| | ᠪᠠᠶᠢᠭᠤᠯᠤᠮᠵᠢ ᠶᠢᠨ ᠡᠭᠦᠷᠭᠡ ᠴᠢᠳᠠᠪᠤᠷᠢ | | ᠨᠢᠭᠡ᠂ ᠭᠤᠣᠯ ᠡᠭᠦᠷᠭᠡ ᠬᠠᠷᠢᠭᠤᠴᠠᠯᠭ᠎ᠠ᠄ | | ︵ᠨᠢᠭᠡ︶ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠣᠨ ᠣᠷᠣᠨ ᠤ ᠲᠠᠷᠢᠶᠠᠯᠠᠩ ᠮᠠᠯ ᠠᠵᠤ ᠠᠬᠤᠢ | ᠤᠰᠤᠨ ᠤ ᠠᠵᠤ ᠦᠢᠯᠡᠰᠴᠢᠯᠡᠯᠲᠡ ᠶᠢᠨ ᠬᠥᠭᠵᠢᠯᠲᠡ᠂ ᠬᠥᠳᠡᠭᠡ ᠲᠣᠰᠬᠤᠨ ᠤ ᠠᠵᠤ ᠠᠬᠤᠢ᠂ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ᠂ ᠬᠥᠳᠡᠭᠡ ᠲᠣᠰᠬᠤᠨ ᠤ | ᠬᠥᠭᠵᠢᠯᠲᠡ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | | ︵ᠬᠤᠶᠠᠷ︶ᠲᠤᠰ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠤᠰᠤᠨ ᠤ ᠦᠢᠯᠡᠰ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠤᠷᠲᠤᠪᠲᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ | ᠲᠥᠯᠦᠪᠵᠢᠭᠦᠯᠭᠡ ᠶᠢ ᠰᠤᠳᠤᠯᠤᠨ ᠲᠣᠭᠲᠠᠭᠠᠨ᠎ᠠ᠃ | | ︵ᠭᠤᠷᠪᠠ︶ᠪᠦᠬᠦ ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ ᠤᠨ ᠠᠵᠢᠯ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ | ᠰᠤᠳᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠪᠠ ᠪᠦᠬᠦ ᠲᠣᠭᠤᠷᠢᠭ ᠤᠨ ᠤᠰᠤᠨ ᠤ ᠶᠠᠪᠤᠳᠠᠯ ᠤᠨ ᠠᠵᠢᠯ | ᠲᠥᠷᠥᠯ ᠤᠨ ᠬᠠᠤᠯᠢ ᠳᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ | | ︵ᠳᠥᠷᠪᠡ︶ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠵᠦ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠤᠨ | ᠬᠥᠭᠵᠢᠯᠲᠡ ᠶᠢᠨ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ ᠡᠭᠦᠷᠭᠡᠯᠡᠵᠦ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ | ᠲᠣᠭᠲᠠᠭᠠᠬᠤ ᠳᠤ ᠣᠷᠣᠯᠴᠠᠵᠤ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ᠂ ᠤᠯᠠᠨ ᠨᠡᠶᠢᠲᠡ ᠶᠢᠨ ᠦᠢᠯᠡᠴᠢᠯᠡᠭᠡ᠂ | ᠰᠠᠭᠤᠷᠢ ᠲᠥᠬᠦᠭᠡᠷᠦᠮᠵᠢ ᠪᠣᠯᠣᠨ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ | ᠬᠡᠷᠡᠭᠲᠡᠢ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠪᠠ ᠦᠢᠯᠡᠳᠪᠦᠷᠢᠯᠡᠯ ᠤᠨ ᠣᠷᠴᠢᠨ | ᠨᠥᠬᠦᠴᠡᠯ ᠢ ᠰᠠᠶᠢᠵᠢᠷᠠᠭᠤᠯᠬᠤ ᠶᠢ ᠲᠦᠷᠦᠭᠦᠯᠡᠨ ᠵᠣᠬᠢᠴᠠᠭᠤᠯᠤᠨ ᠵᠢᠯᠣᠭᠤᠳᠤᠨ᠎ᠠ᠃ ᠬᠥᠳᠡᠭᠡ ᠲᠣᠰᠬᠤᠨ ᠤ | ᠣᠶᠤᠨ ᠤ ᠪᠣᠯᠪᠠᠰᠤᠨ᠂ ᠰᠢᠯᠢᠳᠡᠭ ᠲᠠᠷᠢᠶᠠᠯᠠᠬᠤ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ | | ︵ᠲᠠᠪᠤ︶ᠬᠥᠳᠡᠭᠡ ᠲᠣᠰᠬᠤᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠯᠡᠨ ᠲᠦᠯᠬᠢᠨ ᠠᠬᠢᠭᠤᠯᠵᠤ᠂ ᠪᠦᠬᠦ ᠲᠣᠭᠤᠷᠢᠭ ᠤᠨ ᠬᠥᠳᠡᠭᠡ ᠲᠣᠰᠬᠤᠨ ᠤ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠪᠣᠯᠣᠨ ᠦᠨᠳᠦᠰᠦᠨ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠬᠤ ᠬᠡᠷᠡᠭᠲᠡᠢ᠃ ᠲᠠᠷᠢᠶᠠᠴᠢᠳ ᠤᠨ ᠳᠠᠭᠠᠭᠠᠴᠢᠯᠠᠭᠰᠠᠨ ᠭᠠᠵᠠᠷ ᠢ | ᠬᠠᠮᠢᠶᠠᠷᠬᠤ ᠪᠠ ᠲᠠᠷᠢᠶᠠᠨ ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠳᠤ ᠬᠢᠨᠠᠯᠲᠠ ᠲᠠᠯᠪᠢᠬᠤ ᠶᠢ | ᠵᠢᠯᠤᠭᠤᠳᠴᠤ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠠᠵᠢᠯ ᠢ | ᠵᠢᠯᠣᠭᠤᠳᠤᠨ᠎ᠠ᠃ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ᠂ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ᠂ ᠬᠠᠮᠲᠤ ᠶᠢᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠲᠠᠷᠢᠶᠠᠴᠢᠳ ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠰᠢᠨ᠎ᠡ | ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠭᠤᠯᠤᠯᠲᠠ ᠬᠢᠭᠡᠳ | ᠬᠥᠭᠵᠢᠯᠲᠡ ᠶᠢ ᠵᠢᠯᠣᠭᠤᠳᠤᠨ᠎ᠠ᠃ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ | ᠲᠠᠷᠢᠶᠠᠴᠢᠳ ᠤᠨ ᠪᠡᠯᠡ ᠴᠤᠭᠯᠠᠭᠤᠯᠵᠤ ᠬᠥᠳᠡᠯᠮᠦᠷᠢ ᠬᠦᠴᠦ ᠭᠠᠷᠭᠠᠯᠭᠠᠬᠤ ᠠᠵᠢᠯ ᠢ ᠵᠢᠯᠣᠭᠤᠳᠤᠨ᠎ᠠ᠃ | | ︵ᠵᠢᠷᠭᠤᠭ᠎ᠠ︶ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠨ ᠡᠵᠡᠩᠨᠡᠬᠦ ᠲᠥᠷᠥ ᠶᠢᠨ ᠪᠣᠳᠣᠯᠭ᠎ᠠ᠂ | ᠲᠥᠯᠦᠪᠵᠢᠭᠦᠯᠭᠡ ᠶᠢ ᠬᠠᠷᠢᠭᠤᠴᠠᠨ ᠲᠤᠭᠤᠷᠪᠢᠨ ᠲᠣᠭᠲᠠᠭᠠᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ | ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ᠂ ᠰᠡᠯᠡᠭᠦᠴᠡᠯ ᠤᠨ | ᠲᠠᠷᠢᠶᠠᠯᠠᠩ ᠮᠠᠯ ᠠᠵᠤ ᠠᠬᠤᠢ ᠪᠣᠯᠣᠨ ᠰᠢᠶᠠᠩ ᠵᠡᠭᠡᠯᠢ ᠭᠤᠳᠤᠮᠵᠢ ᠶᠢᠨ ᠠᠵᠤ ᠠᠬᠤᠶᠢᠯᠠᠯ ᠤᠨ ᠬᠥᠭᠵᠢᠯᠲᠡ ᠵᠢᠴᠢ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠵᠢᠯᠣᠭᠤᠳᠤᠨ᠎ᠠ᠃ ᠬᠥᠳᠡᠭᠡ ᠲᠣᠰᠬᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ | ᠵᠢᠯᠣᠭᠤᠳᠤᠨ᠎ᠠ᠃ | | ︵ᠳᠤᠯᠤᠭ᠎ᠠ︶ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ | ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠬᠤ | ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭᠲᠦ ᠶᠢ ᠪᠣᠶᠢᠵᠢᠭᠤᠯᠤᠨ ᠬᠠᠮᠠᠭᠠᠯᠠᠨ᠎ᠠ᠃ ᠲᠠᠷᠢᠶᠠᠯᠠᠩ | ᠮᠠᠯ ᠠᠵᠤ ᠠᠬᠤᠢ ᠪᠣᠯᠣᠨ ᠬᠥᠳᠡᠭᠡ ᠲᠣᠰᠬᠤᠨ ᠤ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠨ᠂ | ᠲᠠᠷᠢᠶᠠᠯᠠᠩ ᠮᠠᠯ ᠠᠵᠤ ᠠᠬᠤᠢ ᠪᠣᠯᠣᠨ ᠬᠥᠳᠡᠭᠡ ᠲᠣᠰᠬᠤᠨ ᠤ ᠠᠵᠤ ᠠᠬᠤᠢ ᠶᠢᠨ ᠮᠡᠳᠡᠭᠡ ᠵᠠᠩᠭᠢ ᠶᠢ ᠪᠦᠷᠢᠳᠬᠡᠬᠦ | ᠪᠠ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠪᠣᠯᠣᠨ ᠬᠥᠳᠡᠭᠡ ᠲᠣᠰᠬᠤᠨ ᠤ ᠮᠡᠳᠡᠭᠡ | ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | | ︵ᠨᠠᠢᠮᠠ︶ᠲᠠᠷᠢᠮᠠᠯ ᠤᠨ ᠦᠢᠯᠡᠰ᠂ ᠮᠠᠯ ᠠᠵᠤ ᠠᠬᠤᠢ᠂ ᠵᠢᠭᠠᠰᠤᠨ ᠠᠵᠤ ᠠᠬᠤᠢ᠂ ᠲᠠᠷᠢᠶᠠᠯᠠᠩ ᠮᠠᠯ ᠠᠵᠤ | ᠠᠬᠤᠢ ᠶᠢᠨ ᠮᠠᠰᠢᠨᠴᠢᠯᠠᠯᠲᠠ ᠵᠡᠷᠭᠡ ᠡᠯ᠎ᠡ ᠠᠵᠤ ᠦᠢᠯᠡᠰ ᠤᠨ ᠵᠢᠯᠣᠭᠤᠳᠤᠨ ᠦᠢᠯᠡᠴᠢᠯᠡᠬᠦ ᠪᠠ ᠠᠮᠤᠷ ᠲᠦᠪᠰᠢᠨ᠂ | ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠠᠮᠤ ᠪᠤᠳᠠᠭ᠎ᠠ᠂ ᠮᠢᠬᠠᠨ ᠤ ᠵᠦᠢᠯ᠂ ᠰᠦ ᠶᠢᠨ | ᠦᠢᠯᠡᠰ᠂ ᠲᠡᠵᠢᠭᠡᠯ ᠡᠪᠡᠰᠦ ᠪᠣᠷᠳᠤᠭ᠎ᠠ ᠪᠣᠯᠣᠨ ᠤᠰᠤᠨ ᠭᠠᠷᠤᠯᠲᠠ ᠵᠡᠷᠭᠡ ᠭᠤᠣᠯ ᠪᠣᠯᠬᠤ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠬᠥᠭᠵᠢᠯᠲᠡ ᠶᠢ ᠠᠬᠢᠭᠤᠯᠬᠤ ᠲᠦᠷᠦ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ | ᠵᠣᠬᠢᠶᠠᠨ ᠪᠠᠶᠢᠭᠤᠯᠤᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠬᠢᠬᠦ | ᠪᠠ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠤᠭᠤᠳᠴᠤ᠂ ᠴᠢᠨᠠᠷ ᠰᠠᠶᠢᠲᠠᠢ | ᠥᠨᠳᠥᠷ ᠦᠷ᠎ᠡ ᠪᠦᠲᠦᠮᠵᠢᠲᠡᠶ ᠪᠣᠬᠢᠷᠲᠤᠯ ᠦᠭᠡᠢ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠶᠢ ᠠᠬᠢᠭᠤᠯᠤᠨ᠎ᠠ᠃ | | ︵ᠶᠢᠰᠦ︶ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ | ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ | ᠦᠭᠡᠢ ᠶᠢᠨ ᠪᠠᠶᠢᠳᠠᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ | ᠪᠥᠬᠦ ᠲᠣᠭᠤᠷᠢᠭ ᠤᠨᠲ᠋ᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ | ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ᠂ ᠨᠡᠶᠢᠲᠡ ᠳᠤ | ᠬᠤᠣᠷᠳᠠᠭᠳᠠᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠪᠣᠬᠢᠷᠲᠤᠯ ᠦᠭᠡᠢ | ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠭᠠᠵᠠᠷ ᠵᠦᠢ ᠶᠢᠨ ᠲᠡᠮᠳᠡᠭᠲᠦ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | | ︵ᠠᠷᠪᠠ︶ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ | ᠠᠵᠢᠯ ᠢ ᠬᠠᠷᠢᠭᠤᠴᠠᠨ᠎ᠠ᠃ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ | ᠴᠢᠨᠠᠷ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠲᠠᠷᠢᠶᠠᠨ ᠭᠠᠵᠠᠷ ᠵᠢᠴᠢ ᠦᠨᠳᠦᠰᠦᠨ ᠲᠠᠷᠢᠶᠠᠨ ᠭᠠᠵᠠᠷ ᠤᠨ ᠶᠠᠰᠤ | ᠴᠢᠨᠠᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ | ᠬᠠᠮᠠᠭᠠᠯᠠᠯᠲᠠ ᠪᠠ ᠠᠷᠢᠭᠤᠨ ᠴᠡᠪᠡᠷ ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃ ᠪᠡᠯᠡᠳᠬᠡᠮᠵᠢᠲᠦ | ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠣᠷᠴᠢᠯ ᠲᠠᠷᠢᠶᠠᠯᠠᠩ ᠮᠠᠯ ᠠᠵᠤ ᠠᠬᠤᠢ ᠪᠣᠯᠣᠨ ᠤᠰᠤ | ᠠᠷᠪᠢᠯᠠᠬᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠵᠢᠴᠢ ᠬᠥᠳᠡᠭᠡ ᠲᠣᠰᠬᠤᠨ ᠤ ᠳᠠᠬᠢᠨ ᠡᠭᠦᠰᠴᠦ | ᠪᠣᠯᠬᠤ ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ᠲᠠᠷᠢᠶᠠᠯᠠᠩ ᠤᠨ ᠠᠮᠢᠳᠤ ᠪᠣᠳᠠᠰ ᠤᠨ ᠠᠵᠤ ᠦᠢᠯᠡᠰ ᠤᠨ | ᠬᠥᠭᠵᠢᠯᠲᠡ ᠶᠢ ᠵᠢᠯᠣᠭᠤᠳᠤᠨ᠎ᠠ᠃ | | ︵ᠠᠷᠪᠠᠨ ᠨᠢᠭᠡ) ᠬᠤᠯᠪᠣᠭᠳᠠᠯ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ | ᠪᠣᠯᠣᠨ ᠣᠷᠣᠭᠤᠯᠤᠯᠲᠠ ᠶᠢᠨ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠠ ᠣᠷᠣᠭᠤᠯᠤᠯᠲᠠ ᠶᠢᠨ ᠡᠳ᠋ ᠤᠨ ᠤᠯᠤᠰ᠂ | ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠲᠠᠷᠢᠮᠠᠯ᠂ ᠲᠡᠵᠢᠭᠡᠯ | ᠡᠪᠡᠰᠦᠨ ᠤ ᠦᠷ᠎ᠡ ︵ᠦᠷ᠎ᠡ ᠴᠢᠬᠢ ᠶᠢ ᠬᠠᠤᠯᠢ ᠶᠣᠰᠣᠭᠠᠷ ᠥᠷᠨᠢᠭᠦᠯᠦᠨ᠎ᠡ᠃︶ᠪᠣᠷᠳᠣᠭᠤᠷ᠂ ᠪᠣᠷᠳᠣᠭᠤᠷ᠂ | ᠡᠭᠦᠯᠳᠡᠷ ᠤᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ ᠡᠮ᠂ ᠲᠡᠵᠢᠭᠡᠯ ᠡᠪᠡᠰᠦ ᠪᠣᠷᠳᠤᠭ᠎ᠠ᠂ ᠪᠣᠷᠳᠣᠭᠠᠨ ᠤ ᠨᠡᠮᠡᠯᠲᠡ | ᠡᠳ᠋ ᠲᠤ ᠬᠢᠨᠠᠯᠲᠠ ᠲᠠᠯᠪᠢᠵᠤ ᠬᠠᠮᠢᠶᠠᠷᠤᠨ᠎ᠠ᠃ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ | ᠰᠢᠯᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ | ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | | ︵ᠠᠷᠪᠠᠨ ᠬᠤᠶᠠᠷ︶ᠲᠠᠷᠢᠮᠠᠯ ᠪᠣᠯᠣᠨ ᠲᠡᠵᠢᠭᠡᠯ ᠡᠪᠡᠰᠦᠨ ᠤ ᠡᠪᠡᠳᠴᠢᠨ ᠬᠤᠷᠣᠬᠠᠢ ᠶᠢᠨ ᠬᠥᠨᠥᠭᠡᠯ᠂ ᠮᠠᠯ | ᠵᠢᠭᠦᠷᠲᠡᠨ ᠪᠣᠯᠣᠨ ᠤᠰᠤᠨ ᠤ ᠠᠮᠢᠳᠤ ᠪᠣᠳᠠᠰ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ | ᠪᠦᠬᠦ ᠲᠣᠭᠤᠷᠢᠭ ᠤᠨᠠᠮᠢᠲᠠᠨ ᠤᠷᠭᠤᠮᠠᠯ ᠤᠨ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠬᠤ ᠪᠠ ᠬᠢᠨᠠᠯᠲᠠ ᠲᠠᠯᠪᠢᠵᠤ᠂ ᠭᠡᠨᠡᠳᠲᠡ ᠶᠢᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠥᠨᠥᠭᠡᠯᠲᠡᠢ ᠠᠮᠢᠳᠤ ᠪᠣᠳᠠᠰ ᠢ ᠨᠡᠶᠢᠳᠡᠮ | ᠪᠠᠶᠢᠴᠠᠭᠠᠬᠤ ᠪᠠ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ᠃ ᠮᠠᠯ ᠡᠮᠨᠡᠯᠭᠡ ᠶᠢᠨ ᠡᠩᠨᠡᠭᠡ᠂ ᠮᠠᠯ ᠤᠨ ᠡᠮ ᠪᠣᠯᠣᠨ ᠨᠢᠲᠤᠯᠬᠤ ᠠᠵᠢᠯ ᠲᠥᠷᠥᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | | ︵ᠠᠷᠪᠠᠨ ᠭᠤᠷᠪᠠ︶ᠲᠠᠷᠢᠶᠠᠯᠠᠩ ᠮᠠᠯ ᠠᠵᠤ ᠠᠬᠤᠢ ᠤᠰᠤᠨ ᠤ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠨᠡᠶᠢᠲᠡᠯᠡᠵᠦ᠂ ᠦᠷ᠎ᠡ᠂ ᠲᠠᠷᠢᠶᠠᠨ ᠡᠮ᠂ ᠬᠢᠮᠢ ᠶᠢᠨ | ᠪᠣᠷᠳᠣᠭᠤᠷ᠂ ᠮᠠᠯ ᠤᠨ ᠡᠮ᠂ ᠲᠡᠵᠢᠭᠡᠯ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠪᠠ | ᠰᠢᠯᠵᠢᠭᠦᠯᠦᠨ ᠥᠭᠬᠦ ᠠᠵᠢᠯ ᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠰᠠᠨᠠᠭᠤᠯᠭ᠎ᠠ ᠳᠤᠷᠠᠳᠴᠤ᠂ ᠭᠠᠮᠰᠢᠭ ᠠᠴᠠ | ᠪᠠᠴᠢᠮ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠤᠨ ᠰᠡᠷᠭᠦᠭᠡᠯᠲᠡ ᠶᠢ ᠵᠢᠯᠣᠭᠤᠳᠤᠨ᠎ᠠ᠃ | | ︵ᠠᠷᠪᠠᠨ ᠳᠥᠷᠪᠡᠳᠦᠭᠡᠷ︶ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠤ ᠬᠥᠭᠵᠢᠯᠲᠡ ᠶᠢ ᠲᠡᠳᠬᠦᠬᠦ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ᠂ ᠵᠢᠴᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠤ ᠪᠡᠯᠡ | ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠰᠠᠨᠠᠭᠤᠯᠭ᠎ᠠ ᠶᠢ | ᠳᠤᠷᠠᠳᠤᠨ᠎ᠠ᠃ ᠲᠣᠭᠤᠷᠢᠭ ᠤᠨ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠣᠷᠣᠨ ᠤ ᠲᠤᠰ ᠱᠠᠲᠤᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠠᠵᠤ ᠦᠢᠯᠡᠰ ᠢᠶᠠᠷ | ᠶᠠᠳᠠᠭᠤ ᠶᠢ ᠲᠡᠳᠬᠦᠬᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠤᠨ ᠴᠡᠭᠴᠡᠯᠡᠨ ᠵᠠᠰᠠᠯᠲᠠ᠂ | ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠯᠥᠪᠯᠡᠭᠡ ᠶᠢᠨ ᠲᠥᠯᠦᠪᠵᠢᠭᠦᠯᠭᠡ ᠶᠢ | ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ᠤᠨ ᠲᠥᠰᠥᠪ ᠢ ᠨᠠᠶᠢᠷᠠᠭᠤᠯᠤᠨ ᠮᠡᠳᠡᠭᠦᠯᠦᠨ᠎ᠡ᠃ | ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ᠂ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠠᠷᠢᠶᠠᠯᠠᠩ ᠮᠠᠯ | ᠠᠵᠤ ᠠᠬᠤᠢ ᠤᠰᠤᠨ ᠤ ᠦᠢᠯᠡᠰ ᠤᠨ ᠬᠥᠳᠡᠭᠡ ᠲᠣᠰᠬᠤᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ | ᠲᠥᠯᠥᠪᠵᠢᠭᠦᠯᠵᠦ᠂ ᠲᠠᠷᠢᠶᠠᠯᠠᠩ ᠮᠠᠯ ᠠᠵᠤ ᠠᠬᠤᠢ ᠤᠰᠤᠨ ᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ ᠪᠣᠯᠣᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ | | ︵ᠠᠷᠪᠠᠨ ᠲᠠᠪᠤ︶ ᠪᠦᠬᠦ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠦᠢᠯᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠤᠭᠤᠳᠴᠤ᠂ | ᠲᠠᠷᠢᠶᠠᠯᠠᠩ ᠮᠠᠯ ᠠᠵᠤ ᠠᠬᠤᠢ ᠤᠰᠤᠨ ᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠵᠢᠯᠴᠠᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠧᠨ ᠬᠤᠪᠢᠷᠠᠭᠤᠯᠤᠭᠰᠠᠨ | ᠠᠮᠢᠳᠤ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠰᠢᠨ᠎ᠡ ᠡᠭᠦᠯᠳᠡᠷ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ | | ︵ᠠᠷᠪᠠᠨ ᠵᠢᠷᠭᠤᠭ᠎ᠠ︶ ᠲᠠᠷᠢᠶᠠᠯᠠᠩ ᠮᠠᠯ ᠠᠵᠤ ᠠᠬᠤᠢ ᠤᠰᠤᠨ ᠤ ᠦᠢᠯᠡᠰ ᠪᠣᠯᠣᠨ ᠬᠥᠳᠡᠭᠡ ᠲᠣᠰᠬᠤᠨ ᠤ | ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ᠂ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ | ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠨ ᠬᠥᠮᠦᠵᠢᠯ ᠪᠠ ᠨᠡᠭᠡᠭᠡᠨ ᠬᠥᠭᠵᠢᠭᠦᠯᠬᠦ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ᠂ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ | ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃ | | ︵ᠠᠷᠪᠠᠨ ᠲᠤᠯᠤᠭ᠎ᠠ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠵᠢᠴᠢ ᠲᠥᠯᠥᠪᠦᠷᠢ ᠲᠠᠢ ᠪᠠᠷ ᠬᠡᠷᠡᠭᠯᠡᠬᠦ | ᠠᠵᠢᠯ ᠢ ᠵᠢᠯᠣᠭᠤᠳᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠠᠵᠢᠯ ᠲᠥᠷᠥᠯ | ᠪᠠ ᠪᠠᠯᠭᠠᠰᠤ ︵ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ︶ ᠶᠢ ᠵᠢᠯᠣᠭᠤᠳᠤᠨ᠎ᠠ᠃︶ᠤᠰᠤ ᠬᠠᠩᠭᠠᠬᠤ ᠤᠰᠤ | ᠵᠠᠯᠠᠬᠤ ᠠᠵᠢᠯ᠃ ᠬᠥᠳᠡᠭᠡ ᠲᠣᠰᠬᠤᠨ ᠤ ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠬᠠᠷᠢᠭᠤᠴᠠᠨ᠎ᠠ᠃ | | ︵ᠠᠷᠪᠠᠨ ᠨᠠᠶᠢᠮᠠ︶ᠪᠦᠬᠦ ᠲᠣᠭᠤᠷᠢᠭ ᠤᠨ ᠤᠰᠤᠨ ᠤ ᠶᠠᠪᠤᠳᠠᠯ ᠤᠨ ᠠᠵᠢᠯ ᠲᠥᠷᠥᠯ ᠤᠨ ᠬᠠᠮᠢᠶ᠎ᠠ ᠪᠦᠬᠦᠢ | ᠳᠦᠷᠢᠮ ᠤᠨ ᠪᠠᠶᠢᠭᠤᠯᠤᠯᠲᠠ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ | ᠲᠣᠭᠤᠷᠢᠭ ᠤᠨᠤᠰᠤᠨ ᠤ ᠶᠠᠪᠤᠳᠠᠯ ᠤᠨ ᠲᠥᠯᠥᠪᠯᠡᠭᠡ᠂ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠲᠣᠬᠢᠷᠠᠭᠤᠯᠤᠯᠲᠠ ᠶᠢ ᠲᠣᠭᠲᠠᠭᠠᠵᠤ᠂ ᠲᠥᠷᠥᠯ ᠵᠦᠢᠯ ᠤᠨ ᠬᠡᠷᠡᠭᠵᠢᠭᠦᠯᠬᠦ᠂ ᠬᠢᠨᠠᠯᠲᠠ ᠲᠠᠯᠪᠢᠵᠤ | ᠬᠠᠮᠢᠶᠠᠷᠬᠤ ᠠᠵᠢᠯ ᠢ ᠬᠠᠷᠢᠭᠤᠴᠠᠨ᠎ᠠ᠃ | | ︵ᠠᠷᠪᠠ ᠶᠢᠰᠦ︶ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠤ ᠡᠷᠭᠢ ᠶᠢᠨ ᠱᠤᠭᠤᠮ ᠢ | ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ | ᠰᠠᠭᠤᠷᠢ ᠪᠡᠯᠡᠳᠬᠡᠮᠵᠢ ᠶᠢᠨ ᠰᠦᠯᠵᠢᠶᠡᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠭᠤᠣᠯ | ᠮᠥᠷᠡᠨ ᠨᠠᠭᠤᠷ ᠴᠥᠭᠦᠷᠥᠮ ᠢ ᠵᠠᠰᠠᠬᠤ ᠪᠠ ᠬᠠᠮᠠᠭᠠᠯᠠᠬᠤ ᠶᠢ ᠵᠢᠯᠣᠭᠤᠳᠤᠨ᠎ᠠ᠃ ᠭᠤᠣᠯ ᠮᠥᠷᠡᠨ ᠨᠠᠭᠤᠷ | ᠴᠥᠭᠦᠷᠥᠮ ᠤᠨ ᠤᠰᠤᠨ ᠤ ᠠᠮᠢ ᠠᠬᠤᠢ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ᠂ ᠭᠤᠣᠯ ᠮᠥᠷᠡᠨ ᠨᠠᠭᠤᠷ | ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠣᠯ ᠮᠥᠷᠡᠨ ᠨᠠᠭᠤᠷ | ᠴᠥᠭᠦᠷᠥᠮ ᠤᠨ ᠤᠰᠤᠨ ᠤ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃ | | ︵ᠬᠤᠷᠢᠨ︶ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ | ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠤᠰᠤᠨ ᠤ ᠶᠠᠪᠤᠳᠠᠯ ᠤᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯ ᠦᠭᠡᠢ ᠳᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠤᠰᠤ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | | ︵ᠬᠤᠷᠢᠨ ᠨᠢᠭᠡ︶ ᠲᠣᠭᠤᠷᠢᠭ ᠤᠨ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ | ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠵᠦ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ | ᠵᠠᠷᠯᠠᠨ ᠨᠡᠶᠢᠲᠡᠯᠡᠨ᠎ᠡ︔ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢᠨ | ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠭᠤᠣᠯᠳᠠᠯᠭ᠎ᠠ ᠲᠠᠢ ᠬᠥᠷᠥᠰᠥ | ᠰᠢᠷᠣᠢ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | | | ︵ᠬᠤᠷᠢᠨ ᠬᠤᠶᠠᠷ︶ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠲᠣᠮᠣ | ᠳᠤᠮᠳᠠ ᠬᠡᠯᠪᠡᠷᠢ ᠶᠢᠨ ᠤᠰᠤᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠤᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | | ︵ᠬᠤᠷᠢᠨ ᠭᠤᠷᠪᠠᠨ︶ᠪᠥᠬᠦ ᠲᠣᠭᠤᠷᠢᠭ ᠤᠨ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ | ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠣᠷᠣᠨ ᠪᠦᠰᠡ ᠠᠯᠤᠰᠯᠠᠭᠰᠠᠨ ᠤᠰᠤᠨ ᠤ ᠶᠠᠪᠤᠳᠠᠯ ᠤᠨ | ᠵᠢᠭᠤᠷᠠᠯᠳᠤᠭᠠᠨ ᠢ ᠵᠣᠬᠢᠴᠠᠭᠤᠯᠤᠨ᠂ ᠬᠥᠨᠳᠡᠯᠡᠨ ᠠᠴᠠ ᠲᠠᠰᠤᠯᠤᠨ᠎ᠠ᠃ | | ︵ᠬᠤᠷᠢᠨ ᠳᠥᠷᠪᠡᠨ︶ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠦᠨ᠎ᠡ᠃ | ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠤᠰᠤᠨ ᠤ | ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ | ᠵᠢᠯᠣᠭᠤᠳᠤᠨ᠎ᠠ᠃ | | ︵ᠬᠤᠷᠢᠨ ᠲᠠᠪᠤᠨ︶ᠪᠦᠬᠦ ᠲᠣᠭᠤᠷᠢᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠳᠠᠩᠰᠠ ᠡᠪᠬᠡᠮᠡᠯ | ᠪᠠᠶᠢᠭᠤᠯᠤᠨ ᠺᠠᠷᠲ ᠵᠣᠬᠢᠶᠠᠬᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠬᠢᠨᠠᠨ | ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠬᠥᠳᠡᠭᠡ ᠲᠣᠰᠬᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ | ᠵᠢᠯᠣᠭᠤᠳᠤᠨ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤ ᠰᠢᠮᠳᠠᠭᠤᠯᠤᠨ ᠪᠠᠶᠢᠴᠠᠭᠠᠬᠤ ᠪᠠ ᠰᠢᠯᠭᠠᠨ | ᠬᠢᠨᠠᠬᠤ ᠠᠵᠢᠯ ᠢ ᠰᠠᠶᠢᠲᠤᠷ ᠬᠢᠨ᠎ᠡ᠃ | | ︵ᠬᠤᠷᠢᠨ ᠵᠢᠷᠭᠤᠭᠠᠨ︶ᠲᠠᠷᠢᠶᠠᠯᠠᠩ ᠤᠨ ᠪᠦᠲᠦᠭᠡᠭᠳᠡᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ | ᠪᠣᠭᠤᠳᠠᠯᠯᠠᠬᠤ ᠪᠠ ᠢᠯᠡᠳᠬᠡᠮᠵᠢ᠂ ᠣᠯᠠᠨ ᠨᠡᠶᠢᠲᠡ ᠳᠤ ᠬᠥᠨᠥᠭᠡᠯ ᠦᠭᠡᠢ ᠪᠠᠶᠢᠬᠤ ᠲᠠᠯ᠎ᠠ ᠪᠠᠷ ᠬᠢᠨᠠᠯᠲᠠ ᠲᠠᠯᠪᠢᠵᠤ | ᠪᠠᠶᠢᠴᠠᠭᠠᠬᠤ ᠬᠡᠷᠡᠭᠲᠡᠢ᠃ | | ︵ᠬᠤᠷᠢᠨ ᠳᠣᠯᠤᠭ᠎ᠠ︶ᠬᠥᠮᠥᠨ ᠤ ᠪᠡᠶ᠎ᠡ ᠶᠢᠨ ᠡᠷᠡᠭᠦᠯ ᠮᠡᠨᠳᠦ ᠪᠣᠯᠣᠨ ᠠᠮᠢ ᠨᠠᠰᠤᠨ ᠤ ᠠᠮᠤᠷ ᠲᠦᠪᠰᠢᠨ ᠳᠤ | ᠬᠤᠣᠷ ᠬᠥᠨᠥᠭᠡᠯ ᠤᠴᠠᠷᠠᠭᠤᠯᠬᠤ ᠬᠦᠨᠳᠦ ᠶᠡᠭᠡ ᠭᠡᠮ ᠰᠣᠭᠤᠭ ᠤᠨ ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠢ | ᠪᠠᠶᠢᠴᠠᠭᠠᠨ ᠪᠢᠲᠡᠭᠦᠮᠵᠢᠯᠡᠵᠦ᠃ | | ︵ᠬᠤᠷᠢᠨ ᠨᠠᠶᠢᠮᠠ︶ᠢᠳᠡᠭᠡᠨ ᠤ ᠵᠦᠢᠯ ᠵᠡᠷᠭᠡ ᠦᠢᠯᠡᠳᠬᠡᠭᠦᠨ ᠤ ᠬᠤᠯᠪᠣᠭᠳᠠᠯ ᠲᠠᠢ ᠮᠠᠲ᠋ᠧᠷᠢᠶᠠᠯ᠂ ᠬᠡᠷᠡᠭ ᠲᠠᠢ | ᠬᠤᠯᠪᠣᠭᠳᠠᠬᠤ ᠤᠷᠭᠤᠮᠠᠯ ᠤᠨ ᠲᠥᠷᠥᠯ ᠵᠦᠢᠯ ᠤᠨ ᠦᠷᠡᠵᠢᠬᠦ ᠮᠠᠲ᠋ᠧᠷᠢᠶᠠᠯ ᠢ ᠪᠠᠶᠢᠴᠠᠭᠠᠨ ᠪᠢᠲᠡᠭᠦᠮᠵᠢᠯᠡᠬᠦ ᠪᠠ | ᠦᠯᠡᠳᠡᠭᠡᠨ ᠠᠪᠬᠤ᠃ | | ︵ᠬᠤᠷᠢ ᠶᠢᠰᠦ︶ᠤᠰᠤᠨ ᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠭᠰᠡᠨ᠂ ᠠᠩᠨᠠᠵᠤ | ᠱᠦᠭᠦᠬᠦ ᠶᠢᠨ ᠬᠢᠵᠠᠭᠠᠷ ᠲᠣᠭᠠᠨ ᠤ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠬᠡᠷᠡᠭᠲᠡᠢ᠃ | | ︵ᠭᠤᠴᠢᠨ︶ᠨᠤᠲᠤᠭ ᠪᠡᠯᠴᠢᠭᠡᠷ ᠢ ᠬᠡᠷᠡᠭᠯᠡᠬᠦ᠂ ᠤᠷᠭᠤᠮᠠᠯ ᠤᠨ ᠪᠦᠷᠬᠢᠴᠡ ᠶᠢ ᠬᠠᠮᠠᠭᠠᠯᠠᠬᠤ᠂ ᠵᠡᠷᠯᠢᠭ ᠤᠷᠭᠤᠮᠠᠯ ᠢ | ᠬᠢᠨᠠᠵᠤ ᠪᠠᠶᠢᠴᠠᠭᠠᠬᠤ ᠪᠠ ᠬᠠᠮᠢᠶᠠᠷᠤᠨ᠎ᠠ᠃ | | ︵ᠭᠤᠴᠢᠨ ᠨᠢᠭᠡᠨ︶ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠠᠷᠢᠶᠠᠯᠠᠩ ᠮᠠᠯ ᠠᠵᠤ ᠠᠬᠤᠢ ᠤᠰᠤᠨ | ᠠᠰᠢᠭᠯᠠᠯᠲᠠ ᠶᠢᠨ ᠬᠠᠮᠢᠶ᠎ᠠ ᠪᠦᠬᠦᠢ ᠵᠦᠢᠯᠡᠰ ᠢ ᠬᠢᠨᠠᠨ ᠵᠥᠪᠰᠢᠶᠡᠷᠡᠵᠦ ᠳᠠᠩᠰᠠᠯᠠᠬᠤ ᠠᠵᠢᠯ ᠢ ᠡᠭᠦᠷᠭᠡᠯᠡᠨ᠎ᠡ᠃ | | ︵ᠭᠤᠴᠢᠨ ᠬᠤᠶᠠᠷ︶ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ | ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ | ᠬᠠᠷᠢᠭᠤᠴᠠᠨ᠎ᠠ᠃ | | ︵ᠭᠤᠴᠢᠨ ᠭᠤᠷᠪᠠᠨ︶ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | | | ᠬᠤᠶᠠᠷ᠂ ᠳᠣᠲᠣᠭᠠᠳᠤ ᠪᠠᠶᠢᠭᠤᠯᠤᠮᠵᠢ᠄ | | ︵ᠨᠢᠭᠡ︶ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ᠃ ᠲᠣᠪᠴᠢᠶ᠎ᠠ ᠶᠢᠨ ᠪᠠᠶᠢᠭᠤᠯᠭ᠎ᠠ ᠪᠠ | ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ ᠴᠡᠷᠢᠭ᠂ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠤᠨ ᠠᠵᠢᠯ | ᠵᠢᠴᠢ ᠨᠢᠭᠡᠳᠦᠮᠡᠯ ᠹᠷᠣᠨᠲ ᠤᠨ ᠠᠵᠢᠯ ᠢ ᠬᠠᠷᠢᠭᠤᠴᠠᠨ᠎ᠠ᠃ ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ | ᠲᠥᠯᠥᠪᠵᠢᠭᠦᠯᠬᠦ᠂ ᠪᠣᠳᠠᠲᠠᠢ ᠡᠭᠦᠷᠭᠡ ᠶᠢ ᠨᠠᠶᠢᠳᠠᠪᠤᠷᠢᠵᠢᠭᠤᠯᠬᠤ᠂ ᠨᠠᠮ ᠤᠨ ᠭᠡᠰᠢᠭᠦᠨ ᠤ ᠡᠩᠨᠡᠭᠡ ᠶᠢᠨ ᠬᠠᠮᠢᠶᠠᠷᠤᠯᠲᠠ᠂ | ᠦᠨᠳᠦᠰᠦᠨ ᠱᠠᠲᠤᠨ ᠤ ᠠᠵᠢᠯ ᠢ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠨ᠎ᠡ᠃ | | ︵ᠬᠤᠶᠠᠷ︶ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ | ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯ ᠢ ᠵᠣᠬᠢᠴᠠᠭᠤᠯᠤᠨ᠂ ᠬᠤᠷᠠᠯ ᠤᠨ ᠵᠣᠬᠢᠶᠠᠨ ᠪᠠᠶᠢᠭᠤᠯᠤᠯᠲᠠ᠂ | ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠪᠠᠶᠢᠭᠤᠯᠭ᠎ᠠ ᠶᠢᠨ ᠨᠠᠷᠢᠨ ᠪᠢᠴᠢᠭ᠂ ᠠᠮᠤᠷ ᠢ ᠬᠠᠮᠠᠭᠠᠯᠠᠬᠤ᠂ ᠠᠷᠤ ᠲᠠᠯ᠎ᠠ ᠶᠢᠨ | ᠠᠵᠢᠯ᠂ ᠳᠠᠩᠰᠠ ᠡᠪᠬᠡᠮᠡᠯ ᠤᠨ ᠬᠠᠮᠢᠶᠠᠷᠤᠯᠲᠠ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠪᠠ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ | ᠶᠡᠷᠦᠩᠬᠡᠶᠢᠯᠡᠭᠰᠡᠨ ᠮᠠᠲ᠋ᠧᠷᠢᠶᠠᠯ ᠢ ᠲᠤᠭᠤᠷᠪᠢᠬᠤ ᠶᠢ ᠵᠣᠬᠢᠶᠠᠨ ᠪᠠᠶᠢᠭᠤᠯᠵᠤ᠂ ᠲᠣᠪᠴᠢᠶ᠎ᠠ ᠶᠢᠨ ᠪᠠᠶᠢᠭᠤᠯᠭ᠎ᠠ ᠶᠢᠨ | ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠪᠠ | ᠬᠤᠯᠪᠣᠭᠳᠠᠯ ᠪᠦᠬᠦᠢ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ ᠰᠢᠰᠲ᠋ᠧᠮ ᠤᠨ ᠳᠣᠲᠣᠭᠠᠳᠤ ᠶᠢᠨ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠦᠨ᠎ᠡ᠃ | | ︵ᠭᠤᠷᠪᠠ︶ᠡᠳ᠋ ᠤᠨ ᠶᠠᠪᠤᠳᠠᠯ ᠤᠨ ᠲᠠᠰᠤᠭ᠃ ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ | ᠡᠳ᠋ ᠤᠨ ᠶᠠᠪᠤᠳᠠᠯ ᠤᠨ ᠲᠠᠩᠰᠠ ᠮᠡᠳᠡᠭᠦᠯᠬᠦ ᠪᠠ ᠲᠠᠩᠰᠠ ᠬᠠᠷ᠎ᠠ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ | ᠰᠠᠯᠠᠭ᠎ᠠ ᠮᠥᠴᠢᠷ ᠤᠨ ᠲᠥᠰᠥᠪ ᠢ ᠨᠠᠶᠢᠷᠠᠭᠤᠯᠤᠨ ᠮᠡᠳᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠪᠠ ᠵᠠᠰᠠᠭ ᠤᠨ ᠣᠷᠳᠣᠨ ᠬᠤᠳᠠᠯᠳᠤᠨ ᠠᠪᠬᠤ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠤᠨ᠎ᠠ᠃ | ᠰᠢᠰᠲ᠋ᠧᠮ ᠤᠨ ᠳᠣᠲᠣᠭᠠᠳᠤ ᠶᠢᠨ ᠬᠢᠨᠠᠨ ᠪᠣᠳᠣᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | | ︵ᠳᠥᠷᠪᠡ︶ᠠᠵᠢᠯᠲᠠᠨ ᠤ ᠶᠠᠪᠤᠳᠠᠯ ᠤᠨ ᠰᠲ᠋ᠣᠺ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠠᠵᠢᠯᠲᠠᠨ ᠤ | ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠢᠨᠠᠨ ᠰᠢᠯᠭᠠᠯᠲᠠ᠂ ᠬᠥᠳᠡᠯᠮᠦᠷᠢ ᠴᠠᠯᠢᠩ᠂ | ᠨᠡᠶᠢᠭᠡᠮ ᠤᠨ ᠪᠠᠲᠤᠯᠠᠭ᠎ᠠ᠂ ᠴᠢᠳᠠᠪᠤᠷᠢᠲᠠᠨ ᠤ ᠬᠥᠮᠦᠵᠢᠯ ᠪᠣᠯᠪᠠᠰᠤᠷᠠᠭᠤᠯᠤᠯ ᠵᠡᠷᠭᠡ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠠᠷᠢᠶᠠᠯᠠᠩ ᠮᠠᠯ ᠠᠵᠤ ᠠᠬᠤᠢ ᠪᠣᠯᠣᠨ | ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ | ᠃ | | ︵ᠲᠠᠪᠤ︶ᠲᠥ᠋ᠯᠥᠪᠯᠡᠭᠡ ᠲᠥ᠋ᠯᠥᠪᠯᠡᠭᠡᠨ ᠤ ᠲᠠᠰᠤᠭ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠦᠷᠦ ᠶᠢᠨ ᠪᠣᠳᠣᠯᠭ᠎ᠠ ᠶᠢᠨ ᠴᠢᠨᠠᠷᠲᠠᠢ ᠰᠠᠨᠠᠭᠤᠯᠭ᠎ᠠ ᠳᠤᠷᠠᠳᠪᠠ᠃ | ᠲᠠᠷᠢᠶᠠᠯᠠᠩ ᠮᠠᠯ ᠠᠵᠤ ᠠᠬᠤᠢ ᠤᠰᠤᠨ ᠤ ᠦᠢᠯᠡᠰ ᠪᠠ ᠬᠥᠳᠡᠭᠡ ᠲᠣᠰᠬᠤᠨ ᠤ ᠠᠵᠤ ᠠᠬᠤᠢ ᠶᠢᠨ | ᠬᠥᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ᠎ᠠ᠃ | ᠲᠠᠷᠢᠶᠠᠯᠠᠩ ᠮᠠᠯ ᠠᠵᠤ ᠠᠬᠤᠢ ᠤᠰᠤᠨ ᠤ ᠦᠢᠯᠡᠰ ᠤᠨ ᠡᠬᠢ ᠪᠠᠶᠠᠯᠢᠭ ᠤᠨ ᠣᠷᠣᠨ ᠬᠤᠪᠢᠶᠠᠷᠢᠯᠠᠯ ᠪᠠ ᠠᠯᠤᠰ | ᠰᠡᠷᠡᠯ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠤᠰᠤᠨ ᠤ ᠦᠢᠯᠡᠰ ᠤᠨ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ ᠪᠠ ᠪᠦᠲᠦᠴᠡ ᠶᠢᠨ | ᠲᠣᠬᠢᠷᠠᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠢ ᠤᠰᠤᠨ ᠤ ᠦᠢᠯᠡᠰ | ᠪᠣᠯᠣᠨ ᠬᠥᠳᠡᠭᠡ ᠲᠣᠰᠬᠤᠨ ᠤ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠬᠥᠳᠡᠭᠡ ᠲᠣᠰᠬᠤᠨ ᠤ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠢᠨᠠᠯᠲᠠ ᠲᠠᠯᠪᠢᠨ ᠵᠢᠯᠣᠭᠤᠳᠤᠨ᠎ᠠ᠃ | ᠲᠠᠷᠢᠶᠠᠯᠠᠩ ᠮᠠᠯ ᠠᠵᠤ ᠠᠬᠤᠢ ᠤᠰᠤᠨ ᠤ ᠦᠢᠯᠡᠰ ᠤᠨ ᠭᠠᠳᠠᠭᠠᠳᠤ ᠲᠠᠢ ᠬᠠᠮᠲᠤᠷᠠᠨ ᠠᠵᠢᠯᠯᠠᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠬᠥᠳᠡᠭᠡ ᠠᠵᠤ ᠠᠬᠤᠢ᠂ ᠬᠥᠳᠡᠭᠡ ᠲᠣᠰᠭᠤᠨ ᠤ ᠠᠵᠤ ᠠᠬᠤᠢ᠂ ᠱᠢᠶᠠᠩ | ᠵᠡᠭᠡᠯᠢ ᠶᠢᠨ ᠠᠵᠤ ᠠᠬᠤᠢ ᠶᠢᠨ ᠬᠥᠭᠵᠢᠯᠲᠦ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ | ᠲᠥᠯᠥᠪᠯᠡᠭᠡ ᠶᠢ ᠰᠤᠳᠤᠯᠤᠨ ᠲᠣᠭᠲᠠᠭᠠᠬᠤ ᠬᠡᠷᠡᠭᠲᠡᠢ᠃ ᠪᠦᠬᠦ ᠲᠣᠭᠤᠷᠢᠭ ᠤᠨ ᠤᠰᠤᠨ ᠠᠰᠢᠭᠯᠠᠯᠲᠠ ᠶᠢᠨ | ᠬᠥᠭᠵᠢᠯᠲᠡ ᠶᠢᠨ ᠲᠥᠯᠦᠪᠵᠢᠭᠦᠯᠭᠡ᠂ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ᠂ ᠤᠷᠲᠤᠪᠲᠤᠷ ᠪᠠ | ᠤᠷᠲᠤ ᠬᠤᠭᠤᠴᠠᠭᠠᠨ ᠤ ᠲᠥᠯᠥᠪᠯᠡᠭᠡ ᠪᠣᠯᠣᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ | ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠲᠣᠭᠤᠷᠢᠭ ᠤᠨ ᠰᠠᠪᠠ ᠭᠠᠵᠠᠷ ᠤᠨ | ᠡᠬᠢ ᠪᠠᠶᠠᠯᠢᠭ᠂ ᠦᠶᠡᠷ ᠢ ᠰᠡᠷᠭᠡᠶᠢᠯᠡᠬᠦ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃ | | ︵ᠵᠢᠷᠭᠤᠭ᠎ᠠ︶ᠲᠠᠷᠢᠶᠠᠯᠠᠩ ᠤᠨ ᠰᠲ᠋ᠣᠺ᠃ ᠲᠠᠷᠢᠶᠠᠯᠠᠩ ᠪᠠ ᠬᠥᠳᠡᠭᠡ ᠲᠣᠰᠬᠤᠨ ᠤ ᠠᠵᠤ ᠠᠬᠤᠢ ᠶᠢᠨ | ᠠᠵᠢᠯ ᠤᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠣᠷᠣᠨ ᠤ ᠴᠢᠭᠯᠡᠯᠲᠡ᠂ ᠲᠥᠷᠥ ᠶᠢᠨ | ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠬᠦ ᠬᠡᠷᠡᠭᠲᠡᠢ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ ᠪᠠᠶᠢᠯᠳᠤᠬᠤ | ᠪᠣᠳᠣᠯᠭ᠎ᠠ ᠶᠢᠨ ᠠᠵᠢᠯ ᠢ ᠵᠣᠬᠢᠴᠠᠭᠤᠯᠤᠨ ᠬᠡᠷᠡᠭᠵᠢᠭᠦᠯᠵᠦ᠂ ᠬᠥᠳᠡᠭᠡ ᠲᠣᠰᠬᠤᠨ ᠤ ᠬᠠᠮᠢᠶ᠎ᠠ ᠪᠦᠬᠦᠢ ᠠᠵᠤ | ᠦᠢᠯᠡᠰ ᠤᠨ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠵᠦ ᠪᠠᠶᠢᠬᠤ ᠪᠠ ᠦᠢᠯᠡᠳᠪᠦᠷᠢᠯᠡᠭᠰᠡᠨ ᠤ ᠳᠠᠷᠠᠭ᠎ᠠ | ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠤᠨ ᠬᠥᠭᠵᠢᠯᠲᠡ ᠶᠢᠨ | ᠮᠡᠷᠭᠡᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ | ᠪᠠᠶᠢᠷᠢᠰᠢᠭᠤᠯᠤᠯᠲᠠ ᠶᠢᠨ ᠲᠣᠬᠢᠷᠠᠭᠤᠯᠤᠯᠲᠠ ᠵᠢᠴᠢ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠂ ᠲᠠᠷᠢᠮᠠᠯ ᠤᠨ ᠬᠦᠨᠳᠦ | ᠶᠡᠭᠡ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠠᠵᠢᠯ ᠢ ᠵᠢᠯᠤᠭᠤᠳᠴᠤ᠂ | ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠨ᠂ ᠲᠠᠷᠢᠶᠠᠯᠠᠩ ᠤᠨ ᠲᠤᠭ᠎ᠠ ᠪᠦᠷᠢᠳᠬᠡᠯ ᠤᠨ ᠠᠵᠢᠯ ᠢ | ᠬᠠᠷᠢᠭᠤᠴᠠᠨ᠎ᠠ᠃ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠤᠨ ᠮᠠᠰᠢᠨ ᠤ ᠠᠶᠤᠯ ᠦᠭᠡᠢ ᠶᠢᠨ ᠬᠢᠨᠠᠯᠲᠠ | ᠬᠠᠮᠢᠶᠠᠷᠤᠯᠲᠠ ᠶᠢ ᠵᠣᠬᠢᠶᠠᠨ ᠪᠠᠶᠢᠭᠤᠯᠬᠤ ᠬᠡᠷᠡᠭᠲᠡᠢ᠃ ᠬᠡᠷᠡᠭᠯᠡᠵᠦ ᠪᠠᠶᠢᠭ᠎ᠠ ᠣᠨᠴᠠ ᠲᠣᠭᠲᠠᠭᠰᠠᠨ ᠲᠥᠷᠥᠯ ᠵᠦᠢᠯ ᠤᠨ | ᠲᠠᠷᠢᠶᠠᠯᠠᠩ ᠤᠨ ᠮᠠᠰᠢᠨ ᠤ ᠦᠢᠯᠡᠳᠬᠦᠨ ᠳᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠤᠨ | ᠮᠠᠰᠢᠨ ᠢᠶᠠᠷ ᠠᠵᠢᠯᠯᠠᠬᠤ ᠠᠮᠤᠷ ᠲᠦᠪᠰᠢᠨ ᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ | ᠠᠶᠤᠯ ᠦᠭᠡᠢ ᠶᠢᠨ ᠬᠠᠮᠢᠶᠠᠷᠤᠯᠲᠠ᠂ ᠲᠤᠷᠰᠢᠯᠲᠠ ᠬᠢᠵᠦ ᠬᠢᠨᠠᠨ ᠲᠣᠭᠲᠠᠭᠠᠬᠤ ᠵᠡᠷᠭᠡ ᠠᠵᠢᠯ ᠢ ᠬᠠᠤᠯᠢ ᠶᠣᠰᠣᠭᠠᠷ | ᠬᠡᠷᠡᠭᠵᠢᠭᠦᠯᠬᠦ ᠬᠡᠷᠡᠭᠲᠡᠢ᠃ ᠲᠠᠷᠢᠶᠠᠯᠠᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠲᠠᠷᠢᠶᠠᠴᠢᠳ ᠢ ᠬᠥᠮᠥᠵᠢᠭᠦᠯᠬᠦ ᠪᠣᠯᠪᠠᠰᠤᠷᠠᠭᠤᠯᠤᠯ ᠤᠨ ᠠᠵᠢᠯ ᠢ ᠠᠬᠢᠭᠤᠯᠤᠨ᠎ᠠ᠃ ᠲᠠᠷᠢᠶᠠᠨ | ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠥᠷᠨᠢᠭᠦᠯᠬᠦ ᠳᠤ ᠣᠷᠣᠯᠴᠠᠨ᠎ᠠ᠃ ᠲᠠᠷᠢᠶᠠᠨ ᠭᠠᠵᠠᠷ ᠢ ᠴᠡᠭᠴᠡᠯᠡᠨ | ᠵᠠᠰᠠᠬᠤ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠠᠷᠢᠶᠠᠯᠠᠩ ᠤᠨ ᠶᠡᠷᠦᠩᠬᠡᠶᠢᠯᠡᠭᠰᠡᠨ | ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠵᠢᠴᠢ ᠲᠥᠷᠥᠯ ᠵᠦᠢᠯ᠂ ᠪᠡᠯᠡ ᠮᠥᠩᠭᠦ ᠪᠣᠯᠣᠨ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ᠃ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ | ᠬᠥᠭᠵᠢᠭᠦᠯᠬᠦ ᠲᠥᠯᠦᠪᠵᠢᠭᠦᠯᠭᠡ ᠬᠢᠭᠡᠳ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠢ ᠣᠷᠣᠭᠤᠯᠤᠨ ᠠᠪᠴᠢᠷᠠᠬᠤ᠂ ᠦᠷ᠎ᠡ | ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠲᠦᠯᠬᠢᠨ ᠠᠬᠢᠭᠤᠯᠬᠤ ᠠᠵᠢᠯ ᠢ ᠡᠭᠦᠷᠭᠡᠯᠡᠨ᠎ᠡ᠃ | | ︵ᠳᠤᠯᠤᠭ᠎ᠠ︶ᠮᠠᠯ ᠠᠵᠤ ᠠᠬᠤᠢ ᠮᠠᠯ ᠡᠮᠨ᠋ᠡᠯᠭᠡ ᠶᠢᠨ ᠲᠠᠰᠤᠭ᠃ ᠮᠠᠯ ᠵᠢᠭᠦᠷᠲᠡᠨ ᠤ ᠢᠯᠭᠠᠳᠠᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠵᠢᠯᠣᠭᠤᠳᠤᠨ᠎ᠠ᠃ ᠮᠠᠯ ᠵᠢᠭᠦᠷᠲᠡᠨ ᠨᠢᠲᠤᠯᠬᠤ ᠵᠢᠴᠢ ᠲᠦᠭᠦᠬᠡᠢ ᠰᠦ | ᠦᠢᠯᠡᠳᠪᠦᠷᠢᠯᠡᠬᠦ᠂ ᠬᠤᠳᠠᠯᠳᠤᠨ ᠠᠪᠬᠤ ᠵᠠᠩᠭᠢᠯᠠᠭ᠎ᠠ ᠶᠢᠨ ᠶᠠᠰᠤ ᠴᠢᠨᠠᠷ ᠤᠨ ᠠᠶᠤᠯ ᠦᠭᠡᠢ ᠬᠢᠭᠡᠳ ᠬᠠᠤᠯᠢ ᠠᠴᠠ | ᠵᠥᠷᠢᠴᠡᠨ ᠴᠠᠭᠠᠨ ᠢᠳᠡᠭᠡᠨ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠭᠰᠡᠨ ᠢᠶᠠᠷ ᠰᠡᠵᠢᠭᠯᠡᠭᠳᠡᠬᠦ ᠠᠯᠪᠠᠳᠠᠯᠭ᠎ᠠ ᠶᠢᠨ | ᠠᠷᠭ᠎ᠠ ᠬᠡᠮᠵᠢᠶ᠎ᠡ ᠶᠢ ᠬᠢᠨᠠᠨ ᠬᠠᠮᠢᠶᠠᠷᠤᠨ᠎ᠠ᠃ ᠮᠠᠯ ᠠᠵᠤ ᠠᠬᠤᠢ᠂ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ | ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠠᠵᠢᠯ ᠢ ᠬᠠᠷᠢᠭᠤᠴᠠᠨ᠎ᠠ᠃ | | ᠡᠪᠡᠰᠦ ᠪᠣᠷᠳᠣᠭᠠᠨ ᠤ ᠡᠬᠢ ᠪᠠᠶᠠᠯᠢᠭ ᠢ ᠬᠠᠮᠠᠭᠠᠯᠠᠬᠤ ᠵᠢᠴᠢ ᠵᠦᠢ ᠵᠣᠬᠢᠰᠲᠠᠢ ᠨᠡᠭᠡᠭᠡᠨ ᠠᠰᠢᠭᠯᠠᠬᠤ ᠠᠵᠢᠯ ᠢ | ᠬᠠᠷᠢᠭᠤᠴᠠᠨ᠎ᠠ᠃ ᠲᠡᠵᠢᠭᠡᠯ ᠡᠪᠡᠰᠦ ᠶᠢᠨ ᠦᠷ᠎ᠡ ᠪᠠ ᠮᠠᠯ ᠵᠢᠭᠦᠷᠲᠡᠨ ᠤ ᠰᠠᠶᠢᠨ ᠡᠭᠦᠯᠳᠡᠷ᠂ ᠢᠴᠡᠭᠡᠯ ᠦᠷ᠎ᠡ᠂ | ᠬᠦᠪᠦᠷᠡᠯ ᠤᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠠᠵᠢᠯ ᠢ ᠬᠠᠤᠯᠢ ᠶᠣᠰᠣᠭᠠᠷ | ᠥᠷᠨᠢᠭᠦᠯᠦᠨ᠎ᠡ᠃ ᠲᠡᠵᠢᠭᠡᠯ ᠡᠪᠡᠰᠦ ᠪᠣᠷᠳᠤᠭ᠎ᠠ᠂ ᠦᠷ᠎ᠡ ᠶᠢᠨ ᠡᠬᠢ ᠪᠠᠶᠠᠯᠢᠭ᠂ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ᠂ ᠠᠮᠢᠲᠠᠨ ᠤ ᠰᠢᠨ᠎ᠡ ᠡᠭᠦᠯᠳᠡᠷ ᠢ ᠬᠠᠮᠠᠭᠠᠯᠠᠬᠤ᠂ ᠬᠠᠮᠢᠶᠠᠷᠬᠤ ᠪᠠ ᠨᠡᠭᠡᠭᠡᠨ ᠠᠰᠢᠭᠯᠠᠬᠤ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠦᠷ᠎ᠡ ᠨᠥᠭᠡᠴᠡᠯᠡᠬᠦ ᠪᠠ | ᠰᠢᠯᠵᠢᠭᠦᠯᠦᠨ ᠥᠭᠬᠦ ᠠᠵᠢᠯ ᠢ ᠵᠣᠬᠢᠶᠠᠨ ᠪᠠᠶᠢᠭᠤᠯᠵᠤ᠃ ᠮᠠᠯ ᠡᠮᠨᠡᠯᠭᠡ ᠶᠢᠨ ᠶᠠᠪᠤᠳᠠᠯ᠂ ᠡᠮ ᠤᠨ ᠶᠠᠪᠤᠳᠠᠯ ᠤᠨ ᠠᠵᠢᠯ | ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠮᠠᠯ ᠤᠨ ᠡᠮᠤᠨ ᠠᠵᠢᠯ ᠲᠥᠷᠥᠯ ᠤᠨ ᠠᠶᠤᠯᠭᠦᠢ | ᠦᠢᠯᠡᠳᠪᠦᠷᠢᠯᠡᠯ ᠢ ᠵᠢᠯᠣᠭᠤᠳᠤᠨ᠎ᠠ᠃ ᠪᠦᠬᠦ ᠲᠣᠭᠤᠷᠢᠭ ᠤᠨᠠᠮᠢᠲᠠᠨᠤ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ᠂ ᠮᠠᠯ | ᠡᠮᠨᠡᠯᠭᠡ ᠶᠢᠨ ᠠᠮᠢᠳᠤ ᠪᠣᠳᠠᠰ ᠤᠨ ᠠᠮᠤᠷ ᠲᠦᠪᠰᠢᠨ᠂ ᠠᠮᠢᠲᠠᠨ ᠤ ᠡᠷᠡᠭᠦᠯ ᠬᠠᠮᠠᠭᠠᠯᠠᠯ ᠤᠨ ᠲᠦᠭᠰᠢᠭᠦᠷᠢ ᠪᠣᠯᠣᠨ | ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠮᠠᠯ ᠡᠮᠨᠡᠯᠭᠡ ᠶᠢᠨ | ᠬᠠᠮᠢᠶᠠᠷᠤᠯᠲᠠ ᠶᠢᠨ ᠰᠢᠰᠲ᠋ᠧᠮ ᠪᠣᠯᠣᠨ ᠡᠩᠨᠡᠭᠡᠨ ᠤ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ | ᠲᠣᠭᠲᠠᠭᠠᠨ᠎ᠠ᠃ ᠠᠯᠪᠠᠨ ᠤ ᠮᠠᠯ ᠤᠨ ᠡᠮᠴᠢ᠂ ᠠᠵᠢᠯ ᠡᠷᠬᠢᠯᠡᠬᠦ ᠮᠠᠯ ᠤᠨ ᠡᠮᠴᠢ᠂ ᠬᠥᠳᠡᠭᠡ ᠲᠣᠰᠬᠤᠨ ᠤ ᠮᠠᠯ ᠤᠨ | ᠡᠮᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠮᠠᠯ ᠵᠢᠭᠦᠷᠲᠡᠨ ᠤ ᠴᠢᠭ ᠲᠣᠭᠲᠠᠭᠠᠨ ᠨᠢᠲᠤᠯᠬᠤ ᠵᠡᠷᠭᠡ | ᠠᠵᠢᠯ ᠢ ᠬᠠᠷᠢᠭᠤᠴᠠᠨ᠎ᠠ᠃ | | ︵ᠨᠠᠢᠮᠠ︶ᠢᠳᠡᠰᠢᠨ ᠨᠣᠭᠤᠭ᠎ᠠ ᠵᠢᠭᠠᠰᠤᠨ ᠤ ᠦᠢᠯᠡᠰ ᠤᠨ ᠰᠲ᠋ᠣᠺ᠃ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠲᠠ ᠪᠠ ᠲᠣᠭᠤᠷᠢᠭ ᠤᠨ ᠢᠳᠡᠰᠢᠨ ᠨᠣᠭᠤᠭ᠎ᠠ ᠶᠢᠨ ᠦᠢᠯᠡᠰ᠂ ᠵᠢᠭᠠᠰᠤᠨ ᠠᠵᠤ ᠠᠬᠤᠢ ᠶᠢᠨ ᠠᠵᠢᠯ ᠤᠨ ᠲᠤᠬᠠᠢ | ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠢᠳᠡᠰᠢᠨ ᠨᠣᠭᠤᠭ᠎ᠠ᠂ ᠵᠢᠭᠠᠰᠤᠨ ᠤ ᠠᠵᠤ ᠦᠢᠯᠡᠰ ᠤᠨ | ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠤᠮᠳᠠ᠂ ᠦᠢᠯᠡᠳᠪᠦᠷᠢᠯᠡᠭᠰᠡᠨ ᠤ ᠳᠠᠷᠠᠭᠠᠬᠢ ᠨᠢᠭᠡ | ᠴᠣᠭᠴᠠᠵᠢᠭᠰᠠᠨ ᠬᠥᠭᠵᠢᠯᠲᠡ ᠶᠢ ᠵᠢᠯᠣᠭᠤᠳᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠮᠡᠷᠭᠡᠵᠢᠯ ᠤᠨ | ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠪᠡᠯᠡᠳᠭᠡᠮᠵᠢᠳᠤ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢ ᠵᠢᠯᠣᠭᠤᠳᠤᠨ᠎ᠠ᠃ ᠰᠠᠶᠢᠬᠠᠨ ᠲᠣᠭᠤᠷᠢᠭ ᠤᠨ ᠢᠳᠡᠰᠢᠨ ᠨᠣᠭᠤᠭ᠎ᠠ᠂ ᠤᠰᠤᠨ ᠭᠠᠷᠤᠯᠲᠠ ᠶᠢᠨ | ᠲᠥᠷᠥᠯ ᠵᠦᠢᠯ ᠢ ᠣᠷᠣᠭᠤᠯᠤᠨ ᠠᠪᠴᠢᠷᠠᠬᠤ᠂ ᠰᠢᠯᠵᠢᠭᠦᠯᠦᠨ ᠭᠠᠷᠭᠠᠬᠤ᠂ ᠪᠣᠶᠢᠵᠢᠭᠤᠯᠬᠤ ᠪᠠ ᠳᠡᠯᠭᠡᠷᠡᠭᠦᠯᠬᠦ | ᠠᠵᠢᠯ ᠳᠤ ᠬᠢᠨᠠᠯᠲᠠ ᠲᠠᠯᠪᠢᠵᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | | ︵ᠶᠢᠰᠦ︶ᠤᠰᠤᠨ ᠠᠰᠢᠭᠯᠠᠯᠲᠠ ᠤᠰᠤ ᠬᠠᠳᠠᠭᠠᠯᠠᠬᠤ ᠲᠠᠰᠤᠭ᠃ ᠤᠰᠤᠨ ᠤ ᠡᠬᠢ ᠪᠠᠶᠠᠯᠢᠭ ᠤᠨ | ᠲᠥᠯᠦᠪᠵᠢᠭᠦᠯᠭᠡ᠂ ᠬᠠᠮᠢᠶᠠᠷᠤᠯᠲᠠ ᠪᠣᠯᠣᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠨ ᠪᠥᠭᠡᠳ ᠳᠠᠭᠠᠭᠠᠨ | ᠭᠦᠢᠴᠡᠳᠬᠡᠨ᠎ᠡ᠃ | | ︵ᠠᠷᠪᠠ︶ᠭᠤᠣᠯ ᠨᠠᠭᠤᠷ ᠤᠨ ᠰᠲ᠋ᠣᠺ᠃ ᠭᠤᠣᠯ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠡᠳᠦᠷ | ᠲᠤᠲᠤᠮ ᠤᠨ ᠠᠵᠢᠯ ᠢ ᠬᠠᠷᠢᠭᠤᠴᠠᠨ᠎ᠠ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠵᠣᠬᠢᠴᠠᠭᠤᠯᠬᠤ᠂ | ᠲᠣᠬᠢᠷᠠᠭᠤᠯᠬᠤ᠂ ᠬᠢᠨᠠᠨ ᠵᠢᠯᠤᠭᠤᠳᠬᠤ ᠪᠠ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠤᠰᠤᠨ ᠤ ᠴᠢᠳᠠᠮᠵᠢ ᠶᠢᠨ | ᠣᠷᠣᠨ ᠪᠦᠰᠡ ᠶᠢ ᠬᠤᠪᠢᠶᠠᠷᠢᠯᠠᠬᠤ ᠪᠠ ᠤᠤᠭᠤᠬᠤ ᠤᠰᠤᠨ ᠤ ᠣᠷᠣᠨ ᠵᠡᠷᠭᠡ ᠤᠰᠤᠨ ᠣᠷᠣᠨ ᠤ ᠪᠣᠬᠢᠷᠲᠤᠯ | ᠭᠠᠳᠠᠭᠰᠢᠯᠠᠭᠤᠯᠬᠤ ᠶᠢ ᠬᠢᠵᠠᠭᠠᠷᠯᠠᠬᠤ ᠶᠢ ᠵᠣᠬᠢᠶᠠᠨ ᠪᠠᠶᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ | ᠤᠰᠤᠨ ᠤ ᠴᠢᠨᠠᠷ ᠢ ᠬᠢᠨᠠᠨ ᠬᠡᠮᠵᠢᠵᠦ᠂ ᠤᠰᠤᠨ ᠣᠷᠣᠨ ᠤ ᠪᠣᠬᠢᠷ ᠪᠣᠳᠠᠰ ᠬᠦᠯᠢᠶᠡᠨ ᠠᠪᠬᠤ ᠴᠢᠳᠠᠪᠤᠷᠢ ᠶᠢ ᠬᠢᠨᠠᠨ | ᠬᠠᠷᠭᠤᠭᠤᠯᠵᠤ᠂ ᠪᠣᠬᠢᠷᠲᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠰᠠᠨᠠᠯ ᠳᠤᠷᠠᠳᠬᠤ ᠬᠡᠷᠡᠭᠲᠡᠢ᠃ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠯᠤᠭ᠎ᠠ ᠬᠠᠮᠵᠢᠯᠴᠠᠨ ᠳᠦᠷᠢᠮ ᠲᠣᠭᠲᠠᠭᠠᠯ ᠠᠴᠠ | ᠵᠥᠷᠢᠴᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ | ᠬᠢᠬᠦ ᠬᠡᠷᠡᠭᠲᠡᠢ᠃ ᠭᠤᠣᠯ ᠤᠨ ᠵᠠᠮ ᠵᠢᠴᠢ ᠲᠥᠬᠦᠭᠡᠷᠦᠮᠵᠢ ᠶᠢ ᠬᠠᠮᠢᠶᠠᠷᠬᠤ ᠪᠠ ᠬᠠᠮᠠᠭᠠᠯᠠᠬᠤ ᠶᠢ ᠬᠠᠷᠢᠭᠤᠴᠠᠬᠤ ᠶᠢᠨ | ᠬᠠᠮᠲᠤ ᠭᠤᠣᠯ ᠤᠨ ᠵᠠᠮ ᠤᠨ ᠡᠳᠦᠷ ᠲᠤᠲᠤᠮ ᠤᠨ ᠬᠠᠮᠠᠭᠠᠯᠠᠯᠲᠠ ᠪᠠ ᠴᠡᠭᠴᠡᠯᠡᠨ ᠵᠠᠰᠠᠬᠤ ᠢᠨᠵᠧᠨᠧᠷᠢᠩ ᠢ ᠵᠣᠬᠢᠶᠠᠨ | ᠪᠠᠶᠢᠭᠤᠯᠬᠤ ᠪᠠ ᠵᠢᠯᠣᠭᠤᠳᠤᠨ ᠬᠡᠷᠡᠭᠵᠢᠭᠦᠯᠬᠦ ᠶᠢ ᠬᠠᠷᠢᠭᠤᠴᠠᠨ᠎ᠠ | | ︵ᠠᠷᠪᠠᠨ ᠨᠢᠭᠡ︶ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠠᠰᠤᠭ᠃ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠬᠠᠢ ᠴᠢᠭᠯᠡᠯᠲᠡ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠬᠡᠷᠡᠭᠵᠢᠭᠦᠯᠦᠨ᠎ᠡ᠃ ᠪᠦᠬᠦ ᠲᠣᠭᠤᠷᠢᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠳᠠᠩᠰᠠ ᠡᠪᠬᠡᠮᠡᠯ | ᠪᠠᠶᠢᠭᠤᠯᠤᠨ ᠺᠠᠷᠲ ᠵᠣᠬᠢᠶᠠᠬᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠬᠢᠨᠠᠨ | ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠬᠥᠳᠡᠭᠡ ᠲᠣᠰᠬᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ | ᠵᠢᠯᠣᠭᠤᠳᠤᠨ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤ ᠰᠢᠮᠳᠠᠭᠤᠯᠤᠨ ᠪᠠᠶᠢᠴᠠᠭᠠᠬᠤ ᠪᠠ ᠰᠢᠯᠭᠠᠨ | ᠬᠢᠨᠠᠬᠤ ᠠᠵᠢᠯ ᠢ ᠰᠠᠶᠢᠲᠤᠷ ᠬᠢᠨ᠎ᠡ᠃ | | ︵ᠠᠷᠪᠠᠨ ᠬᠤᠶᠠᠷ︶ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢᠨ ᠲᠠᠰᠤᠭ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ | ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ | ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠰᠢᠰᠲ᠋ᠧᠮᠵᠢ ᠪᠣᠯᠣᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ᠂ ᠬᠢᠨᠠᠨ ᠬᠡᠮᠵᠢᠬᠦ᠂ ᠮᠥᠷᠳᠡᠬᠦ᠂ ᠲᠦᠭᠰᠢᠭᠦᠷᠢ ᠶᠢ | ᠦᠨᠡᠯᠡᠨ ᠵᠢᠱᠢᠬᠦ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | | ︵ᠠᠷᠪᠠᠨ ᠭᠤᠷᠪᠠ︶ᠬᠥᠳᠡᠭᠡ ᠲᠤᠰᠬᠤᠨ ᠤ ᠨᠡᠶᠢᠭᠡᠮ ᠤᠨ ᠦᠶ᠋ᠯᠡᠰ ᠢ ᠠᠬᠢᠭᠤᠯᠬᠤ ᠲᠠᠰᠤᠭ᠃ ᠬᠥᠳᠡᠭᠡ | ᠲᠤᠰᠬᠤᠨ ᠤ ᠠᠵᠤ ᠦᠢᠯᠡᠰ ᠤᠨ ᠬᠥᠭᠵᠢᠯᠲᠡ ᠶᠢ ᠵᠣᠬᠢᠶᠠᠨ ᠪᠠᠶᠢᠭᠤᠯᠵᠤ ᠵᠣᠬᠢᠴᠠᠭᠤᠯᠬᠤ ᠬᠡᠷᠡᠭᠲᠡᠢ᠃ ᠬᠥᠳᠡᠭᠡ | ᠲᠣᠰᠬᠤᠨ ᠤ ᠵᠢᠭᠤᠯᠴᠢᠯᠠᠯ᠂ ᠣᠨᠴᠠᠯᠢᠭᠲᠤ ᠠᠵᠤ ᠦᠢᠯᠡᠰ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠢ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ ᠪᠣᠯᠣᠨ ᠰᠢᠶᠠᠩ ᠵᠡᠭᠡᠯᠢ | ᠭᠤᠳᠤᠮᠵᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ | ᠡᠵᠡᠩᠨᠡᠯᠲᠡ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠲᠠᠷᠢᠶᠠᠯᠠᠩ ᠮᠠᠯ | ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢᠨ ᠪᠠᠶᠢᠭᠤᠯᠤᠯᠲᠠ ᠶᠢᠨ | ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠢᠯ ᠢ | ᠵᠢᠯᠣᠭᠤᠳᠤᠨ ᠥᠷᠨᠢᠭᠦᠯᠦᠨ᠎ᠡ᠃ ᠠᠶᠢᠯ ᠲᠣᠰᠬᠤᠨ ᠢ ᠴᠡᠭᠴᠡᠯᠡᠨ ᠵᠠᠰᠠᠬᠤ᠂ ᠲᠣᠰᠬᠤᠨ ᠤ ᠳᠦᠷᠰᠦ ᠪᠠᠶᠢᠳᠠᠯ ᠢ | ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠯᠡᠨ ᠵᠢᠯᠤᠭᠤᠳᠴᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠨᠥᠬᠦᠴᠡᠯ ᠢ ᠰᠠᠶᠢᠵᠢᠷᠠᠭᠤᠯᠤᠨ᠎ᠠ᠃ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠤᠨ ᠬᠥᠭᠵᠢᠯᠲᠡ᠂ ᠤᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠣᠯᠣᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠪᠣᠯᠣᠨ ᠰᠢᠯᠢᠳᠡᠭ ᠲᠠᠷᠢᠶᠠᠯᠠᠬᠤ | ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ | | ︵ᠠᠷᠪᠠᠨ ᠳᠥᠷᠪᠡᠳᠦᠭᠡᠷ︶ᠬᠥᠳᠡᠭᠡ ᠲᠤᠰᠬᠤᠨ ᠤ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠲᠠᠰᠤᠭ᠃ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ | ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠪᠠ ︽ᠨᠢᠭᠡ ᠶᠠᠪᠤᠳᠠᠯ ᠢ ᠨᠢᠭᠡ ᠵᠥᠪᠯᠡᠬᠦ︾ ᠪᠡᠯᠡ ᠴᠤᠭᠯᠠᠭᠤᠯᠵᠤ | ᠬᠥᠳᠡᠯᠮᠦᠷᠢ ᠬᠦᠴᠦ ᠭᠠᠷᠭᠠᠯᠭᠠᠬᠤ ᠬᠠᠮᠢᠶᠠᠷᠤᠯᠲᠠ ᠳᠤ ᠬᠢᠨᠠᠯᠲᠠ ᠲᠠᠯᠪᠢᠨ᠎ᠠ᠃ ᠬᠥᠳᠡᠭᠡ ᠲᠣᠰᠬᠤᠨ ᠤ ᠬᠠᠮᠲᠤ ᠶᠢᠨ | ᠡᠳ᠋ ᠬᠥᠷᠥᠩᠭᠡ ᠪᠠ ᠡᠳ᠋ ᠤᠨ ᠶᠠᠪᠤᠳᠠᠯ ᠤᠨ ᠬᠠᠮᠢᠶᠠᠷᠤᠯᠲᠠ᠂ ᠲᠠᠷᠢᠶᠠᠴᠢᠳ ᠤᠨ ᠬᠤᠷᠰᠢᠭᠰᠠᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠪᠠ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠥᠳᠡᠭᠡ ᠲᠣᠰᠬᠤᠨ ᠤ ᠵᠢᠭᠤᠷᠠᠯᠳᠤᠭᠠᠨ ᠢ ᠬᠥᠨᠳᠡᠯᠡᠨ ᠠᠴᠠ | ᠲᠠᠰᠤᠯᠬᠤ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ | | ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ ᠡᠮᠦᠨ᠎ᠡ ᠵᠠᠮ ᠤᠨ 270 ᠳ᠋ᠤᠭᠠᠷ ᠨᠣᠮᠧᠷ᠃ | | ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00-12᠄ 0014᠄ 30-18᠄ 00 (ᠬᠠᠤᠯᠢ ᠳᠤ | ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ) | | ᠬᠠᠷᠢᠯᠴᠠᠬᠤ ᠬᠡᠯᠪᠡᠷᠢ᠄ 0471-3396216 | | ᠬᠠᠷᠢᠭᠤᠴᠠᠯᠭᠠᠲᠠᠨ᠄ ᠴᠧᠨ ᠴᠦ | ᠬᠠᠶ᠋ᠢᠭ᠄ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ | ᠲᠣᠪᠴᠢᠶ᠎ᠠ ᠶᠢᠨ 303 ᠥᠷᠥᠭᠡ ︵ᠬᠥᠯᠥᠨ ᠡᠮᠦᠨ᠎ᠡ ᠵᠠᠮ ᠤᠨ 270 ᠳ᠋ᠤᠭᠠᠷ ᠲᠣᠭᠠᠲᠤ︶ ᠶᠢᠨ ᠬᠠᠷᠢᠯᠴᠠᠬᠤ | ᠤᠲᠠᠰᠤ᠄ 0471 - 3396216 ᠳ᠋ᠤᠭᠠᠷ ᠠᠵᠢᠯ ᠤᠨ ᠴᠠᠭ᠄ ᠦᠳᠡ ᠶᠢᠨ ᠡᠮᠦᠨ᠎ᠡ 9᠄ 00 - 12᠄ 00᠂ | ᠦᠳᠡ ᠶᠢᠨ ᠬᠤᠶᠢᠨ᠎ᠠ 1᠄ 30 - 5᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |