ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/7
    ᠪᠠᠶᠢᠭᠤᠯᠤᠮᠵᠢ ᠶᠢᠨ ᠡᠭᠦᠷᠭᠡ ᠴᠢᠳᠠᠪᠤᠷᠢ      ᠨᠢᠭᠡᠳᠦᠭᠡᠷ ᠵᠦᠢᠯ      ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃            ᠬᠤᠶᠠᠳᠤᠭᠠᠷ ᠵᠦᠢᠯ      ᠬᠥᠬᠡᠬᠤᠲᠠ ᠶᠢᠨ ᠰᠠᠶᠢᠬᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠳᠣᠷᠣᠭᠰᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠳᠡᠰ ᠪᠣᠯᠭᠠᠨ᠎ᠠ᠃ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠫᠠᠶᠢᠵᠠ ᠡᠯᠭᠦᠪᠡ᠃          ᠭᠤᠷᠪᠠᠳᠤᠭᠠᠷ ᠵᠦᠢᠯ      ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ᠭᠤᠣᠯ ᠡᠭᠦᠷᠭᠡ ᠬᠠᠷᠢᠭᠤᠴᠠᠯᠭ᠎ᠠ᠄          ︵ᠨᠢᠭᠡ︶ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠳᠦᠷᠢᠮ ᠢ ᠨᠠᠶᠢᠳᠠᠪᠤᠷᠢᠵᠢᠭᠤᠯᠤᠨ᠂ ᠪᠦᠬᠦ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠬᠦ ᠬᠡᠷᠡᠭᠲᠡᠢ᠃          ︵ᠬᠤᠶᠠᠷ︶ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠣᠯᠠᠨ ᠭᠤᠣᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠳᠤᠨᠢ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ  ᠢ ᠪᠠᠶᠢᠭᠤᠯᠬᠤ ᠬᠡᠷᠡᠭᠲᠡᠢ᠃ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠵᠢᠯᠤᠭᠤᠳᠴᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃          ︵ᠭᠤᠷᠪᠠ︶ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠤᠱᠯᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠬᠥᠭᠵᠢᠭᠦᠯᠬᠦ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠬᠠᠮᠢᠶᠠᠷᠤᠯᠲᠠ᠂ ᠭᠡᠷ ᠪᠠᠶᠢᠰᠢᠩ ᠲᠦᠷᠢᠶᠡᠰᠦᠯᠡᠬᠦ᠂ ᠭᠡᠷ ᠪᠠᠶᠢᠰᠢᠩ ᠤᠨ ᠲᠠᠯᠠᠪᠠᠢ ᠶᠢᠨ ᠬᠠᠮᠢᠶᠠᠷᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠠᠷᠤᠭᠯᠠᠭᠰᠠᠨ ᠦᠨ᠎ᠡ᠂ ᠠᠳᠠᠯ ᠠᠬᠤᠢ ᠶᠢᠨ ᠬᠠᠮᠢᠶᠠᠷᠤᠯᠲᠠ ᠪᠣᠯᠣᠨ ᠭᠡᠷ ᠪᠠᠶᠢᠰᠢᠩ ᠲᠠᠲᠠᠪᠤᠷᠢᠯᠠᠬᠤ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠭᠡᠷ ᠪᠠᠶᠢᠰᠢᠩ ᠳᠠᠩᠰᠠᠯᠠᠬᠤ ᠠᠵᠢᠯ ᠢ ᠬᠠᠮᠵᠢᠯᠴᠠᠨ ᠵᠢᠯᠣᠭᠤᠳᠤᠨ᠎ᠠ᠃          (ᠳᠥᠷᠪᠡ︶ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠪᠣᠯᠣᠨ ᠪᠠᠷᠢᠯᠭ᠎ᠠ ᠶᠢᠨ ᠦᠨ᠎ᠡ ᠶᠢ ᠦᠨᠡᠯᠡᠨ ᠵᠢᠱᠢᠬᠦ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠲᠤᠰ ᠭᠠᠵᠠᠷ ᠣᠷᠣᠨ ᠤ ᠪᠠᠷᠢᠯᠭ᠎ᠠ ᠶᠢᠨ ᠦᠨ᠎ᠡ ᠶᠢᠨ ᠮᠡᠳᠡᠭᠡ ᠵᠠᠩᠭᠢ ᠶᠢ ᠵᠣᠬᠢᠶᠠᠨ ᠪᠠᠶᠢᠭᠤᠯᠤᠨ ᠨᠡᠶᠢᠲᠡᠯᠡᠨ᠎ᠡ᠃          ︵ᠲᠠᠪᠤ︶ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠣᠯᠣᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠳᠦᠷᠢᠮ ᠲᠣᠭᠲᠠᠭᠠᠯ ᠢ ᠵᠢᠷᠤᠮᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠬᠤ ᠵᠥᠪᠯᠡᠯᠭᠡ ᠥᠭᠬᠦ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠳᠤᠮᠳᠠ ᠪᠠ ᠤᠷᠲᠤ ᠬᠤᠭᠤᠴᠠᠭᠠᠨ ᠤ ᠲᠥᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ᠂ ᠨᠢᠭᠡᠴᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ ᠢ ᠬᠠᠮᠢᠶᠠᠷᠴᠤ ᠵᠢᠯᠣᠭᠤᠳᠤᠨ᠎ᠠ᠃ ᠭᠡᠷ ᠪᠠᠶᠢᠰᠢᠩ ᠤᠨ ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠠᠳᠠᠭᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠦᠳᠡᠯᠮᠦᠷᠢ ᠦᠢᠯᠡᠴᠢᠯᠡᠭᠡ ᠶᠢᠨ ᠬᠠᠮᠲᠤᠷᠠᠯᠴᠠᠭ᠎ᠠ ᠳᠤ ᠨᠢᠭᠡ ᠤᠳᠠᠭ᠎ᠠ ᠣᠷᠣᠯᠴᠠᠭᠤᠯᠤᠨ᠎ᠠ᠃          (ᠵᠢᠷᠭᠤᠭ᠎ᠠ︶ᠬᠢᠨᠠᠯᠲᠠ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠰ ᠵᠠᠰᠠᠭ ᠵᠠᠬᠢᠷᠭᠠᠨ ᠤ ᠲᠣᠭᠤᠷᠢᠭ ᠤᠨ ᠳᠣᠲᠣᠷ᠎ᠠ ᠨᠢᠭᠡᠨᠲᠡ ᠪᠠᠷᠢᠯᠭ᠎ᠠ ᠪᠠᠷᠢᠬᠤ ᠵᠥᠪᠰᠢᠶᠡᠷᠡᠯ ᠣᠯᠣᠭᠰᠠᠨ ᠭᠡᠷ ᠪᠠᠶᠢᠰᠢᠩ ᠤᠨ ᠪᠠᠷᠢᠯᠭ᠎ᠠ ᠵᠢᠴᠢ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠶᠠᠰᠤ ᠴᠢᠨᠠᠷ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠠᠵᠢᠯ ᠢ ᠬᠠᠷᠢᠭᠤᠴᠠᠨ ᠵᠢᠯᠤᠭᠤᠳᠬᠤ ᠬᠡᠷᠡᠭᠲᠡᠢ᠃ ᠳᠡᠭᠡᠳᠦ ᠱᠠᠲᠤᠨ ᠤ ᠰᠠᠯᠠᠭ᠎ᠠ ᠮᠥᠴᠢᠷ ᠢ ᠬᠠᠮᠵᠢᠨ ᠬᠠᠮᠢᠶ᠎ᠠ ᠪᠦᠬᠦᠢ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠰᠤᠯᠠ ᠪᠠᠷ ᠰᠠᠪᠠᠯᠠᠬᠤ ᠱᠦᠢᠨᠢ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃          ︵ᠲᠤᠯᠤᠭ᠎ᠠ︶ ᠬᠤᠲᠠ ᠶᠢᠨ ᠬᠠᠶᠢᠨ ᠪᠠᠶᠢᠴᠠᠭᠠᠯᠲᠠ᠂ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠬᠡᠮᠵᠢᠯᠲᠡ ᠪᠠ ᠬᠤᠲᠠ ᠶᠢᠨ ᠱᠤᠭᠤᠮᠠᠯ ᠤᠨ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠲᠠ ᠶᠢᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠰᠡᠯᠪᠢᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠲᠥᠷᠥ ᠶᠢᠨ ᠪᠣᠳᠣᠯᠭ᠎ᠠ ᠪᠣᠯᠣᠨ ᠳᠦᠷᠢᠮ ᠢ ᠵᠢᠯᠣᠭᠤᠳᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠶᠢᠨ ᠰᠣᠶᠣᠯ ᠤᠨ ᠨᠡᠷᠡᠲᠦ ᠬᠤᠲᠠ ( ᠪᠠᠯᠭᠠᠰᠤ᠂ ᠲᠣᠰᠬᠤᠨ ) ᠶᠢ ᠬᠠᠮᠠᠭᠠᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠬᠤ ᠬᠡᠷᠡᠭᠲᠡᠢ᠃      ︵ᠨᠠᠢᠮᠠ︶︶ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠣᠯᠣᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠳᠤᠮᠳᠠ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃        (ᠶᠢᠰᠦ︶ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠢᠵᠢᠭ ᠬᠤᠲᠠ ᠪᠠᠯᠭᠠᠰᠤ ᠪᠣᠯᠣᠨ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠤᠱᠯᠠᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠲᠣᠭᠤᠷᠢᠭ ᠤᠨ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯᠣᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠵᠢᠯᠣᠭᠤᠳᠤᠨ᠎ᠠ᠃ ᠪᠦᠬᠦ ᠲᠣᠭᠤᠷᠢᠭ ᠤᠨ ᠭᠤᠣᠯᠳᠠᠯᠭ᠎ᠠ ᠲᠠᠢ ᠪᠠᠯᠭᠠᠰᠤ ᠶᠢ ᠪᠦᠲᠦᠭᠡᠨ ᠪᠠᠶᠢᠭᠤᠯᠬᠤ ᠪᠠ ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠥᠭᠵᠢᠭᠦᠯᠬᠦ ᠠᠵᠢᠯ ᠢ ᠵᠢᠯᠣᠭᠤᠳᠤᠨ᠎ᠠ᠃            ︵ᠠᠷᠪᠠ︶ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠬᠤᠲᠠ ᠪᠠᠯᠭᠠᠰᠤᠨ ᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠴᠢᠬᠤᠯᠠ ᠶᠡᠭᠡ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠳᠡᠯᠭᠡᠷᠡᠭᠦᠯᠬᠦ ᠶᠢ ᠵᠢᠯᠤᠭᠤᠳᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃          (ᠠᠷᠪᠠᠨ ᠨᠢᠭᠡ︶ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ᠂ ᠬᠡᠷᠡᠭᠯᠡᠬᠦ᠂ ᠬᠠᠮᠢᠶᠠᠷᠬᠤ ᠪᠠ ᠬᠢᠨᠠᠯᠲᠠ ᠲᠠᠯᠪᠢᠬᠤ ᠳᠦᠷᠢᠮ ᠢ ᠲᠣᠭᠲᠠᠭᠠᠬᠤ ᠬᠡᠷᠡᠭᠲᠡᠢ᠃ ᠪᠥᠬᠦ ᠲᠣᠭᠤᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠ ᠪᠤᠰᠤᠳ ᠣᠷᠣᠨ ᠰᠠᠭᠤᠴᠠ ᠶᠢᠨ ᠪᠡᠯᠡ ᠮᠥᠩᠭᠦ ᠶᠢ ᠬᠠᠮᠢᠶᠠᠷᠬᠤ᠂ ᠬᠡᠷᠡᠭᠯᠡᠬᠦ ᠪᠠ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠠᠮᠢᠶᠠᠷᠤᠨ᠎ᠠ᠃          ︵ᠠᠷᠪᠠᠨ ᠬᠤᠶᠠᠷ︶ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠵᠤ᠂ ᠭᠠᠳᠠᠭᠠᠳᠤ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠦᠨ᠎ᠡ᠃          (ᠠᠷᠪᠠᠨ ᠭᠤᠷᠪᠠ︶ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠠᠮᠢᠶ᠎ᠠ ᠪᠦᠬᠦᠢ ᠵᠦᠢᠯᠡᠰ ᠢ ᠬᠢᠨᠠᠨ ᠵᠥᠪᠰᠢᠶᠡᠷᠡᠵᠦ ᠳᠠᠩᠰᠠᠯᠠᠬᠤ ᠠᠵᠢᠯ ᠢ ᠡᠭᠦᠷᠭᠡᠯᠡᠨ᠎ᠡ᠃          (ᠠᠷᠪᠠᠨ ᠳᠥᠷᠪᠡᠳᠦᠭᠡᠷ︶ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃          ︵ᠠᠷᠪᠠᠨ ᠲᠠᠪᠤ︶ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠳᠣᠲᠣᠭᠠᠳᠤ ᠶᠢᠨ ᠪᠠᠶᠢᠭᠤᠯᠤᠮᠵᠢ᠄          ︵ᠨᠢᠭᠡ︶ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠨᠢᠭᠤᠴᠠ ᠶᠢ ᠬᠠᠮᠠᠭᠠᠯᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠡᠭᠦᠷᠭᠡᠯᠡᠨ᠎ᠡ︔ ᠴᠢᠬᠤᠯᠠ ᠶᠡᠭᠡ ᠶᠡᠷᠦᠩᠬᠡᠶᠢᠯᠡᠭᠰᠡᠨ ᠴᠢᠨᠠᠷᠲᠠᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ ᠠᠰᠠᠷᠠᠮᠵᠢ ᠪᠠ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ︔ ᠬᠠᠷᠢᠶ᠎ᠠ ᠨᠢᠭᠡᠴᠢ ᠶᠢᠨ ᠲᠤᠰᠬᠠᠢ ᠮᠡᠷᠭᠡᠵᠢᠯ ᠤᠨ ᠮᠡᠷᠭᠡᠵᠢᠯ ᠤᠨ ᠴᠣᠯᠠ ᠲᠣᠭᠲᠠᠭᠠᠬᠤ ᠤᠷᠢᠬᠤ ᠭᠤᠶᠤᠴᠢᠯᠠᠨ ᠮᠡᠳᠡᠭᠦᠯᠬᠦ᠂ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠪᠣᠯᠪᠠᠰᠤᠷᠠᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃          (ᠬᠤᠶᠠᠷ︶ᠡᠳ᠋ ᠤᠨ ᠶᠠᠪᠤᠳᠠᠯ ᠤᠨ ᠬᠢᠨᠠᠨ ᠪᠣᠳᠣᠯᠲᠠ ᠶᠢᠨ ᠠᠯᠪᠠᠨ ᠭᠡᠷ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠪᠡᠯᠡ ᠣᠷᠣᠭᠤᠯᠤᠯᠲᠠ᠂ ᠲᠤᠰᠬᠠᠢ ᠪᠡᠯᠡ ᠣᠷᠣᠭᠤᠯᠤᠯᠲᠠ ᠪᠠ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠡᠯᠡ ᠣᠷᠣᠭᠤᠯᠤᠯᠲᠠ᠂ ᠬᠤᠲᠠ ᠶᠢᠨ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ︔ ᠬᠤᠲᠠ ᠶᠢᠨ ᠬᠠᠮᠠᠭᠠᠯᠠᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠪᠠ ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠬᠠᠷᠢᠭᠤᠴᠠᠨ᠎ᠠ︔ ᠲᠤᠰ ᠱᠠᠲᠤᠨ ᠤ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠡᠯ᠎ᠡ ᠵᠦᠢᠯ ᠤᠨ ᠪᠡᠯᠡ ᠮᠥᠩᠭᠦ ᠶᠢ ᠬᠠᠷᠢᠭᠤᠴᠠᠨ ᠬᠠᠮᠢᠶᠠᠷᠴᠤ᠂ ᠬᠠᠷᠢᠶ᠎ᠠ ᠨᠢᠭᠡᠴᠢ ᠶᠢᠨ ᠢᠶᠠᠨ ᠡᠳ᠋ ᠤᠨ ᠶᠠᠪᠤᠳᠠᠯ ᠤᠨ ᠠᠵᠢᠯᠯᠠᠭ᠎ᠠ ᠶᠢ ᠵᠢᠯᠣᠭᠤᠳᠤᠨ ᠬᠢᠨᠠᠯᠲᠠ ᠲᠠᠯᠪᠢᠨ᠎ᠠ︔ ᠲᠤᠰ ᠰᠢᠰᠲ᠋ᠧᠮ ᠤᠨ ᠡᠯ᠎ᠡ ᠵᠦᠢᠯ ᠤᠨ ᠪᠡᠯᠡ ᠮᠥᠩᠭᠦ ᠶᠢ ᠬᠤᠷᠠᠮᠳᠤᠭᠤᠯᠬᠤ᠂ ᠲᠣᠬᠢᠷᠠᠭᠤᠯᠬᠤ᠂ ᠬᠠᠮᠢᠶᠠᠷᠬᠤ ᠪᠠ ᠬᠡᠷᠡᠭᠯᠡᠬᠦ ᠶᠢ ᠬᠠᠷᠢᠭᠤᠴᠠᠨ᠎ᠠ︔ ᠲᠤᠰ ᠰᠢᠰᠲ᠋ᠧᠮ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠡᠭᠦᠷᠭᠡᠯᠡᠨ᠎ᠡ᠃            (ᠭᠤᠷᠪᠠ︶ᠶᠡᠷᠦᠩᠬᠡᠶᠢᠯᠡᠨ ᠬᠠᠤᠯᠢ ᠬᠡᠷᠡᠭᠵᠢᠭᠦᠯᠬᠦ  ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ᠃ ᠪᠦᠬᠦ ᠲᠣᠭᠤᠷᠢᠭ ᠤᠨ ᠭᠡᠷ ᠪᠠᠶᠢᠰᠢᠩ ᠤᠨ ᠪᠠᠷᠢᠯᠭ᠎ᠠ ᠵᠢᠴᠢ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠶᠠᠰᠤ ᠴᠢᠨᠠᠷ ᠪᠣᠯᠣᠨ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠢ᠃ ᠪᠠᠷᠢᠯᠭ᠎ᠠ ᠶᠢᠨ ᠶᠠᠰᠤ ᠴᠢᠨᠠᠷ᠂ ᠠᠶᠤᠯ ᠦᠭᠡᠢ ᠦᠢᠯᠡᠳᠪᠦᠷᠢᠯᠡᠯ ᠤᠨ ᠵᠡᠷᠭᠡ ᠲᠠᠰ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠬᠤ ᠬᠡᠷᠡᠭᠲᠡᠢ᠃ ᠭᠡᠷ ᠪᠠᠶᠢᠰᠢᠩ ᠤᠨ ᠪᠠᠷᠢᠯᠭ᠎ᠠ ᠵᠢᠴᠢ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠪᠣᠯᠣᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠠᠵᠢᠯ ᠢ ᠵᠢᠯᠣᠭᠤᠳᠤᠨ᠎ᠠ᠃ ᠪᠦᠬᠦ ᠲᠣᠭᠤᠷᠢᠭ ᠤᠨ ᠭᠡᠷ ᠪᠠᠶᠢᠰᠢᠩ ᠤᠨ ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ᠂ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯ ᠵᠢᠴᠢ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃ ᠲᠣᠭᠤᠷᠢᠭ ᠤᠨ ᠲᠣᠰ ᠱᠠᠲᠤᠨ ᠤ ᠬᠢᠨᠠᠨ ᠬᠠᠮᠢᠶᠠᠷᠤᠯᠲᠠ ᠶᠢᠨ ᠢᠨᠵᠧᠨᠧᠷᠢᠩ ᠤᠨ ᠳᠠᠩᠰᠠᠯᠠᠭᠤᠯᠬᠤ ᠠᠵᠢᠯ ᠢ ᠬᠠᠷᠢᠭᠤᠴᠠᠨ᠎ᠠ᠃ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠪᠣᠯᠣᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠪᠠ ᠣᠷᠣᠯᠠᠨ ᠪᠦᠲᠦᠭᠡᠨ ᠪᠠᠶᠢᠭᠤᠯᠬᠤ ᠠᠵᠢᠯ ᠢ ᠵᠢᠯᠣᠭᠤᠳᠤᠨ᠎ᠠ᠃            ᠪᠥᠬᠦ  ᠲᠣᠭᠤᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠ ᠪᠤᠰᠤᠳ ᠣᠷᠣᠨ ᠰᠠᠭᠤᠴᠠ ᠶᠢᠨ ᠪᠡᠯᠡ ᠮᠥᠩᠭᠦ ᠶᠢ ᠬᠠᠮᠢᠶᠠᠷᠬᠤ᠂ ᠬᠡᠷᠡᠭᠯᠡᠬᠦ ᠪᠠ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠠᠷᠢᠭᠤᠴᠠᠨ ᠪᠠᠶᠢᠭᠤᠯᠬᠤ ᠶᠢᠨ ᠬᠠᠮᠲᠤ ᠬᠠᠮᠢᠶᠠᠷᠤᠨ᠎ᠠ᠃            ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠪᠣᠯᠣᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠪᠦᠬᠦ ᠲᠣᠭᠤᠷᠢᠭ ᠤᠨ ᠣᠷᠣᠨ ᠰᠠᠭᠤᠴᠠ ᠶᠢᠨ ᠥᠭᠡᠷᠡᠴᠢᠯᠡᠯᠲᠡ ᠪᠣᠯᠣᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠰᠤᠳᠤᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠡᠶᠢᠲᠡ ᠶᠢᠨ ᠲᠦᠷᠢᠶᠡᠰᠦᠨ ᠭᠡᠷ ᠪᠠᠶᠢᠰᠢᠩ᠂ ᠬᠢᠮᠳᠠ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢ ᠲᠣᠬᠢᠷᠠᠭᠤᠯᠬᠤ ᠬᠤᠯᠪᠣᠭᠳᠠᠯ ᠪᠦᠬᠦᠢ ᠵᠦᠢᠯᠡᠰ ᠢ ᠳᠠᠭᠠᠭᠠᠨ ᠭᠦᠢᠴᠡᠳᠬᠡᠨ᠎ᠡ᠃ ᠪᠥᠬᠦ ᠲᠣᠭᠤᠷᠢᠭ ᠤᠨ ᠣᠷᠣᠨ ᠰᠠᠭᠤᠴᠠ ᠶᠢᠨ ᠨᠥᠬᠦᠪᠦᠷᠢ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ︔ ᠪᠥᠬᠦ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠣᠭᠤᠳᠤᠨ᠎ᠠ᠃            ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶᠢᠰᠢᠩ ᠲᠠᠲᠠᠪᠤᠷᠢᠯᠠᠬᠤ᠂ ᠭᠡᠷ ᠪᠠᠶᠢᠰᠢᠩ ᠠᠷᠠᠯᠵᠢᠶᠠᠯᠠᠬᠤ᠂ ᠭᠡᠷ ᠪᠠᠶᠢᠰᠢᠩ ᠵᠠᠭᠤᠴᠢ ᠪᠣᠯᠣᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠤᠤᠱᠯᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠮᠠᠨ ᠤ ᠣᠷᠣᠨ ᠤ ᠬᠤᠲᠠ ᠶᠢᠨ ᠲᠥᠯᠦᠪᠵᠢᠭᠦᠯᠭᠡ ᠶᠢᠨ ᠲᠣᠭᠤᠷᠢᠭ ᠤᠨ ᠬᠡᠪᠴᠢᠶᠡᠨ ᠳᠣᠲᠣᠷᠠᠬᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠭᠠᠵᠠᠷ ᠬᠥᠷᠥᠩᠭᠡ ᠶᠢᠨ ᠰᠢᠯᠵᠢᠭᠦᠯᠦᠨ ᠥᠭᠬᠦ ᠬᠠᠮᠢᠶᠠᠷᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠢᠨᠠᠨ ᠬᠡᠮᠵᠢᠯᠲᠡ ᠶᠢᠨ ᠬᠠᠮᠢᠶᠠᠷᠤᠯᠲᠠ᠂ ᠲᠠᠯᠠᠪᠠᠢ ᠶᠢᠨ ᠬᠠᠮᠢᠶᠠᠷᠤᠯᠲᠠ᠂ ᠠᠰᠠᠷ ᠤᠨ ᠬᠦᠰᠦᠨᠦᠭᠲᠦ ᠶᠢᠨ ᠬᠠᠮᠢᠶᠠᠷᠤᠯᠲᠠ᠂ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠠᠷᠠᠯᠵᠢᠶᠠᠨ ᠤ ᠳᠠᠩᠰᠠ ᠡᠪᠬᠡᠮᠡᠯ ᠤᠨ ᠬᠠᠮᠢᠶᠠᠷᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠬᠤ ᠪᠠᠶᠢᠭᠤᠯᠤᠮᠵᠢ ᠶᠢᠨ ᠳᠠᠩᠰᠠᠯᠠᠯ᠂ ᠭᠡᠷ ᠪᠠᠶᠢᠰᠢᠩ ᠲᠦᠷᠢᠶᠡᠰᠦᠯᠡᠬᠦ ᠶᠢ ᠳᠠᠩᠰᠠᠯᠠᠨ ᠳᠠᠩᠰᠠᠯᠠᠬᠤ᠂ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠶᠢ ᠰᠦᠯᠵᠢᠶᠡᠨ ᠳᠡᠭᠡᠷ᠎ᠡ ᠳᠠᠩᠰᠠᠯᠠᠭᠤᠯᠬᠤ᠂ ᠭᠡᠷ ᠪᠠᠶᠢᠰᠢᠩ ᠬᠤᠳᠠᠯᠳᠤᠨ ᠠᠪᠬᠤ ᠬᠢᠷᠢ ᠭᠡᠮ ᠢ ᠬᠢᠨᠠᠨ ᠰᠢᠯᠭᠠᠬᠤ᠂ ᠦᠯᠡᠳᠡᠭᠡᠯ ᠭᠡᠷ ᠪᠠᠶᠢᠰᠢᠩ ᠬᠢᠭᠡᠳ ᠲᠥᠷᠥ ᠶᠢᠨ ᠪᠣᠳᠣᠯᠭ᠎ᠠ ᠶᠢᠨ ᠴᠢᠨᠠᠷᠲᠠᠢ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠬᠠᠮᠢᠶᠠᠷᠤᠯᠲᠠ᠂ ᠭᠡᠷ ᠪᠠᠶᠢᠰᠢᠩ ᠠᠷᠠᠯᠵᠢᠶᠠᠯᠠᠬᠤ ᠪᠡᠯᠡ ᠮᠥᠩᠭᠦ ᠶᠢ ᠬᠢᠨᠠᠨ ᠬᠠᠮᠢᠶᠠᠷᠬᠤ᠂ ᠭᠡᠷ ᠪᠠᠶᠢᠰᠢᠩ ᠠᠷᠠᠯᠵᠢᠶᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠪᠣᠯᠣᠨ ᠬᠤᠪᠢ ᠬᠥᠮᠥᠨ ᠤ ᠣᠷᠣᠨ ᠰᠠᠭᠤᠴᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠬᠠᠷᠢᠭᠤᠴᠠᠨ ᠪᠠᠶᠢᠭᠤᠯᠵᠤ᠂ ᠢᠲᠡᠭᠡᠮᠵᠢ ᠶᠢᠨ ᠦᠨᠡᠯᠡᠯᠲᠡ ᠶᠢᠨ ᠲᠠᠪᠴᠠᠩ ᠢ ᠪᠠᠶᠢᠭᠤᠯᠵᠤ᠂ ᠨᠡᠭᠡᠭᠡᠨ ᠬᠥᠭᠵᠢᠭᠦᠯᠬᠦ ᠦᠢᠯᠡ ᠠᠵᠢᠯᠯᠠᠭ᠎ᠠ ᠪᠠ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃          ᠪᠠᠷᠢᠯᠭ᠎ᠠ ᠶᠢᠨ ᠵᠠᠬ᠎ᠠ ᠳᠡᠯᠭᠡᠭᠦᠷ ᠢ ᠵᠢᠷᠤᠮᠵᠢᠭᠤᠯᠬᠤ ᠲᠥᠷᠥ ᠶᠢᠨ ᠪᠣᠳᠣᠯᠭ᠎ᠠ ᠪᠠ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠥᠷᠢ ᠰᠢᠷᠢ ᠶᠢ ᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠢᠨᠠᠯᠲᠠ ᠲᠠᠯᠪᠢᠨ᠎ᠠ᠃            ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠮᠡᠳᠡᠭᠦᠯᠬᠦ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠢ ᠬᠠᠮᠵᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠨᠣᠷᠮ᠎ᠠ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃ ᠪᠦᠲᠦᠭᠡᠨ ᠪᠠᠶᠢᠭᠤᠯᠬᠤ ᠪᠠᠷᠢᠮᠵᠢᠶ᠎ᠠ ᠪᠣᠯᠣᠨ ᠪᠠᠷᠢᠯᠭ᠎ᠠ ᠶᠢᠨ ᠦᠨ᠎ᠡ ᠶᠢᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠨ᠎ᠡ ᠶᠢᠨ ᠮᠡᠳᠡᠭᠡ ᠵᠠᠩᠭᠢ ᠶᠢ ᠵᠣᠬᠢᠶᠠᠨ ᠪᠠᠶᠢᠭᠤᠯᠵᠤ ᠨᠡᠶᠢᠲᠡᠯᠡᠨ᠎ᠡ᠃ ᠪᠠᠷᠢᠯᠭ᠎ᠠ ᠶᠢᠨ ᠦᠨ᠎ᠡ ᠶᠢᠨ ᠯᠠᠪᠯᠠᠯᠭ᠎ᠠ ᠥᠭᠬᠦ ᠨᠢᠭᠡᠴᠡ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠨᠢᠭᠡᠴᠡ ᠶᠢᠨ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠭᠰᠠᠨ ᠦᠨ᠎ᠡ ᠶᠢ ᠬᠢᠨᠠᠨ ᠬᠠᠮᠢᠶᠠᠷᠬᠤ ᠪᠠ ᠲᠥᠰᠥᠪ ᠪᠠ ᠲᠥᠰᠥᠪ ᠤᠨ ᠭᠦᠢᠴᠡᠳᠬᠡᠯ ᠤᠨ ᠠᠵᠢᠯ ᠢ ᠬᠠᠷᠢᠭᠤᠴᠠᠨ ᠬᠡᠷᠡᠭᠵᠢᠭᠦᠯᠦᠨ᠎ᠡ᠃ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠢ ᠰᠡᠷᠭᠡᠶᠢᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠭᠡᠷ ᠪᠠᠶᠢᠰᠢᠩ ᠤᠨ ᠪᠠᠷᠢᠯᠭ᠎ᠠ ᠶᠢ ᠬᠢᠨᠠᠨ ᠲᠣᠭᠲᠠᠭᠠᠬᠤ ᠠᠵᠢᠯ ᠢ ᠵᠢᠯᠣᠭᠤᠳᠤᠨ᠎ᠠ᠃          ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠢᠨᠠᠨ ᠵᠢᠯᠤᠭᠤᠳᠴᠤ ᠨᠠᠶᠢᠳᠠᠪᠤᠷᠢᠵᠢᠭᠤᠯᠤᠨ᠎ᠠ᠃ ᠵᠠᠬᠢᠳᠠᠯ ᠰᠤᠷᠪᠤᠯᠵᠢᠯᠠᠯ ᠵᠢᠴᠢ ᠵᠠᠭᠠᠯᠳᠤᠯᠭ᠎ᠠ ᠶᠢᠨ ᠬᠡᠷᠡᠭ ᠢ ᠰᠢᠮᠳᠠᠭᠤᠯᠤᠨ ᠰᠢᠢᠳᠪᠦᠷᠢᠯᠡᠭᠦᠯᠬᠦ ᠪᠠ ᠰᠢᠢᠳᠪᠦᠷᠢᠯᠡᠬᠦ ᠶᠢ ᠬᠠᠷᠢᠭᠤᠴᠠᠨ᠎ᠠ᠃ ᠬᠠᠷᠢᠶ᠎ᠠ ᠣᠷᠣᠨ ᠰᠠᠭᠤᠴᠠ ᠪᠠ ᠪᠠᠷᠢᠯᠭ᠎ᠠ ᠶᠢᠨ ᠠᠵᠤ ᠠᠬᠤᠶᠢᠯᠠᠯ ᠤᠨ ᠳᠦᠷᠢᠮ ᠢᠶᠠᠨ ᠬᠤᠪᠢᠷᠠᠭᠤᠯᠤᠭᠰᠠᠨ ᠤ ᠳᠠᠷᠠᠭᠠᠬᠢ ᠦᠯᠡᠳᠡᠭᠳᠡᠯ ᠠᠰᠠᠭᠤᠳᠠᠯ ᠢ ᠳᠡᠭᠡᠭᠰᠢ ᠰᠤᠷᠪᠤᠯᠵᠢᠯᠠᠬᠤ ᠬᠡᠷᠡᠭ ᠢ ᠰᠢᠮᠳᠠᠭᠤᠯᠤᠨ ᠰᠢᠢᠳᠪᠦᠷᠢᠯᠡᠭᠦᠯᠬᠦ ᠪᠠ ᠰᠢᠢᠳᠪᠦᠷᠢᠯᠡᠬᠦ ᠶᠢ ᠬᠠᠷᠢᠭᠤᠴᠠᠨ᠎ᠠ᠃ ᠳᠡᠭᠡᠳᠦ ᠱᠠᠲᠤᠨ ᠤ ᠲᠤᠰᠢᠶᠠᠭᠰᠠᠨ ᠣᠷᠣᠨ ᠰᠠᠭᠤᠴᠠ ᠪᠣᠯᠣᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠪᠤᠰᠤᠳ ᠵᠠᠬᠢᠳᠠᠯ ᠰᠤᠷᠪᠤᠯᠵᠢᠯᠠᠯ ᠤᠨ ᠵᠦᠢᠯ ᠤᠳ  ᠢ ᠬᠠᠷᠢᠭᠤᠴᠠᠨ᠎ᠠ᠃         (ᠳᠥᠷᠪᠡ)ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠴᠠᠩᠭᠤᠢ ᠮᠡᠷᠭᠡᠵᠢᠯ ᠤᠨ ᠵᠢᠷᠤᠮᠵᠢᠯ᠂ ᠪᠠᠷᠢᠮᠵᠢᠶ᠎ᠠ ᠶᠢ ᠬᠠᠮᠵᠢᠯᠴᠠᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠦᠲᠦᠭᠡᠨ ᠪᠠᠶᠢᠭᠤᠯᠤᠯᠲᠠ ᠶᠢᠨ ᠲᠤᠰᠬᠠᠢ ᠵᠦᠢᠯ ᠤᠨ ᠲᠥᠯᠦᠪᠵᠢᠭᠦᠯᠭᠡ᠂ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠶᠢ ᠪᠠᠶᠢᠭᠤᠯᠬᠤ ᠪᠠ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠬᠤᠲᠠ ᠶᠢᠨ ᠵᠠᠮ ᠬᠥᠭᠦᠷᠭᠡ ᠶᠢᠨ ᠨᠡᠪᠲᠡᠷᠡᠬᠦ ᠵᠠᠮ᠂ ᠣᠯᠠᠨ ᠨᠡᠶᠢᠲᠡ ᠶᠢᠨ ᠭᠡᠷᠡᠯᠲᠦᠭᠦᠯᠭᠡ᠂ ᠢᠯᠴᠢ ᠬᠠᠩᠭᠠᠬᠤ᠂ ᠰᠢᠲᠠᠮᠠᠬᠠᠢ ᠬᠡᠢ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠬᠤᠩᠭᠢᠯ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠬᠠᠷᠢᠭᠤᠴᠠᠨ ᠰᠤᠳᠤᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠬᠠᠩᠭᠠᠨ᠎ᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠡᠷᠡᠭᠵᠢᠭᠦᠯᠬᠦ ᠴᠢᠬᠤᠯᠠ ᠶᠡᠭᠡ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠲᠠ ᠶᠢᠨ ᠲᠥᠯᠦᠪᠵᠢᠭᠦᠯᠭᠡ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠴᠠᠬᠢᠯᠭᠠᠨ ᠬᠠᠩᠭᠠᠯᠭ᠎ᠠ᠂ ᠴᠠᠬᠢᠯᠭᠠᠨ ᠬᠤᠯᠪᠣᠭ᠎ᠠ ᠵᠡᠷᠭᠡ ᠠᠵᠢᠯ ᠢ ᠵᠣᠬᠢᠴᠠᠭᠤᠯᠤᠨ᠎ᠠ᠃          ᠣᠷᠣᠨ ᠰᠠᠭᠤᠴᠠ ᠪᠠ ᠬᠤᠲᠠ ᠬᠥᠳᠡᠭᠡ ᠶᠢᠨ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠶᠢ ᠵᠢᠯᠤᠭᠤᠳᠬᠤ ᠶᠢᠨ ᠬᠠᠮᠲᠤ ᠦᠨᠡᠯᠡᠬᠦ ᠲᠡᠮᠳᠡᠭ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃ ᠡᠨᠧᠷᠭᠢ ᠠᠷᠪᠢᠯᠠᠬᠤ ᠲᠤᠰᠬᠠᠢ ᠵᠦᠢᠯ ᠤᠨ ᠪᠡᠯᠡ ᠮᠥᠩᠭᠦ ᠶᠢ ᠬᠠᠮᠵᠢᠯᠴᠠᠨ ᠲᠣᠬᠢᠷᠠᠭᠤᠯᠤᠨ᠎ᠠ᠃ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠠᠵᠢᠯ ᠬᠢᠭᠡᠳ ᠦᠷ᠎ᠡ ᠪᠦᠲᠦᠭᠡᠯ ᠢ ᠬᠤᠪᠢᠷᠠᠭᠤᠯᠬᠤ ᠪᠠ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ᠂ ᠣᠷᠣᠭᠤᠯᠵᠤ ᠢᠷᠡᠬᠦ ᠪᠠ ᠰᠢᠨ᠎ᠡ ᠶᠢ ᠡᠭᠦᠳᠬᠦ ᠠᠵᠢᠯ ᠢ ᠵᠣᠬᠢᠶᠠᠨ ᠪᠠᠶᠢᠭᠤᠯᠤᠨ᠎ᠠ᠃          ᠵᠢᠵᠢᠭ ᠬᠤᠲᠠ ᠪᠠᠯᠭᠠᠰᠤ ᠪᠣᠯᠣᠨ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠬᠤ ᠶᠢᠨ ᠬᠠᠮᠲᠤ ᠵᠢᠯᠤᠭᠤᠳᠴᠤ᠂ ᠬᠢᠨᠠᠯᠲᠠ ᠲᠠᠯᠪᠢᠨ ᠨᠠᠶᠢᠳᠠᠪᠤᠷᠢᠵᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠲᠣᠰᠬᠤᠨ ᠪᠠᠯᠭᠠᠰᠤ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠶᠢ ᠵᠢᠯᠣᠭᠤᠳᠤᠨ᠎ᠠ᠃ ᠲᠡᠦᠬᠡ ᠰᠣᠶᠣᠯ ᠤᠨ ᠨᠡᠷᠡᠲᠦ ᠪᠠᠯᠭᠠᠰᠤ︵ᠲᠣᠰᠬᠤᠨ︶ ᠪᠣᠯᠣᠨ ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠡᠷᠡᠲᠦ ᠪᠠᠯᠭᠠᠰᠤ ︵ᠲᠣᠰᠬᠤᠨ︶ ᠶᠢ ᠬᠠᠮᠠᠭᠠᠯᠠᠬᠤ᠂ ᠬᠢᠨᠠᠯᠲᠠ ᠲᠠᠯᠪᠢᠵᠤ ᠬᠠᠮᠢᠶᠠᠷᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠪᠦᠬᠦ ᠲᠣᠭᠤᠷᠢᠭ ᠤᠨ ᠭᠤᠣᠯᠳᠠᠯᠭ᠎ᠠ ᠲᠠᠢ ᠪᠠᠯᠭᠠᠰᠤ ᠶᠢ ᠪᠦᠲᠦᠭᠡᠨ ᠪᠠᠶᠢᠭᠤᠯᠬᠤ᠂ ᠣᠨᠴᠠᠯᠢᠭᠲᠤ ᠪᠠᠭ᠎ᠠ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠪᠠ ᠤᠯᠠᠮᠵᠢᠯᠠᠯᠲᠤ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠬᠤ ᠪᠠ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠲᠣᠰᠬᠤᠨ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠢ ᠮᠡᠳᠡᠭᠦᠯᠦᠨ ᠬᠦᠷᠭᠡᠬᠦ ᠶᠢ ᠬᠠᠷᠢᠭᠤᠴᠠᠨ᠎ᠠ᠃          ᠬᠤᠲᠠ ᠶᠢᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ᠂ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠷᠠᠴᠢᠯᠠᠵᠤ ᠬᠠᠮᠠᠭᠠᠯᠠᠬᠤ ᠬᠠᠮᠢᠶᠠᠷᠤᠯᠲᠠ ᠶᠢᠨ ᠳᠦᠷᠢᠮ ᠪᠣᠯᠣᠨ ᠨᠣᠭᠤᠭᠠᠷᠠᠭᠤᠯᠤᠯᠲᠠ ᠶᠢᠨ ᠠᠷᠠᠴᠢᠯᠠᠵᠤ ᠬᠠᠮᠢᠶᠠᠷᠬᠤ ᠶᠠᠰᠤ ᠴᠢᠨᠠᠷ ᠤᠨ ᠪᠠᠷᠢᠮᠵᠢᠶ᠎ᠠ ᠶᠢ ᠵᠢᠯᠣᠭᠤᠳᠤᠨ ᠬᠡᠷᠡᠭᠵᠢᠭᠦᠯᠦᠨ᠎ᠡ᠃ ᠴᠡᠴᠡᠷᠯᠢᠭ ᠤᠨ ᠨᠣᠭᠤᠭᠠᠷᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠬᠠᠷᠭᠤᠭᠤᠯᠵᠤ ᠳᠠᠩᠰᠠᠯᠠᠬᠤ᠂ ᠬᠠᠮᠢᠶᠠᠷᠬᠤ ᠪᠠ ᠰᠢᠯᠵᠢᠭᠦᠯᠦᠨ ᠲᠤᠰᠢᠶᠠᠬᠤ ᠠᠵᠢᠯ  ᠢ ᠬᠠᠷᠢᠭᠤᠴᠠᠬᠤ ᠬᠡᠷᠡᠭᠲᠡᠢ᠃ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠦᠢᠯᠡᠳᠪᠦᠷᠢᠯᠡᠯ ᠢ ᠬᠠᠮᠠᠭᠠᠯᠠᠬᠤ ᠲᠥᠯᠥᠪᠯᠡᠭᠡ ᠪᠣᠯᠣᠨ ᠲᠥᠰᠥᠪ ᠤᠨ ᠲᠣᠭᠠᠴᠠᠭ᠎ᠠ ᠬᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ  ᠢ ᠪᠠᠶᠢᠭᠤᠯᠬᠤ ᠶᠢᠨ ᠬᠠᠮᠲᠤ ᠴᠤᠭᠯᠠᠭᠤᠯᠵᠤ ᠪᠦᠷᠢᠳᠬᠡᠬᠦ ᠠᠵᠢᠯ  ᠢ ᠬᠠᠷᠢᠭᠤᠴᠠᠬᠤ ᠬᠡᠷᠡᠭᠲᠡᠢ᠃ ᠨᠣᠭᠤᠭᠠᠷᠠᠭᠤᠯᠤᠯᠲᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠴᠢᠬᠢ ᠮᠣᠳᠣ ᠶᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠵᠢᠴᠢ ᠵᠤᠯᠵᠠᠭ᠎ᠠ ᠮᠣᠳᠣᠨ ᠤ ᠰᠢᠨ᠎ᠡ ᠲᠥᠷᠥᠯ ᠵᠦᠢᠯ ᠢ ᠣᠷᠣᠭᠤᠯᠤᠨ ᠠᠪᠴᠢᠷᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠣᠷᠣᠨ ᠤ ᠬᠤᠲᠠ ᠶᠢᠨ ᠵᠦᠯᠭᠡ ᠭᠠᠵᠠᠷ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠪᠣᠯᠣᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠵᠢᠯᠤᠭᠤᠳᠬᠤ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠨ᠎ᠠ᠃ ᠬᠤᠲᠠ ᠶᠢᠨ ᠲᠥᠯᠦᠪᠵᠢᠭᠦᠯᠭᠡ ᠶᠢᠨ ᠣᠷᠣᠨ ᠤ ᠳᠣᠲᠣᠷᠠᠬᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠨᠣᠭᠤᠭᠠᠨ ᠬᠥᠷᠥᠰᠥ ᠶᠢᠨ ᠭᠦᠢᠴᠡᠳᠬᠡᠬᠦ ᠲᠤᠭ᠎ᠠ ᠶᠢ ᠵᠢᠯᠤᠭᠤᠳᠬᠤ ᠶᠢᠨ ᠬᠠᠮᠲᠤ ᠬᠢᠨᠠᠯᠲᠠ ᠲᠠᠯᠪᠢᠨ ᠬᠠᠮᠢᠶᠠᠷᠤᠨ᠎ᠠ᠃ ᠪᠠᠶᠢᠭᠤᠯᠤᠭᠰᠠᠨ ᠣᠷᠣᠨ ᠤ ᠳᠣᠲᠣᠷᠠᠬᠢ ᠮᠣᠳᠣ ᠶᠢ ᠣᠭᠲᠣᠯᠬᠤ᠂ ᠰᠢᠯᠵᠢᠭᠦᠯᠬᠦ ᠪᠠ ᠵᠦᠯᠭᠡ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠮᠡᠷᠭᠡᠵᠢᠯ ᠤᠨ ᠳᠦᠷᠢᠮᠵᠢᠯ ᠤᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃          ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠳᠤᠮᠳᠠ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠵᠤ ᠬᠠᠮᠢᠶᠠᠷᠬᠤ᠂ ᠵᠢᠯᠤᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠬᠤ ᠶᠢ ᠬᠠᠷᠢᠭᠤᠴᠠᠨ᠎ᠠ᠃        ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠢ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠢ᠃          ᠪᠦᠬᠦ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠡᠭᠦᠷᠭᠡᠯᠡᠨ᠎ᠡ᠃ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠬᠠᠤᠯᠢ ᠲᠣᠭᠲᠠᠭᠠᠯ ᠶᠣᠰᠣᠭᠠᠷ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠨᠢᠭᠡᠨᠲᠡ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠠᠮᠠᠭᠠᠯᠠᠵᠤ ᠬᠠᠮᠢᠶᠠᠷᠬᠤ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢ ᠬᠠᠪᠰᠤᠷᠤᠨ ᠵᠢᠯᠤᠭᠤᠳᠴᠤ ᠪᠠᠶᠢᠭᠠᠳ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠡᠩ ᠤᠨ ᠦᠶ᠎ᠡ ᠪᠠ ᠲᠡᠶᠢᠨ ᠤ ᠦᠶ᠎ᠡ ᠶᠢ ᠤᠯᠠᠷᠢᠭᠤᠯᠤᠨ ᠬᠤᠪᠢᠷᠠᠭᠤᠯᠬᠤ ᠲᠥᠰᠥᠯ ᠢ ᠨᠠᠶᠢᠷᠠᠭᠤᠯᠤᠨ ᠵᠣᠬᠢᠶᠠᠨ᠎ᠠ᠃ ᠬᠤᠲᠠ ᠪᠣᠯᠣᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠵᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠠᠮᠠᠭᠠᠯᠠᠵᠤ ᠬᠠᠮᠢᠶᠠᠷᠬᠤ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠬᠤᠲᠠ ᠶᠢᠨ ᠣᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠨ ᠲᠤᠰᠠᠯᠠᠬᠤ ᠡᠭᠦᠷᠭᠡ ᠶᠢ ᠬᠡᠷᠡᠭᠵᠢᠭᠦᠯᠬᠦ ᠬᠡᠷᠡᠭᠲᠡᠢ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠭᠠᠭᠤᠯᠢᠯᠠᠯ ᠪᠣᠯᠣᠨ ᠰᠣᠷᠢᠯᠲᠠ ᠶᠢ ᠵᠣᠬᠢᠶᠠᠨ ᠪᠠᠶᠢᠭᠤᠯᠬᠤ ᠬᠡᠷᠡᠭᠲᠡᠢ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠴᠢᠯᠠᠯᠲᠠ᠂ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠵᠤ ᠪᠠᠶᠢᠭᠠᠳ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢ ᠶᠢᠨ ᠰᠦᠯᠵᠢᠶ᠎ᠡ᠂ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠡᠯᠡᠳᠬᠡᠮᠵᠢ ᠶᠢ ᠠᠰᠢᠭᠯᠠᠨ ᠡᠩ ᠤᠨ ᠦᠶ᠎ᠡ ᠶᠢᠨ ᠠᠶᠤᠯ ᠭᠠᠮᠰᠢᠭ ᠠᠴᠠ ᠠᠪᠤᠷᠠᠬᠤ ᠳᠤ ᠦᠢᠯᠡᠴᠢᠯᠡᠨ᠎ᠡ᠃ ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠢᠨᠠᠯᠲᠠ ᠲᠠᠯᠪᠢᠨ ᠪᠠᠶᠢᠴᠠᠭᠠᠵᠤ᠂ ᠵᠢᠯᠣᠭᠤᠳᠤᠨ ᠵᠣᠬᠢᠴᠠᠭᠤᠯᠤᠨ᠎ᠠ᠃ ᠴᠢᠬᠤᠯᠠ ᠬᠠᠷᠠᠯᠲᠠ ᠨᠢᠭᠡᠴᠢ ᠶᠢ ᠵᠢᠯᠣᠭᠤᠳᠤᠨ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠴᠤᠭᠯᠠᠭᠤᠯᠬᠤ ᠪᠠ ᠬᠠᠮᠢᠶᠠᠷᠬᠤ ᠶᠢ ᠬᠠᠷᠢᠭᠤᠴᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠲᠤᠰᠬᠠᠢ ᠬᠠᠮᠢᠶᠠᠷᠤᠯᠲᠠ ᠬᠢᠬᠦ ᠶᠢ ᠬᠡᠷᠡᠭᠵᠢᠭᠦᠯᠦᠨ᠎ᠡ᠃ ᠳᠠᠶᠢᠨ ᠤ ᠦᠶ᠎ᠡ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠭᠰᠠᠨ᠃          ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠾᠧ ᠬᠤᠶᠢᠲᠤ ᠵᠡᠭᠡᠯᠢ ᠬᠢᠭᠡᠳ ᠬᠠ ᠳ᠋ᠧ ᠵᠠᠮ ᠤᠨ ᠠᠭᠤᠯᠵᠠᠷ ᠤᠨ ᠸᠠᠨ ᠬᠤᠤ ᠮᠧᠢ ᠱᠦ ᠬᠤᠲᠠ ᠶᠢᠨ ᠵᠡᠭᠦᠨ ᠡᠮᠦᠨ᠎ᠡ ᠡᠭᠦᠳᠡ          ᠬᠥᠬᠡᠬᠤᠲᠠ ᠶᠢᠨ ᠰᠠᠶᠢᠬᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ 421 ᠠᠯᠪᠠᠨ ᠭᠡᠷ          ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠯᠴᠠᠬᠤ ᠬᠡᠯᠪᠡᠷᠢ᠄ 0471 - 5200197        ᠬᠠᠷᠢᠭᠤᠴᠠᠯᠭᠠᠲᠠᠨ᠄ ᠯᠢᠦ ᡁᠢ ᠪᠢᠨ      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠾᠧ ᠬᠤᠶᠢᠲᠤ ᠵᠡᠭᠡᠯᠢ ᠬᠢᠭᠡᠳ ᠬᠠ ᠳ᠋ᠧ ᠵᠠᠮ ᠤᠨ ᠠᠭᠤᠯᠵᠠᠷ ᠤᠨ ᠸᠠᠨ ᠬᠤᠤ ᠮᠧᠢ ᠱᠦ ᠬᠤᠲᠠ ᠶᠢᠨ ᠵᠡᠭᠦᠨ ᠡᠮᠦᠨ᠎ᠡ ᠡᠭᠦᠳᠡ ᠬᠥᠬᠡᠬᠤᠲᠠ ᠶᠢᠨ ᠰᠠᠶᠢᠬᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ 421 ᠠᠯᠪᠠᠨ ᠭᠡᠷ          ᠠᠯᠪᠠᠨ ᠭᠡᠷ ᠤᠨ ᠬᠠᠷᠢᠯᠴᠠᠬᠤ ᠤᠲᠠᠰᠤ᠄ 0471 - 5200197          ᠠᠵᠢᠯᠯᠠᠬᠤ ᠴᠠᠭ᠄ 9᠄ 00 - 12᠄ 00᠂ 13᠄ 30-17᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶        ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号