ᠬᠦᠬᠡᠬᠤᠳᠠ ᠴᠠᠭᠠᠨ ᠰᠠᠷ᠎ᠠ ᠶᠢᠨ ᠬᠤᠭᠤᠴᠠᠭᠠᠨ ᠳᠤ 260 ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2024/3/6
       2024 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠭᠦᠭᠡᠬᠤᠳᠠ ︽ᠭᠡᠷ ᠲᠡᠭᠡᠨ ᠢᠷᠡᠵᠦ ᠰᠢᠨᠡᠯᠡᠶ᠎ᠠ︾᠂ ︽ᠭᠦᠭᠡᠬᠤᠲᠠ ᠶᠢᠨ ᠬᠠᠮᠲᠤ ᠶᠢᠨ  ᠴᠠᠭᠠᠨ ᠰᠠᠷ᠎ᠠ︾᠂ ︽ᠴᠠᠭᠠᠨ ᠰᠠᠷ᠎ᠠ ᠶᠢᠨ ᠪᠠᠶᠠᠷ ᠨᠠᠶᠢᠷ︾ ᠵᠡᠷᠭᠡ ᠭᠤᠣᠯ ᠰᠡᠳᠦᠪ ᠤᠨ ᠲᠣᠭᠤᠷᠢᠨ ᠳᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ  ᠰᠠᠷ᠎ᠠ ᠶᠢᠨ ᠪᠠᠷᠠᠭᠠᠨ ᠤ ᠴᠤᠭᠯᠠᠭᠠᠨ᠂ ︽ᠭᠡᠷ ᠲᠡᠭᠡᠨ ᠬᠠᠷᠢᠬᠤ ᠦᠨᠡᠬᠡᠷ ᠰᠠᠶᠢᠬᠠᠨ︾ ᠭᠢᠯᠪᠠᠭᠠᠨ ᠲᠤᠬᠯᠠᠯᠳᠠ᠂ ᠶᠡᠭᠡ ᠲᠦᠷᠭᠡᠨ ᠭᠤᠣᠯ ᠤᠨ ᠴᠠᠭᠠᠨ ᠰᠠᠷ᠎ᠠ   ᠶᠢᠨ ᠮᠥᠰᠥ ᠴᠠᠰᠤᠨ ᠤ ᠨᠠᠶᠢᠷ᠂ ᠤᠮᠠᠷᠠᠲᠤ ᠬᠢᠯᠢ ᠶᠢᠨ ᠰᠣᠶᠣᠯ ᠤᠨ ᠰᠦᠮ᠎ᠡ ᠶᠢᠨ ᠴᠤᠭᠯᠠᠭᠠᠨ᠂ ᠭᠡᠷᠡᠯ ᠵᠢᠷᠤᠭ ᠤᠨ ᠦᠵᠡᠭᠦᠯᠭᠡ᠂ ᠮᠦᠽᠧᠢ ᠳᠤ ᠰᠢᠨᠡᠯᠡᠬᠦ  6 ᠶᠡᠭᠡ ᠰᠡᠳᠦᠪ ᠢᠶᠠᠷ 260 ᠵᠦᠢᠯ ᠤᠨ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ ᠪᠤᠢ᠃            ᠭᠦᠭᠡᠬᠤᠳᠠ ᠶᠢᠨ ᠡᠳᠡᠭᠡᠷ ᠠᠵᠢᠯᠯᠠᠭ᠎ᠠ ᠨᠢ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠬᠯᠠᠯᠲᠠ᠂ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡ  ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠦᠵᠡᠭᠦᠯᠭᠡ᠂ ᠰᠣᠶᠣᠯ ᠤᠨ ᠦᠵᠡᠰᠭᠦᠯᠡᠩ ᠦᠵᠡᠭᠦᠯᠭᠡ᠂ ᠮᠥᠰᠥ  ᠴᠠᠰᠤᠨ ᠤ ᠰᠤᠳᠤᠯᠭᠠᠨ ᠪᠠ ᠵᠢᠭᠤᠯᠴᠢᠯᠠᠯ ᠵᠡᠷᠭᠡ ᠣᠯᠠᠨ ᠬᠦᠷᠢᠶ᠎ᠡ ᠶᠢ ᠬᠠᠮᠤᠷᠴᠤ᠂ ᠳᠠᠭᠤᠤ ᠬᠥᠭᠵᠢᠮ᠂ ᠪᠥᠵᠢᠭ᠂ ᠰᠢ ᠵᠦᠴᠦᠭᠡ᠂ ᠤᠷᠠᠨ ᠵᠢᠷᠤᠭ ᠵᠡᠷᠭᠡ  ᠣᠯᠠᠨ ᠵᠦᠢᠯ ᠤᠨ ᠤᠷᠠᠯᠢᠭ ᠤᠨ ᠭᠡᠯᠪᠡᠷᠢ ᠪᠠᠷ ᠳᠠᠮᠵᠢᠨ ᠭᠦᠭᠡᠬᠤᠲᠠ ᠶᠢᠨ ᠨᠤᠲᠤᠭ ᠤᠨ ᠠᠭᠤᠷ ᠠᠮᠢᠰᠬᠤᠯ᠂ ᠠᠷᠠᠳ ᠤᠨ ᠰᠤᠷᠲᠠᠯ ᠠᠷᠠᠳ ᠤᠨ ᠵᠠᠩᠰᠢᠯ᠂  ᠰᠣᠶᠣᠯ ᠢᠷᠭᠡᠨᠰᠢᠯ ᠤᠨ ᠠᠭᠤᠯᠤᠭᠳᠠᠬᠤᠨ ᠪᠠ ᠬᠤᠲᠠ ᠶᠢᠨ ᠳᠦᠷᠢ ᠲᠥᠷᠬᠦ ᠶᠢ ᠳᠡᠯᠭᠡᠨ ᠦᠵᠡᠭᠦᠯᠵᠦ᠂ ᠠᠷᠠᠳ ᠤᠯᠠᠨ ᠵᠢᠴᠢ ᠵᠢᠭᠤᠯᠴᠢᠯᠠᠬᠰᠠᠳ ᠤᠨ ᠪᠠᠶᠠᠷ   ᠤᠨ ᠡᠳᠦᠷ ᠤᠨ ᠰᠣᠶᠣᠯ ᠵᠢᠭᠤᠯᠴᠢᠯᠠᠯ ᠤᠨ ᠬᠡᠷᠡᠭᠴᠡᠭᠡ ᠶᠢ ᠡᠯᠪᠡᠭ ᠬᠠᠩᠭᠠᠵᠤ᠂ ᠠᠷᠠᠳ ᠤᠯᠠᠨ ᠤ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠪᠣᠯᠣᠨ᠎ᠠ᠃  ᠭᠦᠭᠡᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠦᠭᠦ ᠬᠤᠲᠠ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ  ᠨᠡᠶᠢᠯᠡᠭᠦᠯᠵᠦ᠂ ᠰᠣᠳᠣᠨ ᠰᠣᠶᠣᠯ ᠤᠨ ᠡᠭᠦᠳᠦᠯᠲᠡ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠳᠣᠨ ᠲᠡᠰ  ᠤᠨ ᠪᠠᠭᠤᠳᠠᠯ᠂ ᠣᠨᠴᠠᠯᠢᠭᠲᠤ ᠢᠳᠡᠭᠡᠨ  ᠤᠮᠳᠠᠭᠠᠨ ᠳᠥᠷᠪᠡᠨ ᠬᠦᠷᠢᠶ᠎ᠡ ᠳᠤ 100 ᠲᠦᠮᠡᠨ ᠲᠥᠭᠦᠷᠢᠭ ᠤᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠲᠠᠷᠬᠠᠭᠠᠨ᠎ᠠ᠃ ᠪᠠᠰᠠ ᠮᠧᠶ  ᠲᠤᠸᠠᠨ ᠺᠤᠮᠫᠠᠨᠢ ᠲᠠᠢ ᠬᠠᠮᠲᠤᠷᠠᠨ 1000 ᠲᠦᠮᠡᠨ ᠲᠥᠭᠦᠷᠢᠭ ᠤᠨ ᠬᠠᠷᠠᠭᠠᠯᠵᠠᠯᠲᠤ ᠨᠥᠬᠦᠪᠦᠷᠢ ᠥᠭᠴᠦ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ  ᠥᠷᠨᠢᠭᠦᠯᠬᠦ ᠪᠠᠷ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号