ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/7
ᠪᠠᠶᠢᠭᠤᠯᠤᠮᠵᠢ ᠶᠢᠨ ᠡᠭᠦᠷᠭᠡ ᠴᠢᠳᠠᠪᠤᠷᠢ          ᠨᠢᠭᠡ᠂ ᠭᠤᠣᠯ ᠡᠭᠦᠷᠭᠡ ᠬᠠᠷᠢᠭᠤᠴᠠᠯᠭ᠎ᠠ        ︵ᠨᠢᠭᠡ︶ᠲᠣᠭᠤᠷᠢᠭ ᠤᠨ ᠲᠣᠰ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ᠂ ᠵᠠᠰᠠᠭ ᠵᠠᠬᠢᠷᠭᠠᠨ ᠤ ᠬᠠᠷᠢᠴᠠᠭ᠎ᠠ᠂ ᠬᠠᠩᠭᠠᠯᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠲᠤᠰᠢᠶᠠᠬᠤ ᠪᠠ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠠᠵᠢᠯ ᠢ ᠬᠠᠮᠵᠢᠨ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ ᠤᠨ ᠭᠡᠰᠢᠭᠦᠨ ᠤ ᠬᠥᠮᠦᠵᠢᠯ ᠤᠨ ᠦᠢᠯᠡᠴᠢᠯᠡᠭᠡᠨ ᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃          ︵ᠬᠤᠶᠠᠷ︶ᠴᠡᠷᠢᠭ ᠠᠴᠠ ᠬᠠᠯᠠᠭᠳᠠᠭᠰᠠᠳ ᠲᠤ ᠨᠢᠭᠤᠷᠲᠠᠨ ᠠᠭᠤᠯᠵᠠᠬᠤ᠂ ᠥᠪᠡᠷᠮᠢᠴᠡᠴᠢᠯᠡᠬᠦ᠂ ᠨᠢᠭᠡ ᠳᠤ ᠨᠢᠭᠡ ᠶᠢᠨ ᠦᠢᠯᠡᠴᠢᠯᠡᠭᠡ ᠬᠠᠩᠭᠠᠵᠤ᠂ ᠬᠠᠷᠢᠴᠠᠭ᠎ᠠ ᠶᠢ ᠨᠢ ᠰᠢᠯᠵᠢᠭᠦᠯᠦᠨ ᠬᠦᠯᠢᠶᠡᠨ ᠠᠪᠬᠤ᠂ ᠬᠤᠯᠪᠣᠭ᠎ᠠ ᠠᠪᠴᠤ ᠵᠣᠴᠢᠯᠠᠬᠤ ᠵᠡᠷᠭᠡ ᠠᠵᠢᠯ ᠢ ᠡᠭᠦᠷᠭᠡᠯᠡᠨ᠎ᠡ᠃        ︵ᠭᠤᠷᠪᠠ︶ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠥᠭᠬᠦ᠂ ᠡᠷᠬᠡ ᠠᠰᠢᠭ ᠤᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠦᠢᠯᠡᠴᠢᠯᠡᠭᠡ ᠬᠢᠬᠦ᠂ ᠰᠡᠳᠬᠢᠴᠡ ᠶᠢᠨ ᠵᠢᠯᠣᠭᠤᠳᠤᠯᠭ᠎ᠠ ᠬᠢᠬᠦ ᠵᠡᠷᠭᠡ ᠠᠵᠢᠯ ᠢ ᠬᠠᠪᠰᠤᠷᠤᠨ ᠰᠠᠶᠢᠲᠤᠷ ᠬᠢᠬᠦ ᠬᠡᠷᠡᠭᠲᠡᠢ᠃          ︵ᠳᠥᠷᠪᠡ︶ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠪᠠ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠬᠠᠩᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠠᠵᠢᠯ  ᠢ ᠬᠠᠮᠵᠢᠯᠴᠠᠨ ᠥᠷᠨᠢᠭᠦᠯᠦᠨ᠎ᠡ᠃ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠴᠡᠷᠢᠭ ᠢ ᠳᠠᠭᠠᠵᠤ ᠪᠠᠶᠢᠭ᠎ᠠ ᠭᠡᠷ ᠪᠦᠯᠢ ᠶᠢᠨ ᠬᠢᠨ ᠤ ᠠᠵᠢᠯᠲᠠᠨ ᠡᠯᠰᠡᠬᠦ ᠬᠤᠷᠠᠯ᠂ ᠲᠠᠨᠢᠯᠴᠠᠭᠤᠯᠬᠤ ᠬᠤᠷᠠᠯ᠂ ᠠᠵᠢᠯ ᠣᠯᠭᠤᠯᠲᠠ ᠶᠢᠨ ᠶᠠᠷᠢᠶᠠᠨ ᠤ ᠲᠠᠪᠴᠠᠩ ᠵᠡᠷᠭᠡ ᠶᠢ ᠳᠠᠭᠠᠭᠠᠨ ᠡᠷᠬᠢᠯᠡᠨ᠎ᠡ᠃          ︵ᠲᠠᠪᠤ︶ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ᠂ ᠪᠠᠭ᠎ᠠ ᠣᠹᠢᠼᠧᠷ ᠪᠣᠯᠣᠨ ᠴᠡᠷᠢᠭ ᠢ ᠳᠠᠭᠠᠬᠤ᠂ ᠭᠡᠷ ᠪᠦᠯᠢ ᠶᠢ ᠨᠢ ᠰᠢᠯᠵᠢᠭᠦᠯᠦᠨ ᠥᠭᠬᠦ ᠣᠨ ᠤ ᠲᠥᠪᠬᠢᠨᠡᠭᠦᠯᠬᠦ ᠲᠥᠯᠥᠪᠯᠡᠭᠡ ᠶᠢ ᠬᠠᠪᠰᠤᠷᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃          ︵ᠵᠢᠷᠭᠤᠭ᠎ᠠ︶ᠬᠥᠬᠡᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠬᠤᠶᠠᠷ᠂ ᠳᠣᠲᠣᠭᠠᠳᠤ ᠶᠢᠨ ᠪᠠᠶᠢᠭᠤᠯᠤᠮᠵᠢ            ︵ᠨᠢᠭᠡ︶ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ          ᠡᠯ᠎ᠡ ᠲᠥᠷᠥᠯ ᠤᠨ ᠭᠤᠣᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠨᠥᠬᠦᠪᠦᠷᠢ ᠪᠠ ᠨᠤᠲᠤᠭ ᠲᠤ ᠪᠠᠨ ᠪᠠᠶᠢᠭ᠎ᠠ ᠠᠬᠠᠮᠠᠳ ᠪᠠᠶᠢᠯᠳᠤᠭᠴᠢᠳ ᠤᠨ ᠪᠡᠯᠪᠡᠰᠦᠨ ᠡᠬᠡᠨᠡᠷ᠂ ᠬᠠᠨᠢ ᠨᠥᠬᠦᠷ ᠨᠢ ᠲᠣᠭᠲᠠᠮᠠᠯ ᠬᠤᠭᠤᠴᠠᠭ᠎ᠠ ᠲᠠᠢ ᠠᠮᠢᠳᠤᠷᠠᠯ ᠤᠨ ᠨᠥᠬᠦᠪᠦᠷᠢ ᠪᠠ ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠠᠵᠢᠯᠲᠠᠨ ᠤ ᠨᠥᠬᠦᠪᠦᠷᠢ ᠥᠭᠬᠦ ᠶᠢ ᠰᠠᠶᠢᠲᠤᠷ ᠬᠢᠬᠦ ᠬᠡᠷᠡᠭᠲᠡᠢ᠃ ᠵᠢᠯ ᠪᠦᠷᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠨᠡᠷ᠎ᠡ ᠮᠡᠳᠡᠭᠦᠯᠬᠦ ᠠᠵᠢᠯ ᠢ ᠪᠡᠶᠡᠯᠡᠭᠦᠯᠬᠦ ᠬᠡᠷᠡᠭᠲᠡᠢ᠃ ᠣᠨ ᠤ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ᠢ ᠬᠢᠨᠠᠨ ᠪᠠᠶᠢᠴᠠᠭᠠᠬᠤ ᠡᠭᠦᠷᠭᠡ ᠪᠠ ᠬᠠᠷᠠᠭᠠᠯᠵᠠᠬᠤ ᠡᠲᠡᠭᠡᠳ ᠤᠨ ᠮᠠᠲ᠋ᠧᠷᠢᠶᠠᠯ ᠢ ᠲᠡᠭᠦᠯᠳᠡᠷᠵᠢᠭᠦᠯᠬᠦ ᠬᠡᠷᠡᠭᠲᠡᠢ᠃ ᠪᠦᠬᠦᠯᠢ 60 ᠨᠠᠰᠤᠨ ᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠲᠤ ᠲᠣᠭᠲᠠᠮᠠᠯ ᠬᠤᠭᠤᠴᠠᠭ᠎ᠠ ᠲᠠᠢ ᠪᠠᠷ ᠨᠥᠬᠦᠪᠦᠷᠢ ᠥᠭᠬᠦ ᠶᠢ ᠬᠢᠨᠠᠨ ᠵᠥᠪᠰᠢᠶᠡᠷᠡᠵᠦ ᠳᠡᠭᠡᠭᠰᠢ ᠮᠡᠳᠡᠭᠦᠯᠬᠦ ᠠᠵᠢᠯ ᠵᠢᠴᠢ ᠪᠤᠰᠤᠳ ᠬᠠᠷᠠᠭᠠᠯᠵᠠᠬᠤ ᠡᠲᠡᠭᠡᠳ ᠢ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ ᠠᠵᠢᠯ ᠢ ᠪᠡᠶᠡᠯᠡᠭᠦᠯᠬᠦ ᠬᠡᠷᠡᠭᠲᠡᠢ᠃          ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ 912          ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-14᠄ 00-17᠄ 00 ︵ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠤᠲᠠᠰᠤ᠄ 0471-5988658          ᠬᠠᠷᠢᠭᠤᠴᠠᠯᠭ᠎ᠠ ᠡᠭᠦᠷᠭᠡᠯᠡᠭᠴᠢ᠄ ᠰᠢᠤᠸᠠᠢ ᠵᠢᠶᠦ᠋ᠨ      ︵ᠬᠤᠶᠠᠷ︶ᠶᠡᠷᠦᠩᠬᠡᠢ ᠠᠯᠪᠠᠨ ᠭᠡᠷ          ᠶᠡᠷᠦᠩᠬᠡᠶᠢᠯᠡᠭᠰᠡᠨ ᠠᠯᠪᠠᠨ ᠭᠡᠷ ᠤᠨ ᠪᠠᠶᠢᠭᠤᠯᠭ᠎ᠠ ᠶᠢᠨ ᠳᠣᠲᠣᠭᠠᠳᠤ ᠶᠢᠨ ᠪᠠᠶᠢᠭᠤᠯᠤᠯᠲᠠ ᠪᠠ ᠰᠤᠷᠲᠠᠯ ᠤᠨ ᠪᠠᠶᠢᠭᠤᠯᠤᠯᠲᠠ ᠶᠢ ᠴᠢᠩᠬᠠᠳᠬᠠᠨ᠎ᠠ᠃ ᠪᠦᠬᠦ ᠲᠠᠯ᠎ᠠ ᠶᠢᠨ ᠰᠤᠷᠤᠯᠴᠠᠯᠭ᠎ᠠ ᠶᠢ ᠰᠠᠶᠢᠲᠤᠷ ᠵᠣᠬᠢᠶᠠᠨ ᠪᠠᠶᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠤᠷᠲᠠᠯ ᠤᠨ ᠪᠠᠶᠢᠭᠤᠯᠤᠯᠲᠠ ᠪᠠ ᠬᠦᠴᠦᠨ ᠴᠢᠳᠠᠪᠤᠷᠢ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠸᠢᠴᠠᠲ ᠤᠨ ᠲᠠᠪᠴᠠᠩ ᠢ ᠰᠠᠶᠢᠲᠤᠷ ᠬᠡᠷᠡᠭᠯᠡᠵᠦ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠃ ᠨᠠᠮ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠴᠢᠩᠭᠠᠳᠬᠠᠵᠤ᠃          ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ 909          ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-14᠄ 00-17᠄ 00 ︵ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠯᠴᠠᠬᠤ ᠬᠡᠯᠪᠡᠷᠢ᠄ 0471-5988618          ᠬᠠᠷᠢᠭᠤᠴᠠᠯᠭ᠎ᠠ ᠡᠭᠦᠷᠭᠡᠯᠡᠭᠴᠢ᠄ ᠳ᠋ᠧᠦ ᡁᠢ ᠴᠢᠶᠠᠩ      ︵ᠭᠤᠷᠪᠠ︶ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ          ᠴᠡᠷᠢᠭ ᠤᠨ ᠠᠯᠪᠠ ᠠᠴᠠ ᠬᠠᠯᠠᠭᠳᠠᠭᠰᠠᠨ ᠬᠡᠰᠡᠭ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠨᠢᠭᠡᠴᠡ ᠶᠢᠨ ᠰᠦᠢᠳᠬᠡᠯ ᠲᠤᠰᠢᠶᠠᠬᠤ ᠴᠢᠳᠠᠪᠤᠷᠢ ᠶᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠵᠦ᠂ ᠰᠦᠢᠳᠬᠡᠯ ᠲᠤᠰᠢᠶᠠᠬᠤ ᠨᠢᠭᠡᠴᠢ ᠶᠢᠨ ᠴᠢᠳᠠᠪᠤᠷᠢ ᠶᠢ ᠮᠠᠭᠠᠳᠯᠠᠨ ᠲᠣᠭᠲᠠᠭᠠᠭᠰᠠᠨ ᠪᠢᠴᠢᠭ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠵᠢᠴᠢ ᠳᠠᠷᠤᠮᠠᠯᠯᠠᠵᠤ ᠭᠦᠢᠴᠡᠳᠬᠡᠬᠦ ᠭᠤᠭᠴᠤᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠤ ᠴᠡᠷᠢᠭ ᠦᠨ ᠠᠯᠪᠠᠨ ᠠᠴᠠ ᠪᠠᠭᠤᠭᠰᠠᠨ ᠬᠦᠴᠢᠷᠳᠡᠯᠲᠡᠢ ᠪᠠᠶᠢᠯᠳᠤᠭᠴᠢᠳ ᠢ ᠰᠠᠶᠢᠲᠤᠷ ᠲᠣᠬᠤᠨᠢᠭᠤᠯᠬᠤ᠃ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠤᠷᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ᠂ ᠴᠡᠷᠢᠭ ᠤᠨ ᠠᠯᠪᠠ ᠬᠠᠭᠠᠵᠤ ᠪᠠᠶᠢᠭ᠎ᠠ ᠴᠡᠷᠢᠭ ᠤᠨ ᠭᠡᠷ ᠪᠦᠯᠢ ᠶᠢᠨ ᠬᠢᠨ ᠤ ᠮᠡᠳᠡᠭᠡ ᠵᠠᠩᠭᠢ ᠴᠤᠭᠯᠠᠭᠤᠯᠬᠤ᠂ ᠢᠷᠠᠭᠤ ᠠᠯᠳᠠᠷ ᠤᠨ ᠫᠠᠶᠢᠰᠠ ᠡᠯᠭᠦᠬᠦ᠂ ᠪᠦᠷᠢᠳᠬᠡᠵᠦ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢ ᠲᠣᠭᠲᠠᠭᠤᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯᠲᠠᠨ ᠤ ᠰᠣᠷᠪᠤᠯᠵᠢᠯᠠᠭ᠎ᠠ ᠶᠢ ᠬᠦᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃          ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ 319          ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-14᠄ 00-17᠄ 00 ︵ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠯᠴᠠᠬᠤ ᠬᠡᠯᠪᠡᠷᠢ᠄ 0471-3910383          ᠬᠠᠷᠢᠭᠤᠴᠠᠯᠭᠠᠲᠠᠨ᠄ ᠶᠠᠩ ᠰᠢ      ︵ᠳᠥᠷᠪᠡ︶ᠬᠤᠶᠠᠷ ᠢ ᠬᠦᠷᠢᠶᠡᠯᠡᠬᠦ ᠦᠢᠯᠡᠴᠢᠯᠡᠭᠡᠨ ᠤ ᠲᠥᠪ          ᠮᠠᠨ ᠤ ᠲᠣᠭᠤᠷᠢᠭ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠵᠡᠷᠭᠡ ᠬᠤᠪᠢᠰᠬᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠪᠦᠬᠦ ᠠᠷᠠᠳ ᠢᠶᠠᠷ ᠢᠶᠠᠨ ᠬᠠᠮᠲᠤ ᠪᠠᠷ ᠪᠠᠶᠢᠭᠤᠯᠤᠭᠰᠠᠨ ︽ᠭᠤᠷᠪᠠ ᠶᠢ ᠨᠢᠭᠡ ᠴᠣᠭᠴᠠᠵᠢᠭᠤᠯᠬᠤ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠠᠭᠪᠤᠷ ᠢ ᠬᠡᠷᠡᠭᠵᠢᠭᠦᠯᠦᠨ᠎ᠡ᠃ ᠴᠢᠬᠤᠯᠠ ᠶᠡᠭᠡ ᠪᠠᠶᠠᠷ ᠤᠨ ᠡᠳᠦᠷ ᠤᠨ ᠬᠤᠭᠤᠴᠠᠭᠠᠨ ᠳᠤ᠂ ᠠᠶᠢᠯᠴᠢᠯᠠᠨ ᠲᠣᠬᠤᠨᠢᠭᠤᠯᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠃ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠢᠨ᠎ᠡ ᠰᠠᠭᠤᠷᠢᠨ ᠭᠠᠵᠠᠷ  ᠢ ᠴᠢᠷᠮᠠᠶᠢᠨ ᠪᠠᠶᠢᠭᠤᠯᠬᠤ ᠬᠡᠷᠡᠭᠲᠡᠢ᠃          ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ 912            ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-14᠄ 00-17᠄ 00 ︵ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠤᠲᠠᠰᠤ᠄ 0471-5988658          ᠬᠠᠷᠢᠭᠤᠴᠠᠯᠭᠠᠲᠠᠨ᠄ ᠸᠧᠢ ᠰᠢᠶᠣᠣ ᠯᠢᠩ      ᠬᠠᠶ᠋ᠢᠭ᠄ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠲᠥᠪ ᠤᠨ 909 ᠲᠠᠰᠤᠭ ᠤᠨ ᠬᠠᠷᠢᠯᠴᠠᠬᠤ ᠤᠲᠠᠰᠤ᠄ 0471 - 5988618 ᠠᠵᠢᠯᠯᠠᠬᠤ ᠴᠠᠭ᠄ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 1᠄ 30 - 5᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号