      ᠬᠠᠶ᠋ᠢᠭ᠄ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠲᠥᠪ ᠤᠨ 1105 ᠲᠠᠰᠤᠭ ᠤᠨ ᠬᠠᠷᠢᠯᠴᠠᠬᠤ ᠤᠲᠠᠰᠤ᠄ 0471 - 6386659 ᠠᠵᠢᠯᠯᠠᠬᠤ ᠴᠠᠭ᠄ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 1᠄ 30 - 5᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号