ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/7
ᠨᠢᠭᠡ᠂ ᠳᠣᠲᠣᠭᠠᠳᠤ ᠳᠠᠭᠠᠨ ᠪᠠᠶᠢᠭᠤᠯᠤᠭᠰᠠᠨ ᠲᠠᠰᠤᠭ ᠤᠨ ᠭᠡᠷ            ︵ᠨᠢᠭᠡ︶ ᠶᠡᠷᠦᠩᠬᠡᠶᠢᠯᠡᠭᠰᠡᠨ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠤᠨ  ᠠᠵᠢᠯᠯᠠᠭᠠᠨ ᠢ ᠬᠠᠷᠢᠭᠤᠴᠠᠵᠤ᠂ ᠠᠯᠪᠠᠨ ᠪᠢᠴᠢᠭ ᠴᠠᠬᠢᠯᠭᠠᠨ ᠮᠡᠳᠡᠭᠡ᠂ ᠮᠡᠳᠡᠭᠡ ᠵᠠᠩᠭᠢ᠂ ᠠᠮᠤᠷ ᠲᠦᠪᠰᠢᠨ᠂  ᠨᠢᠭᠤᠴᠠ ᠶᠢ ᠬᠠᠮᠠᠭᠠᠯᠠᠬᠤ᠂ ᠰᠢᠮᠳᠠᠭᠤᠯᠤᠨ ᠪᠠᠶᠢᠴᠠᠭᠠᠬᠤ᠂ ᠲᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠭ᠎ᠠ᠂  ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠵᠠᠰᠠᠭ ᠤᠨ ᠶᠠᠪᠤᠳᠠᠯ ᠤᠨ ᠪᠠ ᠠᠵᠢᠯ ᠶᠠᠪᠤᠳᠠᠯ ᠤᠨ ᠠᠵᠢᠯ ᠢ  ᠡᠭᠦᠷᠭᠡᠯᠡᠨ᠎ᠡ᠃ ᠶᠡᠷᠦᠩᠬᠡᠶᠢᠯᠡᠨ ᠵᠠᠰᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠦᠨᠳᠦ  ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ  ᠪᠠᠶᠢᠭᠤᠯᠤᠨ ᠵᠣᠬᠢᠴᠠᠭᠤᠯᠤᠨ᠎ᠠ᠃            ︵ᠬᠤᠶᠠᠷ︶ ᠬᠠᠤᠯᠢ ᠲᠣᠭᠲᠠᠭᠠᠯ ᠤᠨ ᠲᠠᠰᠤᠭ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ  ᠶᠣᠰᠣᠨ ᠤ ᠴᠢᠨᠠᠷ ᠢ ᠬᠢᠨᠠᠨ ᠪᠠᠶᠢᠴᠠᠭᠠᠬᠤ ᠪᠠ ᠮᠡᠳᠡᠭᠦᠯᠦᠨ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠭᠡᠷᠡᠴᠢᠯᠡᠭᠡ ᠰᠣᠨᠣᠰᠬᠤ  ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠶᠢᠨ ᠠᠵᠢᠯ ᠢ ᠡᠭᠦᠷᠭᠡᠯᠡᠬᠦ ᠪᠤᠶᠤ  ᠲᠡᠭᠦᠨ ᠳᠤ ᠣᠷᠣᠯᠴᠠᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠤᠨ ᠠᠵᠢᠯ ᠢ  ᠵᠣᠬᠢᠶᠠᠨ ᠪᠠᠶᠢᠭᠤᠯᠤᠨ ᠥᠷᠨᠢᠭᠦᠯᠦᠨ᠎ᠡ᠃ ︽ᠬᠤᠶᠠᠷ ᠬᠠᠤᠯᠢ ᠶᠢ ᠵᠣᠯᠭᠠᠭᠤᠯᠬᠤ︾ ᠠᠵᠢᠯ ᠢ ᠡᠭᠦᠷᠭᠡᠯᠡᠨ᠎ᠡ᠃            ︵ᠭᠤᠷᠪᠠ︶ ᠠᠵᠢᠯᠲᠠᠨ ᠤ ᠶᠠᠪᠤᠳᠠᠯ ᠤᠨ ᠰᠤᠷᠭᠠᠨ ᠬᠥᠮᠦᠵᠢᠯ ᠤᠨ ᠲᠠᠰᠤᠭ᠃ ᠺᠠᠳ᠋ᠷ ᠠᠵᠢᠯᠳᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ ᠠᠰᠠᠷᠠᠮᠵᠢ᠂ ᠡᠩᠨᠡᠭᠡᠨ ᠤ ᠪᠠᠶᠢᠭᠤᠯᠤᠯᠲᠠ᠂ ᠬᠥᠮᠦᠵᠢᠯ ᠪᠣᠯᠪᠠᠰᠤᠷᠠᠯ  ᠵᠡᠷᠭᠡ ᠠᠵᠢᠯ ᠢ ᠡᠭᠦᠷᠭᠡᠯᠡᠨ᠎ᠡ᠃ ᠬᠠᠷᠢᠶ᠎ᠠ ᠨᠢᠭᠡᠴᠡ ᠶᠢᠨ ᠢᠶᠠᠨ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ᠎ᠠ᠃            ︵ᠲᠦᠷᠪᠡ︶ ᠡᠳ᠋ ᠤᠨ ᠶᠠᠪᠤᠳᠠᠯ ᠤᠨ ᠲᠠᠰᠤᠭ᠃ ᠲᠣᠰ ᠨᠢᠭᠡᠴᠡ ᠶᠢᠨ ᠢᠶᠠᠨ ᠲᠥᠰᠦᠪ ᠪᠠ ᠲᠥᠰᠦᠪ ᠤᠨ  ᠭᠦᠢᠴᠡᠳᠭᠡᠯ᠂ ᠭᠠᠶᠢᠯᠢ ᠶᠢᠨ ᠪᠤᠰᠤ ᠣᠷᠣᠯᠭ᠎ᠠ᠂ ᠡᠳ᠋ ᠤᠨ ᠶᠠᠪᠤᠳᠠᠯ ᠤᠨ ᠬᠢᠨᠠᠨ ᠪᠤᠳᠤᠯᠲᠠ᠂ ᠲᠣᠭᠲᠠᠮᠠᠯ ᠬᠥᠷᠥᠩᠭᠡ᠂ ᠦᠨᠳᠦᠰᠦᠨ ᠪᠥᠲᠥᠭᠡᠨ ᠪᠠᠶᠢᠭᠤᠯᠤᠯᠲᠠ ᠪᠠ ᠡᠯ᠎ᠡ ᠲᠥᠷᠥᠯ ᠤᠨ ᠪᠠᠯᠠ ᠮᠥᠩᠭᠦ᠂ ᠲᠤᠰᠬᠠᠶ ᠬᠡᠷᠡᠭᠯᠡᠭᠡᠨ ᠤ ᠰᠠᠭᠤᠷᠢ  ᠮᠥᠩᠭᠦ ᠵᠢᠴᠢ ᠦᠢᠯᠡᠳᠴᠦ ᠤᠭᠰᠠᠷᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ ᠪᠡᠯᠡ  ᠮᠥᠩᠭᠦ ᠶᠢᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠤᠰ ᠨᠢᠭᠡᠴᠡ ᠶᠢᠨ ᠢᠶᠠᠨ  ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ  ᠬᠠᠷᠢᠭᠤᠴᠠᠨ᠎ᠠ᠃ ᠲᠣᠰ ᠨᠢᠭᠡᠴᠡ ᠶᠢᠨ ᠢᠶᠠᠨ ᠲᠣᠨᠤᠭ ᠲᠥᠬᠦᠭᠡᠷᠦᠮᠵᠢ ᠳᠣᠭᠢᠷᠠᠭᠤᠯᠬᠤ ᠠᠵᠢᠯ ᠢ ᠵᠣᠬᠢᠶᠠᠨ  ᠪᠠᠶᠢᠭᠤᠯᠤᠨ ᠨᠠᠶᠢᠳᠠᠪᠤᠷᠢᠵᠢᠭᠤᠯᠤᠨ᠎ᠠ᠃            ︵ᠲᠠᠪᠤ︶ ᠶᠡᠷᠦᠩᠬᠡᠶ ᠲᠥᠯᠥᠪᠵᠢᠭᠦᠯᠭᠡ ᠪᠠ ᠰᠣᠨᠢᠨ ᠮᠡᠳᠡᠭᠡᠯᠡᠯ ᠤᠬᠠᠭᠤᠯᠭ᠎ᠠ ᠶᠢᠨ ᠲᠠᠰᠤᠭ᠃ ᠵᠠᠬ᠎ᠠ  ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ  ᠵᠣᠬᠢᠴᠠᠭᠤᠯᠤᠨ ᠠᠬᠢᠭᠤᠯᠤᠨ᠎ᠠ᠃ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠤᠳᠤᠯᠤᠯ ᠪᠠ ᠶᠡᠷᠦᠩᠬᠡᠶᠢᠯᠡᠭᠰᠡᠨ  ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ  ᠪᠠᠶᠢᠭᠤᠯᠤᠨ᠎ᠠ᠃ ᠴᠢᠬᠤᠯᠠ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ᠂ ᠡᠬᠡ ᠪᠢᠴᠢᠭ ᠢ ᠲᠤᠭᠤᠷᠪᠢᠬᠤ  ᠠᠵᠢᠯ ᠢ ᠡᠭᠦᠷᠭᠡᠯᠡᠨ᠎ᠡ᠃ ᠪᠥᠬᠦ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ  ᠪᠦᠷᠢᠳᠬᠡᠯ ᠤᠨ ᠠᠵᠢᠯ ᠢ ᠡᠭᠦᠷᠭᠡᠯᠡᠬᠦ ᠶᠢᠨ ᠬᠠᠮᠲᠤ ᠵᠣᠬᠢᠶᠠᠨ ᠪᠠᠶᠢᠭᠤᠯᠤᠨ᠎ᠠ᠃ ᠶᠠᠰᠤ ᠴᠢᠨᠠᠷ ᠤᠨ ᠠᠮᠤᠷ ᠲᠦᠪᠰᠢᠨ᠂ ᠵᠠᠬ᠎ᠠ ᠳᠡᠯᠭᠡᠭᠦᠷ ᠤᠨ ᠡᠮᠬᠢ ᠳᠢᠭᠯᠢᠮ᠂ ᠦᠢᠯᠡᠴᠢᠯᠡᠭᠡᠨ ᠤ ᠬᠥᠭᠵᠢᠯᠲᠡ ᠵᠡᠷᠭᠡ ᠭᠤᠤᠯᠳᠠᠯᠭ᠎ᠠ ᠲᠠᠢ ᠡᠭᠦᠷᠭᠡ ᠶᠢ  ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠲᠤᠭᠤᠷᠢᠭ ᠤᠨ ᠵᠠᠬ᠎ᠠ  ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠨᠡᠶᠢᠲᠡᠯᠡᠬᠦ ᠲᠦᠷᠢᠮ ᠢ ᠲᠤᠭᠤᠷᠪᠢᠨ ᠲᠣᠭᠲᠠᠭᠠᠵᠤ᠂  ᠰᠣᠨᠢᠨ ᠮᠡᠳᠡᠭᠡᠨ ᠤ ᠤᠬᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠵᠠᠳᠠᠯᠬᠤ  ᠪᠠ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠴᠢᠬᠤᠯᠠ ᠶᠡᠭᠡ ᠤᠬᠠᠭᠤᠯᠭ᠎ᠠ ᠶᠢᠨ  ᠠᠵᠢᠯᠯᠠᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃            ︵ᠵᠢᠷᠭᠤᠭ᠎ᠠ︶ ᠪᠦᠷᠢᠳᠬᠡᠭᠦᠯᠵᠦ ᠳᠠᠩᠰᠠᠯᠠᠭᠤᠯᠤᠭᠰᠠᠨ ᠲᠠᠰᠤᠭ᠃ ᠪᠥᠬᠦ ᠲᠤᠭᠤᠷᠢᠭ ᠤᠨ ᠵᠠᠬ᠎ᠠ  ᠳᠡᠯᠭᠡᠭᠦᠷ ᠤᠨ ᠭᠤᠤᠯ ᠴᠣᠭᠴᠠ ᠶᠢᠨ ᠨᠢᠭᠡᠳᠦᠯᠲᠡᠶ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠪᠦᠷᠢᠳᠬᠡᠨ  ᠳᠠᠩᠰᠠᠯᠠᠬᠤ ᠪᠥᠬᠦ ᠶᠠᠪᠤᠴᠠ ᠶᠢ ᠡᠯᠤᠺᠲᠷᠤᠨᠴᠢᠯᠠᠬᠤ ᠠᠵᠢᠯ ᠢ ᠬᠠᠷᠢᠭᠤᠴᠠᠨ᠎ᠠ᠃ ᠪᠦᠷᠢᠳᠬᠡᠨ ᠳᠠᠩᠰᠠᠯᠠᠭᠤᠯᠤᠭᠰᠠᠨ  ᠮᠡᠳᠡᠭᠡ ᠵᠠᠩᠭᠢ ᠶᠢ ᠵᠠᠳᠠᠯᠤᠨ ᠢᠯᠡ ᠪᠣᠯᠭᠠᠬᠤ ᠠᠵᠢᠯ ᠢ ᠡᠭᠦᠷᠭᠡᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ  ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ  ᠳᠡᠩᠰᠡᠯᠡᠯᠲᠡ ᠶᠢᠨ ᠲᠠᠯ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ  ᠰᠢᠢᠳᠪᠦᠷᠢᠯᠡᠬᠦ᠂ ᠰᠠᠯᠭᠠᠨ ᠥᠭᠬᠦ ᠵᠢᠴᠢ ᠦᠨᠡᠮᠯᠡᠯ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ ᠢᠳᠡᠭᠡᠨ ᠡᠵᠡᠩᠨᠡᠬᠦ  ᠵᠥᠪᠰᠢᠶᠡᠷᠡᠯ ᠤᠨ ᠦᠨᠡᠮᠯᠡᠯ ᠢ ᠬᠦᠯᠢᠶᠡᠨ ᠠᠪᠴᠤ ᠰᠢᠢᠳᠪᠦᠷᠢᠯᠡᠬᠦ ᠪᠠ ᠣᠯᠭᠤᠬᠤ ᠶᠢ ᠬᠠᠷᠢᠭᠤᠴᠠᠨ᠎ᠠ᠃ ᠣᠨᠴᠠ  ᠲᠦᠷᠦᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ ᠲᠠᠩᠰᠠᠯᠠᠯᠳᠠ ᠶᠢᠨ ᠦᠨᠡᠮᠯᠡᠯ ᠢ ᠬᠠᠷᠢᠭᠤᠴᠠᠨ ᠭᠦᠢᠴᠡᠳᠬᠡᠨ᠎ᠡ᠃  ᠵᠠᠰᠠᠭ ᠵᠠᠬᠢᠷᠭᠠᠨ ᠤ ᠵᠥᠪᠰᠢᠶᠡᠷᠡᠯ ᠤᠨ ᠪᠤᠰᠤ ᠬᠢᠨᠠᠨ ᠵᠥᠪᠰᠢᠶᠡᠷᠡᠬᠦ ᠵᠦᠢᠯᠡᠰ ᠤᠨ ᠮᠠᠲ᠋ᠧᠷᠢᠶᠠᠯ ᠢ ᠬᠢᠨᠠᠨ  ᠬᠠᠷᠭᠤᠭᠤᠯᠬᠤ ᠶᠢ ᠬᠠᠷᠢᠭᠤᠴᠠᠨ᠎ᠠ᠃ ᠳᠡᠭᠡᠳᠦ ᠱᠠᠲᠤᠨ ᠤ ᠪᠠᠶᠢᠭᠤᠯᠭ᠎ᠠ ᠪᠠᠷ ᠬᠢᠨᠠᠨ ᠵᠥᠪᠰᠢᠶᠡᠷᠡᠭᠦᠯᠬᠦ ᠴᠢᠬᠤᠯᠠᠲᠠᠶ  ᠵᠦᠢᠯᠡᠰ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ ᠬᠤᠪᠢ ᠶᠢᠨ ᠡᠵᠡᠩᠨᠡᠯᠲᠡ ᠶᠢᠨ ᠠᠵᠤ  ᠠᠬᠤᠶ ᠶᠢᠨ ᠬᠥᠭᠵᠢᠯᠲᠡ ᠶᠢ ᠲᠡᠳᠬᠦᠨ ᠳᠡᠮᠵᠢᠵᠦ᠂ ᠵᠢᠵᠢᠭ ᠪᠢᠴᠢᠯ ᠠᠵᠤ ᠠᠬᠤᠶᠢᠯᠠᠯ ᠤᠨ ᠨᠡᠷᠡᠰ ᠤᠨ  ᠵᠢᠭᠰᠠᠭᠠᠯᠲᠠ ᠶᠢ ᠲᠡᠭᠦᠯᠳᠡᠷᠵᠢᠭᠦᠯᠬᠦ ᠠᠵᠢᠯ ᠢ ᠬᠠᠷᠢᠭᠤᠴᠠᠨ᠎ᠠ᠃            ︵ᠲᠤᠯᠤᠭ᠎ᠠ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ ᠠᠵᠤ ᠠᠬᠤᠶᠢᠯᠠᠯ ᠤᠨ ᠮᠡᠳᠡᠭᠡ  ᠵᠠᠩᠭᠢ ᠶᠢ ᠢᠯᠡ ᠨᠡᠶᠢᠲᠡᠯᠡᠬᠦ ᠲᠦᠷᠢᠮ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠲᠦᠷᠢᠮ ᠲᠣᠭᠲᠠᠭᠠᠯ ᠢ  ᠨᠠᠶᠢᠳᠠᠪᠤᠷᠢᠵᠢᠭᠤᠯᠵᠤ᠂ ᠪᠣᠳᠠᠲᠠᠶ ᠠᠷᠭ᠎ᠠ ᠬᠡᠮᠵᠢᠶ᠎ᠡ᠂ ᠲᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ  ᠪᠠᠶᠢᠭᠤᠯᠤᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠦᠷᠢᠳᠬᠡᠨ ᠳᠠᠩᠰᠠᠯᠠᠬᠤ  ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃  ᠢᠲᠡᠭᠡᠮᠵᠢ ᠶᠢᠨ ᠲᠥᠷᠥᠯ ᠬᠤᠪᠢᠶᠠᠨ ᠬᠠᠮᠢᠶᠠᠷᠬᠤ ᠪᠠ ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠵᠣᠬᠢᠶᠠᠨ  ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ  ᠵᠢᠴᠢ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠤᠨ ᠬᠡᠷᠡᠭᠯᠡᠯᠲᠡ ᠬᠢᠭᠡᠳ  ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠪᠠ ︽ ᠨᠡᠷ᠎ᠡ ᠶᠢᠨ ᠬᠠᠷ᠎ᠠ ᠲᠠᠩᠰᠠ︾ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠨᠠᠯᠲᠠ  ᠬᠠᠮᠢᠶᠠᠷᠤᠯᠲᠠ ᠶᠢᠨ ᠮᠡᠳᠡᠭᠡ ᠵᠠᠩᠭᠢ ᠪᠠ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ  ᠡᠳ᠋ᠯᠡᠬᠦ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢᠨ ᠵᠣᠬᠢᠴᠠᠭᠤᠯᠤᠨ ᠬᠠᠷᠢᠯᠴᠠᠬᠤ ᠵᠡᠷᠭᠡ ᠠᠵᠢᠯ ᠢ ᠡᠭᠦᠷᠭᠡᠯᠡᠨ᠎ᠡ᠃  ᠪᠦᠬᠦ ᠲᠤᠭᠤᠷᠢᠭ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ ᠮᠡᠳᠡᠭᠦᠯᠦᠯᠲᠡ ᠶᠢᠨ ᠠᠵᠢᠯ ᠢ ᠵᠣᠬᠢᠶᠠᠨ  ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠨᠡᠮᠯᠡᠯ ᠥᠬᠡᠶ ᠪᠠᠷ ᠡᠵᠡᠩᠨᠡᠬᠦ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠲᠤᠭᠤᠷᠢᠭ ᠤᠨ ᠦᠢᠯᠡᠳᠬᠦᠨ ᠤ ᠶᠠᠰᠤ  ᠴᠢᠨᠠᠷ ᠤᠨ ᠦᠨᠡᠨᠴᠢ ᠢᠲᠡᠭᠡᠮᠵᠢ ᠶᠢᠨ ᠲᠦᠷᠢᠮ ᠢ ᠲᠤᠭᠤᠰᠢᠯᠠᠭᠤᠯᠤᠨ᠎ᠠ᠃ ︽ᠬᠤᠶᠠᠷ ᠢ ᠲᠣᠬᠢᠶᠠᠯᠳᠤᠯ ᠢᠶᠠᠷ ᠬᠢᠬᠦ᠂  ᠨᠢᠭᠡ ᠶᠢ ᠢᠯᠡ ᠪᠣᠯᠭᠠᠬᠤ︾ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃            ︵ᠨᠠᠢᠮᠠ︶ ᠬᠡᠷᠡᠭᠯᠡᠭᠡᠨ ᠤ ᠣᠷᠴᠢᠨ ᠲᠣᠭᠤᠷᠢᠨ ᠤ ᠪᠥᠳᠥᠭᠡᠨ ᠪᠠᠶᠢᠭᠤᠯᠤᠯᠲᠠ ᠶᠢᠨ ᠵᠢᠯᠣᠭᠤᠳᠬᠤ ᠲᠠᠰᠤᠭ᠃  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠳᠦᠷᠢᠮ ᠤᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠬᠤᠯᠪᠣᠭᠳᠠᠯ  ᠪᠥᠬᠦᠶ  ᠦᠢᠯᠡᠴᠢᠯᠡᠭᠡᠨ ᠤ ᠬᠦᠷᠢᠶᠡᠨ ᠳᠠᠬᠢ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ  ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠡᠷᠡᠭᠯᠡᠭᠴᠢᠳ ᠤᠨ ᠠᠰᠠᠭᠤᠨ  ᠯᠠᠪᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠪᠠ ᠰᠦᠯᠵᠢᠶᠡᠨ ᠤ  ᠰᠢᠰᠲ᠋ᠧᠮ ᠤᠨ ᠪᠠᠶᠢᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠬᠡᠷᠡᠭᠯᠡᠭᠡᠨ ᠤ ᠣᠷᠴᠢᠨ ᠨᠥᠬᠦᠴᠡᠯ ᠤᠨ ᠪᠠᠶᠢᠭᠤᠯᠤᠯᠲᠠ  ᠪᠠ ᠬᠡᠷᠡᠭᠯᠡᠭᠡᠨ ᠤ ᠣᠷᠴᠢᠨ ᠨᠥᠬᠦᠴᠡᠯ ᠤᠨ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ  ᠨᠠᠶᠢᠳᠠᠪᠤᠷᠢᠵᠢᠭᠤᠯᠤᠨ᠎ᠠ᠃ ᠬᠡᠷᠡᠭᠯᠡᠭᠴᠢᠳ ᠤᠨ ᠡᠷᠬᠡ ᠠᠰᠢᠭ ᠢ ᠵᠠᠰᠠᠭ ᠵᠠᠬᠢᠷᠭᠠᠨ ᠢᠶᠠᠷ ᠬᠠᠮᠠᠭᠠᠯᠠᠬᠤ ᠠᠵᠢᠯ ᠢ  ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠤᠨ᠎ᠠ᠃ ᠲᠣᠭᠤᠷᠢᠭ ᠤᠨ ᠬᠡᠷᠡᠭᠯᠡᠭᠴᠢᠳ ᠤ ᠨᠡᠶᠢᠭᠡᠮᠯᠢᠭ ᠤᠨ ᠠᠵᠢᠯ ᠢ  ᠵᠢᠯᠣᠭᠤᠳᠤᠨ᠎ᠠ᠃            ︵ᠶᠢᠰᠦ︶ ᠦᠨ᠎ᠡ ᠬᠠᠩᠰᠢ ᠶᠢ ᠬᠢᠨᠠᠵᠤ ᠪᠠᠶᠢᠴᠠᠭᠠᠬᠤ ᠲᠠᠰᠤᠭ᠃ ᠦᠨ᠎ᠡ ᠬᠠᠩᠰᠢ ᠶᠢᠨ ᠰᠦᠢᠳᠬᠡᠯ  ᠬᠤᠷᠢᠶᠠᠯᠲᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠤᠯᠪᠣᠭᠳᠠᠯ ᠪᠦᠬᠦᠢ ᠳᠦᠷᠢᠮ ᠠᠷᠭ᠎ᠠ ᠬᠡᠮᠵᠢᠶ᠎ᠡ ᠶᠢ  ᠲᠤᠭᠤᠷᠪᠢᠨ ᠲᠣᠭᠲᠠᠭᠠᠨ᠎ᠠ᠃ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ ᠵᠢᠴᠢ ᠲᠦᠷᠦ ᠶᠢᠨ  ᠪᠠᠶᠢᠭᠤᠯᠭ᠎ᠠ᠂ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠯᠲᠠ ᠳᠤ ᠬᠢᠨᠠᠯᠲᠠ ᠲᠠᠯᠪᠢᠵᠤ ᠪᠠᠶᠢᠴᠠᠭᠠᠬᠤ  ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠬᠠᠤᠯᠢ  ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃            ︵ᠠᠷᠪᠠ︶ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠲᠠᠰᠤᠭ ︵ᠬᠥᠬᠡᠬᠤᠲᠠ ᠶᠢᠨ ᠢᠦᠶ ᠴᠢᠤᠸᠠᠨ  ᠲᠣᠭᠤᠷᠢᠭ ᠤᠨ ᠰᠢᠭᠤᠳ ᠪᠣᠷᠣᠯᠠᠭᠤᠯᠬᠤ ᠶᠢ ᠵᠢᠷᠤᠮᠵᠢᠭᠤᠯᠬᠤ ᠪᠠ ᠳᠠᠮᠵᠢᠭᠤᠯᠤᠨ ᠪᠣᠷᠣᠯᠠᠭᠤᠯᠬᠤ ᠳᠤ ᠴᠣᠬᠢᠯᠲᠠ  ᠥᠭᠬᠦ ᠠᠯᠪᠠᠨ ᠬᠡᠷ︶᠃ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠤᠯᠪᠣᠭᠳᠠᠯ ᠪᠦᠬᠦᠢ ᠳᠦᠷᠢᠮ ᠪᠠ ᠠᠷᠭ᠎ᠠ  ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠨᠠᠶᠢᠳᠠᠯᠭ᠎ᠠ ᠪᠠᠷ ᠮᠣᠨᠣᠫᠣᠯᠢᠴᠢᠯᠠᠯ ᠢ ᠡᠰᠡᠷᠭᠦᠴᠡᠬᠦ ᠬᠠᠤᠯᠢ  ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠡᠵᠡᠩᠨᠡᠭᠴᠢ ᠳᠤ ᠮᠣᠨᠣᠫᠣᠯᠢᠴᠢᠯᠠᠯ ᠢ  ᠡᠰᠡᠷᠭᠦᠴᠡᠬᠦ ᠪᠠᠶᠢᠴᠠᠭᠠᠯᠲᠠ ᠵᠢᠴᠢ ᠪᠤᠰᠤᠳ ᠬᠤᠯᠪᠣᠭᠳᠠᠯ ᠪᠦᠬᠦᠢ ᠠᠵᠢᠯ ᠢ ᠲᠥᠪᠯᠡᠷᠡᠭᠦᠯᠦᠨ ᠬᠢᠬᠦ ᠳᠤ ᠬᠠᠮᠵᠢᠯᠴᠠᠨ᠎ᠠ᠃ ᠵᠦᠢ ᠪᠤᠰᠤ ᠥᠷᠢᠰᠥᠯᠳᠦᠭᠡᠨ ᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ  ᠨᠠᠶᠢᠳᠠᠪᠤᠷᠢᠵᠢᠭᠤᠯᠤᠨ᠎ᠠ᠃ ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ ᠪᠣᠷᠣᠯᠠᠭᠤᠯᠤᠭᠴᠢ ᠵᠢᠴᠢ  ᠰᠢᠭᠤᠳ ᠪᠣᠷᠣᠯᠠᠭᠤᠯᠬᠤ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠳᠠᠮᠵᠢᠭᠤᠯᠤᠨ ᠪᠣᠷᠣᠯᠠᠭᠤᠯᠬᠤ ᠳᠤ ᠴᠣᠬᠢᠯᠲᠠ  ᠥᠭᠬᠦ ᠠᠵᠢᠯ ᠢ ᠡᠭᠦᠷᠭᠡᠯᠡᠨ᠎ᠡ᠃ ᠭᠤᠣᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ  ᠪᠠᠶᠢᠭᠤᠯᠤᠨ ᠨᠠᠶᠢᠳᠠᠪᠤᠷᠢᠵᠢᠭᠤᠯᠤᠨ᠎ᠠ᠃            ︵ᠠᠷᠪᠠᠨ ᠨᠢᠭᠡ︶ ᠰᠦᠯᠵᠢᠶᠡᠨ ᠤ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃  ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ  ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠰᠦᠯᠵᠢᠶᠡᠨ ᠤ ᠠᠷᠠᠯᠵᠢᠶ᠎ᠠ ᠶᠢᠨ  ᠲᠠᠪᠴᠠᠩ ᠪᠠ ᠰᠦᠯᠵᠢᠶᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ  ᠬᠡᠷᠡᠭᠵᠢᠭᠦᠯᠦᠨ᠎ᠡ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ᠂ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠡᠷ᠎ᠡ᠂ ᠦᠨ᠎ᠡ  ᠬᠠᠶᠠᠵᠤ ᠬᠤᠳᠠᠯᠳᠤᠬᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠬᠦ ᠬᠦᠷᠦᠩᠭᠡ ᠶᠢᠨ ᠪᠠᠷᠢᠴᠠᠭᠠᠨ ᠤ ᠡᠳ᠋ ᠤᠨ ᠲᠠᠩᠰᠠᠯᠠᠯᠳᠠ ᠶᠢ ᠬᠠᠮᠢᠶᠠᠷᠤᠨ᠎ᠠ᠃            ︵ᠠᠷᠪᠠᠨ ᠬᠤᠶᠠᠷ︶ ᠵᠠᠷ ᠲᠤ ᠬᠢᠨᠠᠯᠲᠠ ᠲᠠᠯᠪᠢᠵᠤ ᠬᠠᠮᠢᠶᠠᠷᠬᠤ ᠲᠠᠰᠤᠭ᠃ ᠵᠠᠷ ᠮᠡᠳᠡᠭᠡᠨ ᠤ ᠦᠢᠯᠡᠰ ᠤᠨ  ᠬᠥᠭᠵᠢᠯᠲᠡ ᠶᠢᠨ ᠲᠥᠯᠥᠪᠯᠡᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ  ᠪᠠᠶᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠶ᠃ ᠵᠠᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠳᠦᠷᠢᠮ ᠠᠷᠭ᠎ᠠ  ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠡᠯ᠎ᠡ ᠲᠥᠷᠥᠯ ᠤᠨ ᠵᠠᠭᠤᠴᠢᠯᠠᠭᠤᠷ ᠤᠨ ᠵᠠᠷ ᠮᠡᠳᠡᠭᠡ ᠨᠡᠶᠢᠲᠡᠯᠡᠭᠰᠡᠨ ᠪᠠᠶᠢᠳᠠᠯ ᠢ ᠵᠣᠬᠢᠶᠠᠨ ᠪᠠᠶᠢᠭᠤᠯᠤᠨ ᠬᠢᠨᠠᠨ ᠬᠡᠮᠵᠢᠨ᠎ᠡ᠃ ᠵᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠵᠠᠷ ᠤᠨ  ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠠᠷ ᠤᠨ ᠦᠢᠯᠡᠰ ᠪᠠ ᠨᠡᠶᠢᠲᠡ ᠶᠢᠨ  ᠠᠰᠠᠷᠠᠮᠵᠢ ᠶᠢᠨ ᠵᠠᠷ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃            ︵ᠠᠷᠪᠠᠨ ᠭᠤᠷᠪᠠ︶ ᠶᠠᠰᠤ ᠴᠢᠨᠠᠷ ᠤᠨ ᠬᠠᠮᠢᠶᠠᠷᠤᠯᠲᠠ ᠳᠤ ᠬᠢᠨᠠᠯᠲᠠ ᠲᠠᠯᠪᠢᠬᠤ ᠲᠠᠰᠤᠭ᠃ ᠪᠦᠬᠦ  ᠲᠤᠭᠤᠷᠢᠭ ᠤᠨ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠢᠶᠠᠷ ᠲᠤᠭᠤᠷᠢᠭ ᠢᠶᠠᠨ  ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠳᠥᠯᠭᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠲᠤᠭᠤᠷᠢᠭ ᠤᠨ ᠦᠢᠯᠡᠳᠬᠦᠨ ᠤ ᠶᠠᠰᠤ ᠴᠢᠨᠠᠷ ᠤᠨ ᠢᠲᠡᠭᠡᠮᠵᠢ ᠶᠢᠨ  ᠰᠢᠰᠲ᠋ᠧᠮᠵᠢ ᠶᠢᠨ ᠪᠠᠶᠢᠭᠤᠯᠤᠯᠲᠠ ᠶᠢ  ᠬᠠᠷᠢᠭᠤᠴᠠᠨ᠎ᠠ᠃ ᠶᠠᠰᠤ ᠴᠢᠨᠠᠷ ᠢᠶᠠᠷ ᠤᠷᠮᠠᠰᠢᠭᠤᠯᠬᠤ ᠲᠦᠷᠢᠮ ᠤᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ  ᠨᠠᠶᠢᠳᠠᠪᠤᠷᠢᠵᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠶᠠᠰᠤ ᠴᠢᠨᠠᠷ ᠤᠨ ᠪᠠᠶᠢᠳᠠᠯ ᠢ ᠪᠦᠷᠢᠳᠬᠡᠨ ᠵᠠᠳᠠᠯᠬᠤ᠂ ᠦᠨᠡᠯᠡᠨ ᠰᠤᠳᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃  ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠢ ᠠᠯᠪᠠᠳᠠᠯᠭ᠎ᠠ ᠪᠠᠷ ᠮᠡᠳᠡᠭᠦᠯᠬᠦ ᠲᠦᠷᠢᠮ᠂ ᠵᠡᠷᠡᠮᠳᠡᠭ  ᠦᠢᠯᠡᠳᠬᠦᠨ ᠢ ᠡᠭᠡᠭᠦᠯᠦᠨ ᠠᠪᠴᠢᠷᠠᠬᠤ ᠲᠦᠷᠢᠮ ᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠷᠢᠯᠭ᠎ᠠ ᠶᠢᠨ  ᠲᠥᠬᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠪᠠ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ  ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠦᠬᠦ  ᠲᠤᠭᠤᠷᠢᠭ ᠤᠨ ᠭᠤᠣᠯᠳᠠᠯᠭ᠎ᠠ ᠲᠠᠢ ᠬᠢᠨᠠᠯᠲᠠ ᠲᠠᠯᠪᠢᠬᠤ  ᠦᠢᠯᠡᠳᠬᠦᠨ ᠤ ᠭᠠᠷᠴᠠᠭ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠦᠢᠯᠡᠳᠬᠦᠨ ᠤ ᠶᠠᠰᠤ  ᠴᠢᠨᠠᠷ ᠤᠨ ᠠᠵᠢᠯ ᠲᠥᠷᠥᠯ ᠤᠨ ᠴᠢᠨᠠᠷ᠂ ᠲᠤᠰᠬᠠᠶ ᠮᠡᠷᠭᠡᠵᠢᠯ ᠤᠨ ᠴᠢᠨᠠᠷ ᠪᠠ ᠲᠥᠷᠥᠯ ᠬᠤᠪᠢᠶᠠᠨ ᠬᠢᠨᠠᠨ  ᠬᠠᠮᠢᠶᠠᠷᠬᠤ ᠠᠵᠢᠯ ᠢ ᠨᠠᠶᠢᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ  ᠵᠥᠪᠰᠢᠶᠡᠷᠡᠯ ᠤᠨ ᠬᠠᠮᠢᠶᠠᠷᠤᠯᠲᠠ ᠪᠣᠯᠤᠨ ᠢᠳᠡᠭᠡᠨ ᠯᠦᠭᠡ ᠬᠤᠯᠪᠣᠭᠳᠠᠬᠤ ᠦᠢᠯᠡᠳᠬᠦᠨ ᠤ ᠶᠠᠰᠤ ᠴᠢᠨᠠᠷ ᠤᠨ ᠠᠶᠤᠯ  ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃  ᠬᠥᠪᠥᠩ ᠵᠡᠷᠭᠡ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ  ᠨᠠᠶᠢᠳᠠᠪᠤᠷᠢᠵᠢᠭᠤᠯᠤᠨ᠎ᠠ᠃            ︵ᠠᠷᠪᠠᠨ ᠲᠥᠷᠪᠡ︶ ᠶᠡᠷᠦᠩᠬᠡᠶᠢᠯᠡᠨ ᠰᠤᠭᠤᠴᠠᠨ ᠪᠠᠶᠢᠴᠠᠭᠠᠵᠤ ᠬᠢᠨᠠᠨ ᠬᠡᠮᠵᠢᠬᠦ ᠪᠠ ᠢᠳᠡᠭᠡᠨ ᠤ ᠠᠶᠤᠯ  ᠥᠭᠡᠢ ᠶᠢᠨ ᠵᠣᠬᠢᠴᠠᠭᠤᠯᠬᠤ ᠲᠠᠰᠤᠭ᠃ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠲᠠᠸᠠᠷ᠂ ᠠᠵᠤ ᠦᠢᠯᠡᠳᠪᠦᠷᠢ ᠶᠢᠨ  ᠦᠢᠯᠡᠳᠬᠦᠨ᠂ ᠢᠳᠡᠭᠡᠨ᠂ ᠡᠮ ᠤᠨ ᠵᠦᠢᠯ᠂ ᠭᠤᠶᠣᠯᠠᠯ ᠤᠨ ᠡᠳ᠋᠂ ᠡᠮᠴᠢᠯᠡᠭᠡᠨ ᠤ ᠮᠠᠰᠢᠨ ᠤ ᠠᠮᠤᠷ ᠲᠦᠪᠰᠢᠨ ᠳᠤ  ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂  ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠲᠣᠭᠲᠠᠮᠠᠯ  ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠬᠢᠷᠢ ᠲᠡᠩᠴᠡᠭᠦ ᠥᠬᠡᠶ ᠦᠢᠯᠡᠳᠬᠦᠨ᠂ ᠢᠳᠡᠭᠡᠨ᠂ ᠡᠮ ᠤᠨ ᠵᠦᠢᠯ᠂  ᠭᠤᠶᠣᠯᠠᠯ ᠤᠨ ᠡᠳ᠋᠂ ᠡᠮᠴᠢᠯᠡᠭᠡᠨ ᠤ ᠮᠠᠰᠢᠨ ᠢ ᠬᠠᠷᠭᠤᠭᠤᠯᠤᠨ ᠪᠠᠶᠢᠴᠠᠭᠠᠬᠤ᠂ ᠰᠢᠢᠳᠪᠦᠷᠢᠯᠡᠬᠦ᠂ ᠡᠭᠡᠭᠦᠯᠦᠨ  ᠠᠪᠴᠢᠷᠠᠬᠤ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠮᠤᠷ ᠲᠦᠪᠰᠢᠨ ᠤ ᠦᠨᠡᠯᠡᠯᠲᠡ ᠶᠢᠨ  ᠴᠢᠨᠠᠷᠲᠠᠶ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠲᠦᠭᠰᠢᠭᠦᠷᠢ ᠶᠢᠨ  ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠢᠳᠡᠭᠡᠨ ᠤ ᠠᠶᠤᠯ ᠥᠭᠡᠢ ᠶᠢᠨ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ  ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠲᠤᠭᠤᠷᠪᠢᠨ ᠲᠤᠭᠲᠠᠭᠠᠨ᠎ᠠ᠃ ᠢᠳᠡᠭᠡᠨ ᠤ ᠠᠮᠤᠷ ᠲᠦᠪᠰᠢᠨ ᠤ ᠭᠠᠵᠠᠷ  ᠣᠷᠣᠨ ᠠᠯᠤᠰᠯᠠᠨ ᠰᠠᠯᠠᠭ᠎ᠠ ᠮᠥᠴᠢᠷ ᠠᠯᠤᠰᠯᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ  ᠠᠵᠢᠯ ᠢ ᠡᠭᠦᠷᠭᠡᠯᠡᠨ᠎ᠡ᠃ ᠲᠤᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ  ᠪᠣᠳᠠᠲᠠᠶ ᠠᠵᠢᠯ ᠢ ᠡᠭᠦᠷᠭᠡᠯᠡᠨ᠎ᠡ᠃            ︵ᠠᠷᠪᠠᠨ ᠲᠠᠪᠤ︶ ᠢᠳᠡᠭᠡᠨ ᠤ ᠦᠢᠯᠡᠳᠪᠦᠷᠢᠯᠡᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ ᠦᠢᠯᠡᠳᠪᠦᠷᠢᠯᠡᠯ ᠤᠨ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂  ᠢᠳᠡᠭᠡᠨ ᠤ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠢᠳᠡᠭᠡᠨ ᠤ ᠦᠢᠯᠡᠳᠪᠦᠷᠢᠯᠡᠭᠴᠢ ᠶᠢᠨ ᠭᠤᠣᠯ  ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ  ᠨᠠᠶᠢᠳᠠᠪᠤᠷᠢᠵᠢᠭᠤᠯᠬᠤ ᠬᠡᠷᠡᠭᠲᠡᠶ᠃ ᠢᠳᠡᠭᠡᠨ ᠤ  ᠦᠢᠯᠡᠳᠪᠦᠷᠢᠯᠡᠯ ᠤᠨ ᠠᠵᠤ ᠠᠬᠤᠶᠢᠯᠠᠯ ᠵᠢᠴᠢ ᠵᠢᠵᠢᠭ  ᠦᠢᠯᠡᠳᠭᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠳᠤ  ᠬᠢᠨᠠᠯᠲᠠ ᠲᠠᠯᠪᠢᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠮᠥᠷᠳᠡᠵᠦ ᠪᠣᠯᠬᠤ ᠰᠢᠰᠲ᠋ᠧᠮᠵᠢ ᠶᠢ ᠪᠠᠶᠢᠭᠤᠯᠤᠨ  ᠪᠦᠷᠢᠨᠰᠢᠬᠦᠯᠬᠦ ᠬᠡᠷᠡᠭᠲᠡᠶ᠃            ︵ᠠᠷᠪᠠᠨ ᠵᠢᠷᠭᠤᠭ᠎ᠠ︶ ᠢᠳᠡᠭᠡᠨ ᠤ ᠭᠦᠢᠯᠭᠡᠭᠡᠨ ᠤ ︵ᠣᠨᠴᠠᠭᠠᠶ ᠢᠳᠡᠭᠡᠨ ᠢ ᠪᠠᠭᠲᠠᠭᠠᠨ᠎ᠠ︶ ᠤ  ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ ᠢᠳᠡᠭᠡᠨ ᠤ ᠭᠦᠢᠯᠭᠡᠭᠡᠨ ᠤ ᠬᠦᠷᠢᠶᠡᠨ ᠳᠠᠬᠢ ᠢᠳᠡᠭᠡᠨ  ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠭᠦᠢᠯᠭᠡᠭᠡᠨ ᠤ  ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠭᠦᠢᠯᠭᠡᠭᠡᠨ᠂  ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ  ᠪᠦᠲᠦᠭᠡᠭᠳᠡᠬᠦᠨ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠡᠵᠡᠩᠨᠡᠭᠴᠢ ᠶᠢᠨ ᠭᠤᠤᠯ ᠴᠣᠭᠴᠠ ᠶᠢᠨ  ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ  ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠷᠡᠭᠦᠯᠵᠢᠯ ᠤᠨ ᠢᠳᠡᠭᠡᠨ᠂ ᠠᠨᠠᠭᠠᠬᠤ  ᠤᠬᠠᠭᠠᠨ ᠤ ᠣᠨᠴᠣᠭᠤᠶ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠪᠣᠯᠤᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ  ᠰᠦᠨ ᠲᠠᠯᠬ᠎ᠠ ᠵᠡᠷᠭᠡ ᠣᠨᠴᠣᠭᠤᠶ ᠢᠳᠡᠭᠡᠨ ᠤ ᠬᠦᠷᠢᠶᠡᠨ ᠤ ᠠᠶᠤᠯ ᠥᠭᠡᠢ ᠶᠢᠨ ᠪᠠᠶᠢᠳᠠᠯ ᠢ ᠵᠠᠳᠠᠯᠤᠨ ᠡᠵᠡᠮᠰᠢᠵᠦ᠂  ᠣᠨᠴᠣᠭᠤᠶ ᠢᠳᠡᠭᠡᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃  ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ  ᠬᠠᠷᠢᠭᠤᠴᠠᠨ᠎ᠠ᠃            ︵ᠠᠷᠪᠠᠨ ᠳᠣᠯᠤᠭ᠎ᠠ︶ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠃  ᠢᠳᠡᠭᠡᠨ ᠤᠮᠳᠠᠭᠠᠨ ᠤ  ᠦᠢᠯᠡᠴᠢᠯᠡᠭᠡᠨ ᠤ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠰᠢᠯᠭᠠᠨ ᠠᠪᠬᠤ ᠶᠢ  ᠬᠠᠷᠢᠭᠤᠴᠠᠨ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠳᠠᠬᠢ ᠢᠳᠡᠭᠡᠨ ᠤ ᠠᠮᠤᠷ ᠲᠦᠪᠰᠢᠨ ᠤ  ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠡᠵᠡᠮᠰᠢᠬᠦ ᠶᠢᠨ ᠬᠠᠮᠲᠤ ᠰᠠᠨᠠᠭᠤᠯᠭ᠎ᠠ ᠳᠤᠷᠠᠳᠬᠤ ᠬᠡᠷᠡᠭᠲᠡᠶ᠃ ᠢᠳᠡᠭᠡᠨ ᠤᠮᠳᠠᠭᠠᠨ ᠤ  ᠦᠢᠯᠡᠴᠢᠯᠡᠭᠡᠨ ᠤ ᠭᠤᠭᠴᠤᠭ᠎ᠠ  ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ  ᠤᠮᠳᠠᠭᠠᠨ ᠤ ᠦᠢᠯᠡᠴᠢᠯᠡᠭᠡ ᠬᠠᠩᠭᠠᠭᠴᠢ ᠶᠢᠨ ᠭᠤᠤᠯ  ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ  ᠲᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ  ᠪᠠᠶᠢᠭᠤᠯᠤᠨ ᠥᠷᠨᠢᠭᠦᠯᠦᠨ᠎ᠡ᠃ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ  ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃  ᠪᠦᠬᠦ ᠲᠤᠭᠤᠷᠢᠭ ᠤᠨ ᠴᠢᠬᠤᠯᠠ ᠶᠡᠭᠡ ᠠᠵᠢᠯᠯᠠᠭ᠎ᠠ ᠶᠢᠨ  ᠢᠳᠡᠭᠡᠨ ᠤ ᠠᠶᠤᠯ ᠦᠭᠡᠢ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃            ︵ᠠᠷᠪᠠᠨ ᠨᠠᠢᠮᠠ︶ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢ ᠬᠢᠨᠠᠨ ᠪᠠᠶᠢᠴᠠᠭᠠᠬᠤ  ᠲᠠᠰᠤᠭ᠃ ᠬᠠᠤᠯᠢ ᠶᠣᠰᠣᠭᠠᠷ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠭᠠᠷᠴᠠᠭ ᠤᠨ ᠶᠣᠰᠣᠭᠠᠷ ᠪᠥᠬᠦ  ᠲᠤᠭᠤᠷᠢᠭ ᠤᠨ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠠᠶᠤᠯ ᠥᠭᠡᠢ ᠳᠤ ᠬᠢᠨᠠᠯᠲᠠ ᠲᠠᠯᠪᠢᠵᠤ  ᠬᠠᠮᠢᠶᠠᠷᠬᠤ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠣᠨᠴᠠ ᠲᠥᠷᠥᠯ ᠤᠨ ᠲᠤᠨᠤᠭ  ᠲᠥᠬᠦᠭᠡᠷᠦᠮᠵᠢ ᠶᠢᠨ ᠡᠨᠧᠷᠬᠢ ᠠᠷᠪᠢᠯᠠᠬᠤ ᠪᠠᠷᠢᠮᠵᠢᠶ᠎ᠠ᠂ ᠭᠦᠸᠧᠯᠦ ᠶᠢᠨ ᠣᠷᠴᠢᠨ ᠲᠣᠭᠤᠷᠢᠨ ᠢ ᠬᠠᠮᠠᠭᠠᠯᠠᠬᠤ  ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠲᠣᠭᠲᠠᠭᠠᠭᠰᠠᠨ ᠡᠷᠬᠡ  ᠮᠡᠳᠡᠯ ᠤᠨ ᠬᠡᠪᠴᠢᠶ᠎ᠡ ᠶᠣᠰᠣᠭᠠᠷ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠳᠡᠯ ᠢ ᠪᠠᠶᠢᠴᠠᠭᠠᠨ   ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠪᠦᠷᠢᠳᠬᠡᠨ ᠵᠠᠳᠠᠯᠬᠤ ᠬᠡᠷᠡᠭᠲᠡᠶ᠃ ᠣᠨᠴᠠ  ᠲᠦᠷᠦᠯ ᠤᠨ ᠲᠤᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ᠰᠢᠯᠭᠠᠨ  ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯᠳᠠᠨ᠂ ᠠᠵᠢᠯᠯᠠᠭᠰᠠᠳ ᠢ ᠬᠢᠨᠠᠵᠤ ᠬᠠᠮᠢᠶᠠᠷᠤᠨ᠎ᠠ᠃ ᠣᠨᠴᠠ ᠲᠦᠷᠦᠯ ᠤᠨ  ᠲᠤᠨᠤᠭ ᠲᠥᠬᠦᠭᠡᠷᠦᠮᠵᠢ ᠶᠢᠨ ᠠᠶᠤᠯᠭᠦᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠳᠤ  ᠬᠠᠮᠵᠢᠯᠴᠠᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃            ︵ᠠᠷᠪᠠ ᠶᠢᠰᠦ︶ ᠪᠠᠷᠢᠮᠵᠢᠶᠠᠲᠤ ᠬᠡᠮᠵᠢᠯᠲᠡ ᠶᠢᠨ ᠬᠠᠮᠢᠶᠠᠷᠤᠯᠲᠠ ᠶᠢᠨ ᠲᠠᠰᠤᠭ᠃ ᠬᠠᠤᠯᠢ ᠪᠠᠷ  ᠲᠣᠭᠲᠠᠭᠠᠭᠰᠠᠨ ᠬᠡᠮᠵᠢᠯᠲᠡ ᠶᠢᠨ ᠨᠢᠭᠡᠴᠢ ᠪᠠ ᠤᠯᠤᠰ ᠤᠨ ᠬᠡᠮᠵᠢᠯᠲᠡ ᠶᠢᠨ ᠲᠦᠷᠢᠮ ᠢ ᠬᠡᠷᠡᠭᠵᠢᠭᠦᠯᠵᠦ᠂  ᠬᠡᠮᠵᠢᠯᠲᠡ ᠶᠢᠨ ᠪᠠᠷᠢᠮᠵᠢᠶ᠎ᠠ᠂ ᠬᠡᠮᠵᠢᠯᠲᠡ ᠶᠢᠨ ᠪᠠᠷᠢᠮᠵᠢᠶᠠᠲᠤ ᠪᠣᠳᠠᠰ ᠪᠠ ᠬᠡᠮᠵᠢᠯᠲᠡ ᠶᠢᠨ ᠪᠠᠭᠠᠵᠢ ᠬᠡᠷᠡᠭᠰᠡᠯ ᠤᠨ  ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠲᠤᠭ᠎ᠠ ᠬᠡᠮᠵᠢᠭᠳᠡᠯ ᠤᠨ ᠳᠠᠮᠵᠢᠭᠤᠯᠭ᠎ᠠ ᠶᠢᠨ ᠡᠬᠢ ᠰᠤᠷᠪᠤᠯᠵᠢ ᠶᠢ ᠡᠷᠢᠬᠦ  ᠪᠠ ᠬᠡᠮᠵᠢᠯᠲᠡ ᠶᠢᠨ ᠠᠳᠠᠯᠢᠳᠬᠠᠯ ᠤᠨ ᠠᠵᠢᠯ ᠢ ᠵᠣᠬᠢᠶᠠᠨ ᠪᠠᠶᠢᠭᠤᠯᠤᠨ᠎ᠠ᠃ ᠳᠡᠭᠡᠳᠦ ᠱᠠᠲᠤᠨ ᠤ ᠬᠡᠮᠵᠢᠯᠲᠡ ᠶᠢᠨ  ᠮᠡᠷᠭᠡᠵᠢᠯ ᠤᠨ ᠵᠢᠷᠤᠮᠵᠢᠯ ᠤᠨ ᠰᠢᠰᠲ᠋ᠧᠮᠵᠢ ᠶᠢ ᠪᠠᠶᠢᠭᠤᠯᠬᠤ ᠪᠠ ᠬᠡᠷᠡᠭᠵᠢᠭᠦᠯᠬᠦ ᠠᠵᠢᠯ ᠢ ᠡᠭᠦᠷᠭᠡᠯᠡᠵᠦ᠂ ᠲᠠᠸᠠᠷ ᠤᠨ  ᠬᠡᠮᠵᠢᠶ᠎ᠡ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ᠂ ᠬᠡᠮᠵᠢᠯᠲᠡ ᠶᠢᠨ ᠬᠥᠨᠳᠡᠯᠡᠨ ᠠᠴᠠ ᠲᠠᠰᠤᠯᠬᠤ ᠶᠢ  ᠰᠢᠯᠭᠠᠨ ᠲᠣᠭᠲᠠᠭᠠᠬᠤ ᠪᠠ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠵᠢᠴᠢ ᠠᠵᠢᠯᠲᠠᠨ ᠤ ᠬᠢᠨᠠᠯᠲᠠ  ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠡᠮᠵᠢᠯᠲᠡ ᠶᠢᠨ ᠲᠤᠭ᠎ᠠ ᠪᠠᠷᠢᠮᠲᠠ ᠬᠡᠷᠡᠭᠯᠡᠬᠦ ᠶᠢ ᠵᠢᠷᠤᠮᠵᠢᠭᠤᠯᠤᠨ᠎ᠠ᠃  ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠵᠤ᠂ ᠤᠯᠤᠰ ᠤᠨ ᠪᠠᠷᠢᠮᠵᠢᠶ᠎ᠠ᠂ ᠠᠵᠢᠯ  ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ  ᠬᠡᠷᠡᠭᠵᠢᠭᠦᠯᠬᠦ ᠪᠠ ᠪᠠᠷᠢᠮᠵᠢᠶ᠎ᠠ ᠳᠤ ᠲᠤᠯᠭᠠᠵᠤ ᠪᠠᠷᠢᠮᠵᠢᠶ᠎ᠠ ᠳᠤ ᠬᠦᠷᠦᠭᠦᠯᠬᠦ ᠶᠢ ᠬᠡᠷᠡᠭᠵᠢᠭᠦᠯᠬᠦ ᠠᠵᠢᠯ ᠢ  ᠶᠠᠪᠤᠭᠳᠠᠭᠤᠯᠤᠨ᠎ᠠ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ᠂ ᠦᠢᠯᠡᠴᠢᠯᠡᠭᠡᠨ ᠤ  ᠪᠠᠷᠢᠮᠵᠢᠶ᠎ᠠ ᠶᠢ ᠲᠣᠭᠲᠠᠭᠠᠬᠤ ᠵᠢᠴᠢ ᠨᠡᠶᠢᠭᠡᠮ ᠳᠤ ᠢᠯᠡ ᠪᠣᠯᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃  ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ ᠲᠠᠸᠠᠷ ᠤᠨ ᠵᠢᠷᠤᠭᠠᠰᠤᠨ ᠲᠡᠮᠳᠡᠭ ᠵᠢᠴᠢ ᠢᠯᠭᠠᠬᠤ ᠲᠡᠮᠳᠡᠭ ᠵᠡᠷᠭᠡ ᠠᠵᠢᠯ ᠢ ᠬᠠᠷᠢᠭᠤᠴᠠᠨ᠎ᠠ᠃  ᠪᠠᠷᠢᠮᠵᠢᠶᠠᠵᠢᠭᠤᠯᠤᠨ ᠵᠣᠬᠢᠴᠠᠭᠤᠯᠬᠤ ᠲᠣᠭᠲᠠᠴᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃            ︵ᠬᠤᠷᠢ︶ ᠭᠡᠷᠡᠴᠢᠯᠡᠵᠦ ᠵᠥᠪᠰᠢᠶᠡᠷᠡᠬᠦ ᠪᠠ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠬᠢᠨᠠᠯᠲᠠ  ᠬᠠᠮᠢᠶᠠᠷᠤᠯᠲᠠ ᠶᠢᠨ ᠲᠠᠰᠤᠭ᠃ ᠭᠡᠷᠡᠴᠢᠯᠡᠵᠦ ᠵᠥᠪᠰᠢᠶᠡᠷᠡᠬᠦ ᠪᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠳᠤ  ᠬᠢᠨᠠᠯᠲᠠ ᠲᠠᠯᠪᠢᠵᠤ ᠬᠠᠮᠢᠶᠠᠷᠬᠤ ᠲᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠰᠠᠶᠢᠨ ᠳᠤᠷ᠎ᠠ ᠶᠢᠨ  ᠴᠢᠨᠠᠷᠲᠠᠶ ᠭᠡᠷᠡᠴᠢᠯᠡᠭᠡ ᠬᠢᠬᠦ ᠪᠠ ᠠᠯᠪᠠᠳᠠᠯᠭ᠎ᠠ ᠶᠢᠨ ᠴᠢᠨᠠᠷᠲᠠᠶ ᠪᠦᠲᠦᠭᠡᠭᠳᠡᠬᠦᠨ ᠤ ᠭᠡᠷᠡᠴᠢᠯᠡᠭᠡ ᠬᠢᠬᠦ ᠠᠵᠢᠯ ᠢ ᠬᠢᠨᠠᠨ  ᠬᠠᠮᠢᠶᠠᠷᠴᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠦᠨᠡᠮᠰᠢᠬᠦ ᠬᠢᠨᠠᠯᠲᠠ  ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠡᠷᠡᠴᠢᠯᠡᠵᠦ ᠵᠥᠪᠰᠢᠶᠡᠷᠡᠬᠦ᠂ ᠪᠠᠶᠢᠴᠠᠭᠠᠨ ᠰᠢᠯᠭᠠᠵᠤ ᠪᠠᠶᠢᠴᠠᠭᠠᠨ  ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠠᠬᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠡᠬᠢ  ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠥᠭᠡᠷᠡᠴᠢᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃              ︵ᠬᠤᠷᠢᠨ ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠰᠤᠭ᠃ ᠳᠡᠭᠡᠳᠦ  ᠱᠠᠲᠤᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ  ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠣᠰᠣᠭᠠᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ  ᠡᠷᠬᠡ ᠪᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ  ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ  ᠪᠠᠶᠢᠭᠤᠯᠤᠯᠲᠠ ᠶᠢ ᠡᠭᠦᠷᠭᠡᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ  ᠵᠢᠱᠢᠶ᠎ᠡ ᠦᠵᠡᠭᠦᠯᠬᠦ ᠠᠵᠢᠯ ᠢ ᠡᠭᠦᠷᠭᠡᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠵᠦ ᠬᠡᠷᠡᠭᠯᠡᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠲᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠵᠠᠳᠠᠯᠤᠨ ᠦᠨᠡᠯᠡᠬᠦ᠂ ᠰᠢᠯᠵᠢᠭᠦᠯᠦᠨ ᠬᠤᠪᠢᠷᠠᠭᠤᠯᠬᠤ᠂ ᠬᠡᠷᠡᠭᠯᠡᠬᠦ ᠵᠢᠴᠢ ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ ᠳᠠᠨᠵᠢᠯᠠᠵᠤ ᠪᠠᠯᠠ ᠳᠣᠭᠢᠷᠠᠭᠤᠯᠬᠤ ᠵᠢᠴᠢ ᠳᠠᠯᠳᠠ ᠬᠥᠷᠥᠩᠭᠡ ᠶᠢ ᠦᠨᠡᠯᠡᠨ ᠵᠢᠱᠢᠬᠦ ᠵᠡᠷᠭᠡ ᠠᠵᠢᠯ ᠢ  ᠵᠣᠬᠢᠴᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ  ᠬᠥᠭᠵᠢᠯᠲᠡ ᠶᠢ ᠠᠬᠢᠭᠤᠯᠤᠨ᠎ᠠ᠃ ᠲᠠᠸᠠᠷ ᠤᠨ ᠲᠡᠮᠳᠡᠭ ᠪᠠ ᠲᠤᠰᠬᠠᠶ ᠠᠰᠢᠭ ᠤᠨ ᠬᠠᠮᠠᠭᠠᠯᠠᠯᠲᠠ ᠵᠡᠷᠭᠡ ᠬᠤᠯᠪᠣᠭᠳᠠᠯ  ᠪᠥᠬᠦᠶ ᠲᠦᠷᠢᠮ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠮᠡᠳᠡᠯᠭᠡ ᠶᠢᠨ  ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ  ᠠᠵᠢᠯ ᠢ ᠡᠭᠦᠷᠭᠡᠯᠡᠨ᠎ᠡ᠃ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ  ᠵᠠᠭᠪᠤᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠬᠠᠮᠢᠶᠠᠷᠬᠤ ᠪᠠ  ᠦᠢᠯᠡᠴᠢᠯᠡᠬᠦ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃  ᠣᠬ ᠭᠠᠷᠤᠯᠲᠠ ᠶᠢᠨ ᠭᠠᠵᠠᠷ ᠤᠨ ᠭᠠᠵᠠᠷ ᠵᠦᠢ ᠶᠢᠨ ᠪᠡᠯᠭᠡ ᠳᠡᠮᠳᠡᠭ᠂ ᠬᠤᠷᠠᠮᠠᠯ ᠴᠠᠬᠢᠯᠭᠠᠨ ᠬᠡᠯᠬᠢᠶ᠎ᠡ ᠶᠢᠨ  ᠪᠠᠶᠢᠷᠢᠯᠠᠭᠤᠯᠤᠯᠲᠠ ᠶᠢᠨ ᠵᠢᠷᠤᠭ ᠲᠥᠯᠥᠪᠯᠡᠭᠡ ᠵᠡᠷᠭᠡ ᠠᠯᠪᠠᠨ ᠤ ᠲᠠᠯ᠎ᠠ ᠶᠢᠨ ᠬᠠᠮᠠᠭᠠᠯᠠᠯᠲᠠ ᠶᠢ ᠡᠭᠦᠷᠭᠡᠯᠡᠵᠦ᠂  ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ  ᠬᠠᠮᠠᠭᠠᠯᠠᠵᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠢ  ᠨᠠᠶᠢᠳᠠᠪᠤᠷᠢᠵᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ  ᠪᠠᠶᠢᠭᠤᠯᠤᠮᠵᠢ ᠶᠢ ᠬᠠᠤᠯᠢ ᠶᠣᠰᠣᠭᠠᠷ ᠬᠢᠨᠠᠨ ᠬᠠᠮᠢᠶᠠᠷᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ  ᠬᠠᠤᠯᠢ ᠬᠡᠷᠡᠭᠵᠢᠭᠦᠯᠬᠦ ᠬᠠᠮᠵᠢᠯᠴᠠᠭᠠᠨ ᠤ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃            ︵ᠬᠤᠷᠢᠨ ᠬᠤᠶᠠᠷ︶ ᠡᠮ ᠤᠨ ᠵᠦᠢᠯ ᠵᠠᠰᠠᠯ ᠴᠢᠮᠡᠭᠯᠡᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠲᠠᠰᠤᠭ᠃ ᠡᠮ ᠤᠨ ᠵᠦᠢᠯ ᠤᠨ ᠭᠦᠢᠯᠭᠡᠭᠡᠨ ᠤ ᠠᠶᠤᠯ ᠥᠭᠡᠢ ᠶᠢᠨ ᠪᠠᠶᠢᠳᠠᠯ ᠢ ᠡᠵᠡᠮᠰᠢᠨ ᠵᠠᠳᠠᠯᠬᠤ ᠶᠢᠨ ᠬᠠᠮᠲᠤ ᠠᠵᠢᠯ ᠤᠨ  ᠰᠠᠨᠠᠭᠤᠯᠭ᠎ᠠ ᠳᠤᠷᠠᠳᠬᠤ ᠬᠡᠷᠡᠭᠲᠡᠶ᠃ ᠡᠮ ᠤᠨ ᠵᠦᠢᠯ ︵ᠮᠣᠩᠭᠤᠯ ᠬᠢᠲᠠᠳ ᠡᠮ︶ ᠤᠨ ᠵᠢᠵᠢᠭᠯᠡᠨ ᠬᠤᠳᠠᠯᠳᠤᠬᠤ  ᠠᠵᠤ ᠠᠬᠤᠶᠢᠯᠠᠯ ᠪᠠ ᠬᠡᠷᠡᠭᠯᠡᠬᠦ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠮ ᠤᠨ  ᠵᠦᠢᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠣᠯᠤᠨ ᠬᠡᠷᠡᠭᠯᠡᠬᠦ ᠨᠢᠭᠡᠴᠡ ᠶᠢᠨ ᠠᠶᠤᠯ ᠥᠭᠡᠢ ᠶᠢ ᠪᠥᠬᠦ  ᠲᠠᠯ᠎ᠠ ᠪᠠᠷ ᠬᠢᠨᠠᠨ ᠬᠠᠮᠢᠶᠠᠷᠴᠤ᠂ ᠡᠮ ᠤᠨ ᠵᠦᠢᠯ ᠤᠨ ᠡᠵᠡᠩᠨᠡᠯᠲᠡ᠂ ᠬᠡᠷᠡᠭᠯᠡᠯᠲᠡ ᠶᠢᠨ ᠶᠠᠰᠤ ᠴᠢᠨᠠᠷ ᠤᠨ  ᠬᠠᠮᠢᠶᠠᠷᠤᠯᠲᠠ ᠶᠢᠨ ᠵᠢᠷᠤᠮᠵᠢᠯ ᠤᠨ ᠬᠡᠷᠡᠭᠵᠢᠭᠦᠯᠦᠯᠲᠡ ᠶᠢ ᠬᠢᠨᠠᠨ ᠵᠢᠯᠣᠭᠤᠳᠬᠤ ᠶᠢ ᠡᠭᠦᠷᠭᠡᠯᠡᠨ᠎ᠡ᠃ ᠡᠮ ᠤᠨ  ᠵᠦᠢᠯ ᠢ ᠲᠦᠷᠦᠯ ᠬᠤᠪᠢᠶᠠᠨ ᠬᠠᠮᠢᠶᠠᠷᠬᠤ ᠲᠦᠷᠢᠮ ᠢ ᠬᠢᠨᠠᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ  ᠮᠥᠴᠢᠷ ᠲᠠᠢ ᠬᠠᠮᠵᠢᠯᠴᠠᠨ ᠭᠦᠢᠯᠭᠡᠭᠡᠨ ᠤ ᠭᠤᠭᠴᠤᠭ᠎ᠠ ᠳᠤ ᠤᠯᠤᠰ ᠤᠨ ᠦᠨᠳᠦᠰᠦᠨ ᠡᠮ ᠤᠨ ᠵᠦᠢᠯ ᠤᠨ  ᠲᠦᠷᠢᠮ ᠢ ᠬᠡᠷᠡᠭᠵᠢᠭᠦᠯᠦᠨ᠎ᠡ᠃ ᠡᠮ ᠤᠨ ᠵᠦᠢᠯ ᠢ ᠡᠵᠡᠩᠨᠡᠬᠦ᠂ ᠬᠡᠷᠡᠭᠯᠡᠬᠦ ᠭᠤᠭᠴᠤᠭ᠎ᠠ ᠶᠢ ᠲᠤᠬᠠᠶ ᠶᠢᠨ ᠭᠠᠵᠠᠷ ᠲᠤᠨᠢ  ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠷᠬᠡ ᠮᠡᠳᠡᠯ ᠤᠨ ᠬᠡᠪᠴᠢᠶ᠎ᠡ ᠶᠣᠰᠣᠭᠠᠷ ᠡᠮᠴᠢᠯᠡᠭᠡᠨ ᠳᠤ  ᠬᠡᠷᠡᠭᠯᠡᠬᠦ ᠬᠤᠣᠷᠲᠤ ᠴᠢᠨᠠᠷᠲᠠᠶ ᠡᠮ ᠤᠨ ᠬᠡᠷᠡᠭᠰᠡᠯ᠂ ᠮᠢᠨᠴᠦᠷᠡᠭᠦᠯᠬᠦ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂  ᠰᠠᠴᠤᠷᠠᠭ ᠴᠢᠨᠠᠷᠲᠠᠶ ᠡᠮ ᠤᠨ ᠵᠦᠢᠯ ᠪᠠ ᠡᠮ ᠤᠨ ᠵᠦᠢᠯ ᠤᠨ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ  ᠵᠦᠢᠯ ᠢ ᠬᠢᠨᠠᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠵᠠᠰᠠᠯ ᠴᠢᠮᠡᠭ ᠤᠨ ᠡᠳ᠋ ᠤᠨ ᠭᠦᠢᠯᠭᠡᠭᠡᠨ ᠤ ᠬᠦᠷᠢᠶᠡᠨ ᠤ  ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠵᠠᠰᠠᠯ ᠴᠢᠮᠡᠭ ᠤᠨ  ᠡᠳ᠋ ᠤᠨ ᠡᠵᠡᠩᠨᠡᠯᠲᠡ ᠶᠢᠨ  ᠬᠦᠷᠢᠶᠡᠨ ᠤ ᠠᠶᠤᠯ ᠥᠭᠡᠢ ᠶᠢ ᠪᠥᠬᠦ ᠲᠠᠯ᠎ᠠ ᠪᠠᠷ ᠬᠢᠨᠠᠨ ᠬᠠᠮᠢᠶᠠᠷᠬᠤ᠂ ᠵᠠᠳᠠᠯᠤᠯᠲᠠ ᠬᠢᠬᠦ ᠪᠠ ᠲᠤᠬᠠᠶ ᠶᠢᠨ  ᠭᠠᠵᠠᠷ ᠲᠤᠨᠢ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ ᠣᠨᠴᠣᠭᠤᠶ ᠪᠤᠰᠤ ᠭᠤᠶᠣᠯᠠᠯ ᠤᠨ ᠡᠳ᠋ ᠢ ᠳᠠᠩᠰᠠᠯᠠᠬᠤ  ᠠᠵᠢᠯ ᠢ ᠬᠠᠷᠢᠭᠤᠴᠠᠨ᠎ᠠ᠃ ᠵᠠᠰᠠᠯ ᠴᠢᠮᠡᠭ ᠤᠨ ᠡᠳ᠋ ᠤᠨ ᠡᠵᠡᠩᠨᠡᠯᠲᠡ ᠶᠢᠨ ᠬᠦᠷᠢᠶᠡᠨ ᠳᠠᠬᠢ ᠬᠢᠨᠠᠯᠲᠠ  ᠬᠠᠮᠢᠶᠠᠷᠤᠯᠲᠠ ᠶᠢᠨ  ᠠᠵᠢᠯ ᠢ ᠵᠤᠬᠢᠶᠠᠨ ᠪᠠᠶᠢᠭᠤᠯᠵᠤ ᠦᠷᠨᠢᠭᠦᠯᠦᠨ᠎ᠡ᠃            ︵ᠬᠤᠷᠢᠨ ᠭᠤᠷᠪᠠ︶ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠲᠠᠰᠤᠭ᠃  ᠬᠠᠷᠢᠶᠠᠲᠤ ᠣᠷᠣᠨ ᠤ ᠳᠣᠲᠣᠷᠠᠬᠢ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠠᠵᠢᠯ ᠢ ᠵᠣᠬᠢᠶᠠᠨ  ᠪᠠᠶᠢᠭᠤᠯᠤᠨ ᠥᠷᠨᠢᠭᠦᠯᠦᠨ᠎ᠡ᠃ ᠬᠠᠷᠢᠶᠠᠲᠤ ᠣᠷᠣᠨ ᠤ ᠳᠣᠲᠣᠷᠠᠬᠢ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ  ᠬᠠᠮᠢᠶᠠᠷᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠥᠯᠥᠪᠯᠡᠬᠦ ᠶᠢᠨ ᠬᠠᠮᠲᠤ ᠵᠣᠬᠢᠶᠠᠨ ᠪᠠᠶᠢᠭᠤᠯᠤᠨ  ᠨᠠᠶᠢᠳᠠᠪᠤᠷᠢᠵᠢᠭᠤᠯᠤᠨ᠎ᠠ᠃ ᠤᠯᠤᠰ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠪᠠᠷᠢᠮᠵᠢᠶ᠎ᠠ ᠪᠠ ᠲᠥᠷᠥᠯ ᠬᠤᠪᠢᠶᠠᠨ  ᠬᠠᠮᠢᠶᠠᠷᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠤᠨ  ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠪᠠ ᠬᠡᠷᠡᠭᠯᠡᠯᠲᠡ ᠶᠢᠨ ᠶᠠᠰᠤ ᠴᠢᠨᠠᠷ ᠤᠨ ᠬᠢᠨᠠᠯᠲᠠ  ᠬᠠᠮᠢᠶᠠᠷᠤᠯᠲᠠ ᠶᠢᠨ ᠠᠷᠭ᠎ᠠ ᠶᠢᠨ ᠬᠡᠷᠡᠭᠵᠢᠭᠦᠯᠬᠦ ᠶᠢ ᠬᠢᠨᠠᠨ ᠵᠢᠯᠤᠭᠤᠳᠤᠨ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠢ  ᠡᠵᠡᠩᠨᠡᠬᠦ᠂ ᠬᠡᠷᠡᠭᠯᠡᠬᠦ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ  ᠥᠷᠨᠢᠭᠦᠯᠦᠨ᠎ᠡ᠃ ᠰᠦᠯᠵᠢᠶ᠎ᠡ ᠪᠠᠷ ᠪᠣᠷᠣᠯᠠᠭᠤᠯᠬᠤ ᠡᠮᠴᠢᠯᠡᠭᠡᠨ ᠤ ᠪᠠᠭᠠᠵᠢ ᠬᠡᠷᠡᠭᠰᠡᠯ ᠳᠤ ᠬᠠᠤᠯᠢ ᠶᠣᠰᠣᠭᠠᠷ ᠬᠢᠨᠠᠯᠲᠠ  ᠬᠠᠮᠢᠶᠠᠷᠤᠯᠲᠠ ᠶᠠᠪᠤᠭᠤᠯᠤᠨ᠎ᠠ᠃            ︵ᠬᠤᠷᠢᠨ ᠳᠦᠷᠪᠡ︶ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠲᠠᠰᠤᠭ᠃ ᠬᠠᠮᠢᠶ᠎ᠠ  ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠵᠤ  ᠬᠡᠷᠡᠭᠵᠢᠭᠦᠯᠦᠨ᠂ ᠪᠥᠬᠦ  ᠲᠤᠭᠤᠷᠢᠭ ᠤᠨ ᠶᠠᠰᠤ ᠴᠢᠨᠠᠷ ᠤᠨ ᠰᠠᠭᠤᠷᠢ ᠪᠡᠯᠡᠳᠬᠡᠮᠵᠢ ᠵᠡᠷᠭᠡ ᠴᠢᠬᠤᠯᠠ ᠶᠡᠭᠡ ᠰᠢᠨᠵᠢᠯᠡᠬᠦ  ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ  ᠰᠤᠳᠤᠯᠤᠯ ᠤᠨ ᠪᠣᠭᠤᠮᠲᠠ ᠰᠢᠪᠲᠤᠯᠬᠤ᠂ ᠬᠠᠮᠲᠤᠷᠠᠯᠴᠠᠨ ᠰᠣᠯᠢᠯᠴᠠᠬᠤ᠂ ᠦᠷ᠎ᠡ ᠪᠦᠲᠦᠭᠡᠯ ᠢ ᠬᠡᠷᠡᠭᠯᠡᠬᠦ ᠵᠡᠷᠭᠡ  ᠠᠵᠢᠯ ᠢ ᠡᠭᠦᠷᠭᠡᠯᠡᠨ᠎ᠡ᠃ ᠪᠥᠬᠦ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ  ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠨᠢᠭᠡᠳᠦᠯᠲᠡᠶ ᠲᠥᠯᠥᠪᠯᠡᠬᠦ᠂ ᠵᠢᠯᠣᠭᠤᠳᠤᠨ ᠬᠡᠷᠡᠭᠵᠢᠭᠦᠯᠬᠦ ᠵᠡᠷᠭᠡ  ᠠᠵᠢᠯ ᠢ ᠡᠭᠦᠷᠭᠡᠯᠡᠨ᠎ᠡ᠃            ︵ᠬᠤᠷᠢᠨ ᠲᠠᠪᠤ︶ ᠨᠠᠮ ᠤᠨ ᠪᠠᠶᠢᠭᠤᠯᠤᠯᠲᠠ ᠶᠢᠨ ᠠᠯᠪᠠᠨ ᠬᠡᠷ᠃ ᠪᠠᠶᠢᠭᠤᠯᠭ᠎ᠠ ᠪᠠ ᠬᠠᠷᠢᠶ᠎ᠠ  ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠤᠯᠠᠨ ᠲᠦᠮᠡᠨ ᠤ ᠪᠦᠯᠬᠦᠮ᠂  ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠵᠢᠯ ᠢ ᠬᠠᠷᠢᠭᠤᠴᠠᠨ᠎ᠠ᠃ ᠵᠠᠬ᠎ᠠ  ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ᠂ ᠠᠵᠢᠯᠲᠠᠨ ᠤ ᠡᠳᠦᠷ ᠲᠤᠲᠤᠮ ᠤᠨ ᠠᠵᠢᠯ ᠵᠢᠴᠢ ᠦᠢᠯᠡ ᠠᠵᠢᠯᠯᠠᠭ᠎ᠠ ᠶᠢᠨ ᠵᠢᠷᠤᠮᠵᠢᠯ ᠳᠤ ᠬᠢᠨᠠᠨ ᠪᠠᠶᠢᠴᠠᠭᠠᠯᠲᠠ  ᠬᠢᠨ᠎ᠠ᠃            ︵ᠬᠤᠷᠢᠨ ᠵᠢᠷᠭᠤᠭ᠎ᠠ︶ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ  ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ  ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ  ᠥᠷᠨᠢᠭᠦᠯᠦᠨ᠎ᠡ᠃ ᠬᠤᠪᠢ ᠶᠢᠨ ᠪᠠ ᠬᠤᠪᠢ ᠶᠢᠨ ᠠᠵᠤ ᠠᠬᠤᠶ᠂ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ  ᠡᠪᠯᠡᠯ ᠢ ᠪᠠᠶᠢᠭᠤᠯᠬᠤ ᠠᠵᠢᠯ ᠢ ᠵᠢᠯᠣᠭᠤᠳᠤᠨ᠎ᠠ᠃   ᠬᠤᠶᠠᠷ᠂ ᠵᠠᠬ᠎ᠠ ᠳᠡᠯᠭᠡᠭᠦᠷ ᠤᠨ ᠭᠠᠵᠠᠷ            ︵1︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ  ᠲᠣᠭᠲᠠᠭᠠᠯ᠂ ᠲᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠤᠭᠤᠰᠢᠯᠠᠭᠤᠯᠤᠨ  ᠬᠡᠷᠡᠭᠵᠢᠭᠦᠯᠦᠨ᠎ᠡ᠃            ︵2︶ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠠᠬ᠎ᠠ ᠳᠡᠯᠭᠡᠭᠦᠷ ᠤᠨ  ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ︽ᠬᠤᠤᠰ  ᠲᠣᠬᠢᠶᠠᠯᠳᠤᠯ︾ ᠢᠶᠠᠷ ᠪᠠᠶᠢᠴᠠᠭᠠᠬᠤ᠂ ᠬᠠᠮᠢᠶ᠎ᠠ ᠪᠥᠬᠦᠶ ᠵᠥᠪᠰᠢᠶᠡᠷᠡᠯ ᠤᠨ ᠳᠠᠷᠠᠭ᠎ᠠ ᠰᠢᠯᠭᠠᠨ ᠠᠪᠬᠤ᠂ ᠲᠤᠰᠬᠠᠶ  ᠵᠦᠢᠯ ᠢᠶᠠᠷ ᠴᠡᠭᠴᠡᠯᠡᠨ ᠵᠠᠰᠠᠬᠤ ᠵᠡᠷᠭᠡ ᠠᠵᠢᠯ ᠢ ᠥᠷᠨᠢᠭᠦᠯᠵᠦ᠂ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ  ᠰᠢᠢᠳᠪᠦᠷᠢᠯᠡᠬᠦ ᠶᠣᠰᠣᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠵᠣᠬᠢᠬᠤ ᠬᠠᠤᠯᠢ  ᠬᠡᠷᠡᠭᠵᠢᠭᠦᠯᠬᠦ ᠠᠩᠭᠢ ᠳᠤ ᠰᠢᠯᠵᠢᠭᠦᠯᠦᠨ ᠲᠤᠰᠢᠶᠠᠵᠤ ᠬᠡᠷᠡᠭ ᠪᠣᠯᠭᠠᠨ ᠳᠡᠩᠰᠡᠯᠡᠵᠦ ᠰᠢᠢᠳᠪᠦᠷᠢᠯᠡᠭᠦᠯᠦᠨ᠎ᠡ᠃            ︵3︶ ᠬᠠᠷᠢᠶ᠎ᠠ ᠣᠷᠣᠨ ᠤ ᠳᠣᠲᠣᠷᠠᠬᠢ ᠬᠡᠷᠡᠭᠯᠡᠭᠴᠢᠳ ᠤᠨ ᠠᠰᠠᠭᠤᠨ ᠯᠠᠪᠯᠠᠬᠤ᠂ ᠵᠠᠭᠠᠯᠳᠤᠬᠤ᠂  ᠢᠯᠡᠴᠢᠯᠡᠨ ᠮᠡᠳᠡᠭᠦᠯᠬᠦ ᠪᠠ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠰᠢᠯᠵᠢᠭᠦᠯᠦᠨ  ᠰᠢᠢᠳᠪᠦᠷᠢᠯᠡᠭᠦᠯᠬᠦ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠳᠤ ᠵᠠᠭᠠᠯᠳᠤᠯᠭ᠎ᠠ᠂ ᠬᠡᠷᠡᠭ ᠢ  ᠰᠢᠯᠵᠢᠭᠦᠯᠬᠦ ᠳᠤ ᠬᠤᠯᠪᠣᠭᠳᠠᠪᠠᠯ ᠵᠣᠬᠢᠴᠠᠩᠭᠤᠶ ᠬᠠᠤᠯᠢ ᠬᠡᠷᠡᠭᠵᠢᠭᠦᠯᠬᠦ ᠠᠩᠭᠢ ᠳᠤ ᠰᠢᠯᠵᠢᠭᠦᠯᠦᠨ ᠥᠭᠴᠦ  ᠰᠢᠢᠳᠪᠦᠷᠢᠯᠡᠭᠦᠯᠦᠨ᠎ᠡ᠃            ︵4︶ ᠬᠠᠷᠢᠶ᠎ᠠ ᠣᠷᠣᠨ ᠤ ᠳᠣᠲᠣᠷᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠡᠨᠡᠳᠲᠡ ᠶᠢᠨ  ᠬᠡᠷᠡᠭ ᠢ ᠠᠷᠭᠠᠴᠠᠨ ᠰᠢᠢᠳᠪᠦᠷᠢᠯᠡᠨ᠎ᠡ᠃            ︵5︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ  ᠲᠤᠰᠢᠶᠠᠯ ᠬᠠᠷᠢᠭᠤᠴᠠᠯᠭ᠎ᠠ᠃            ︵6︶ ᠬᠠᠷᠢᠶ᠎ᠠ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠲᠤᠰᠢᠶᠠᠭᠰᠠᠨ ᠠᠵᠢᠯ ᠤᠨ ᠡᠭᠦᠷᠭᠡ ᠶᠢ  ᠪᠡᠶᠡᠯᠡᠭᠦᠯᠦᠨ᠎ᠡ᠃            ︵7︶ ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ  ᠪᠡᠶᠡᠯᠡᠭᠦᠯᠦᠨ᠎ᠡ᠃          ᠭᠤᠷᠪᠠ᠂ ᠬᠠᠤᠯᠢ ᠬᠡᠷᠡᠭᠵᠢᠭᠦᠯᠬᠦ ᠠᠩᠬᠢ            ︵1︶ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠵᠠᠬ᠎ᠠ ᠳᠡᠯᠭᠡᠭᠦᠷ ᠤᠨ  ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ  ᠰᠢᠢᠳᠪᠦᠷᠢᠯᠡᠨ᠎ᠡ᠃            ︵2︶ ᠶᠡᠷᠦᠩᠬᠡᠶᠢᠯᠡᠨ ᠰᠤᠭᠤᠴᠢᠨ ᠪᠠᠶᠢᠴᠠᠭᠠᠬᠤ ᠡᠭᠦᠷᠭᠡ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃            ︵3︶ ᠪᠦᠬᠦ ᠲᠠᠯ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠬᠤᠷᠢᠶᠠᠩᠭᠤᠶᠢᠯᠠᠨ᠎ᠠ᠃            ︵4︶ ᠳᠤᠭᠤᠶᠢᠯᠠᠩ ᠨᠢ ᠵᠠᠬ᠎ᠠ ᠳᠡᠯᠭᠡᠭᠦᠷ ᠲᠠᠢ ᠬᠠᠮᠵᠢᠯᠴᠠᠵᠤ ᠪᠠᠶᠢᠭᠠᠳ ︽ᠬᠤᠣᠰ ᠲᠣᠬᠢᠶᠠᠯᠳᠤᠯ︾ ᠤᠨ  ᠪᠠᠶᠢᠴᠠᠭᠠᠯᠲᠠ ᠶᠢ ᠪᠡᠶᠡᠯᠡᠭᠦᠯᠦᠨ᠎ᠡ᠃           ︵5︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠢᠯᠡᠷᠡᠭᠦᠯᠦᠭᠰᠡᠨ ᠪᠠᠭᠤᠷᠠᠶ ᠭᠤᠭᠴᠤᠭ᠎ᠠ  ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠡᠭ ᠲᠤ ᠴᠢᠭᠯᠡᠭᠦᠯᠦᠨ᠂ ᠮᠥᠷᠳᠡᠨ ᠪᠠᠶᠢᠴᠠᠭᠠᠬᠤ ᠰᠠᠨᠠᠭᠤᠯᠭ᠎ᠠ  ᠳᠤᠷᠠᠳᠴᠤ᠂ ᠵᠠᠬ᠎ᠠ ᠳᠡᠯᠭᠡᠭᠦᠷ ᠤᠨ ᠭᠠᠵᠠᠷ ᠲᠤ ᠲᠤᠰᠢᠶᠠᠨ ᠰᠢᠢᠳᠪᠦᠷᠢᠯᠡᠭᠦᠯᠵᠦ᠂ ᠬᠢᠨᠠᠯᠲᠠ ᠬᠠᠮᠢᠶᠠᠷᠤᠯᠲᠠ ᠪᠠᠨ  ᠴᠢᠩᠭᠠᠳᠬᠠᠵᠤ ᠪᠣᠯᠤᠨ᠎ᠠ᠃            ︵6︶ 12315 ᠶᠢᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠨ᠎ᠡ᠃              ᠬᠠᠶ᠋ᠢᠭ᠄ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠠᠰᠠᠷ 304 ᠲᠠᠰᠤᠭ ︵ᠪᠠᠪᠠᠢ ᠨᠠᠭᠤᠷ ᠤᠨ ᠶᠡᠭᠡ ᠬᠥᠭᠦᠷᠭᠡ ᠶᠢᠨ ᠪᠠᠷᠠᠭᠤᠨ ᠡᠮᠦᠨ᠎ᠡ 240 ᠮᠧᠲᠷ︶ ᠤᠨ      ᠬᠠᠷᠢᠯᠴᠠᠬᠤ ᠤᠲᠠᠰᠤ᠄ 0471 - 3165402      ᠠᠵᠢᠯᠯᠠᠬᠤ ᠴᠠᠭ᠄ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 1᠄ 30 - 5᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ      
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号