ᠰᠠᠶᠢᠬᠠᠨ ᠲᠣᠭᠤᠷᠢᠭ᠄ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠭᠠᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/1
       ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠥᠬᠡᠬᠤᠲᠠ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠰᠠᠶᠢᠬᠠᠨ ᠲᠣᠭᠤᠷᠢᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠵᠢᠯ ᠤᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃          ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠢᠩᠲᠦ ᠲᠣᠰᠬᠤᠨ ᠳᠤ᠂ ᠬᠥᠬᠡᠬᠤᠲᠠ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠪᠠ᠂ ᠰᠤᠷᠪᠤᠯᠵᠢᠯᠠᠭᠴᠢ ᠲᠤᠬᠠᠢ ᠶᠢᠨ ᠲᠠᠯᠠᠪᠠᠢ ᠳᠤ᠂ ᠤᠯᠠᠨ ᠲᠣᠮᠣ ᠬᠡᠯᠪᠡᠷᠢ ᠶᠢᠨ ᠮᠠᠰᠢᠨ ᠪᠠᠴᠢᠮ ᠶᠠᠭᠠᠷᠠᠯᠲᠠᠢ ᠠᠵᠢᠯᠯᠠᠵᠤ᠂ ᠰᠢᠨ᠎ᠡ ᠪᠠᠷ ᠣᠷᠣᠭᠤᠯᠤᠭᠰᠠᠨ ︽ᠲᠠᠷᠢᠶᠠᠨ ᠭᠠᠵᠠᠷ︾ ᠢ ᠨᠢᠭᠡ ᠴᠣᠭᠴᠠᠵᠢᠭᠤᠯᠤᠭᠰᠠᠨ ᠡᠭᠦᠯᠡᠨ ᠲᠦᠷᠦᠭᠦᠦ ᠬᠡᠰᠡᠭ ᠨᠢ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ︽ᠰᠢᠨ᠎ᠡ ᠠᠮᠢᠵᠢᠷᠠᠯ ᠤᠨ ᠬᠦᠴᠦᠨ︾ ᠨᠡᠮᠡᠷᠢᠯᠡᠵᠦ ᠪᠠᠶᠢᠬᠤ ᠶᠢ ᠣᠯᠵᠤ ᠬᠠᠷᠠᠪᠠ᠃ ᠣᠶᠢᠯᠠᠭᠠᠭᠰᠠᠨ ᠢᠶᠠᠷ᠂ 2024 ᠣᠨ ᠳᠤ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠢᠩᠲᠦ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠶᠢᠲᠤ ᠬᠡᠰᠡᠭ ᠤᠨ ᠬᠡᠷᠡᠭᠵᠢᠭᠦᠯᠦᠭᠰᠡᠨ ᠲᠠᠯᠠᠪᠠᠶ ᠨᠢ 3500 ᠮᠦ᠂ ᠡᠮᠦᠨ᠎ᠡ ᠬᠡᠰᠡᠭ ᠤᠨ ᠬᠡᠷᠡᠭᠵᠢᠭᠦᠯᠦᠭᠰᠡᠨ ᠲᠠᠯᠠᠪᠠᠶ ᠨᠢ 1800 ᠮᠦ ᠪᠣᠯᠣᠨ᠎ᠠ᠃ ᠡᠭᠦᠨ ᠳᠤ ᠢᠩᠲᠦ ᠲᠣᠰᠬᠤᠨ ᠤ ᠡᠮᠦᠨ᠎ᠡ ᠬᠡᠰᠡᠭ ᠨᠢ ᠲᠣᠰ ᠤᠳᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠠᠴᠢᠯᠠᠭᠰᠠᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠪᠣᠯᠤᠭᠰᠠᠨ ᠤ ᠬᠤᠪᠢ ᠳᠤ᠂ ︽ᠲᠠᠷᠢᠶᠠᠨ ᠭᠠᠵᠠᠷ ᠲᠤ ᠪᠠᠶᠠᠰᠤᠯ ᠲᠠᠢ︾ ᠭᠡᠬᠦ ᠲᠣᠭᠠᠴᠢᠯᠠᠭᠰᠠᠨ ᠲᠠᠷᠢᠶᠠᠯᠠᠩ ᠤᠨ ᠡᠭᠦᠯᠡᠨ ᠲᠠᠪᠴᠠᠩ ᠤᠨ ᠰᠢᠰᠲ᠋ᠧᠮ ᠢ ᠣᠷᠣᠭᠤᠯᠵᠤ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠲᠥᠪᠯᠡᠷᠡᠭᠰᠡᠨ ᠵᠥᠭᠡᠯᠡᠨ ᠲᠣᠨᠤᠭ ᠤᠨ ᠰᠢᠰᠲ᠋ᠧᠮ᠂ ᠲᠠᠷᠢᠶᠠᠯᠠᠩ ᠤᠨ ᠳᠥᠷᠪᠡᠨ ᠪᠠᠶᠢᠳᠠᠯ ᠢ ᠬᠢᠨᠠᠨ ᠬᠡᠮᠵᠢᠬᠦ ᠰᠢᠰᠲ᠋ᠧᠮ᠂ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠤᠨ ᠲᠤᠭ᠎ᠠ ᠪᠠᠷᠢᠮᠲᠠ ᠶᠢ ᠴᠤᠭᠯᠠᠭᠤᠯᠬᠤ ᠰᠢᠰᠲ᠋ᠧᠮ᠂ ᠣᠶᠤᠨᠴᠢ ᠡᠵᠡᠮᠰᠢᠯ ᠤᠨ ᠰᠢᠰᠲ᠋ᠧᠮ᠂ ᠤᠲᠠᠰᠤ ᠦᠭᠡᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ᠂ ᠤᠰᠤᠨ ᠬᠦᠴᠦᠨ ᠤ ᠡᠵᠡᠮᠳᠡᠯ ᠤᠨ ᠨᠡᠭᠡᠯᠡᠭᠡᠢ ︵ᠴᠠᠬᠢᠯᠭᠠᠨ ᠰᠣᠷᠢᠨᠵᠢᠨ ᠨᠡᠭᠡᠯᠡᠭᠡᠢ︶ ᠵᠡᠷᠭᠡ ᠲᠡᠷᠢᠭᠦᠨ ᠤ ᠠᠷᠭ᠎ᠠ ᠪᠠᠷᠢᠯ ᠢᠶᠠᠷ ᠳᠠᠮᠵᠢᠭᠤᠯᠤᠨ᠂ ᠪᠦᠬᠦ᠋ᠢᠯᠡ ᠲᠥᠷᠥᠯ ᠵᠦᠢᠯ ᠤᠨ ᠲᠣᠭᠤᠷᠢᠭ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠪᠠ ᠲᠣᠭᠠᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠢᠭᠡ ᠬᠡᠰᠡᠭ ᠳᠡᠯᠭᠡᠴᠡ᠂ ᠨᠢᠭᠡ ᠵᠢᠷᠤᠭ ᠨᠢ ᠳᠠᠷᠤᠢ ᠪᠦᠬᠦ᠋ᠢᠯᠡ ᠬᠦᠷᠢᠶᠡᠯᠡᠩ ᠲᠣᠭᠤᠷᠢᠭ ᠢ ᠳᠡᠯᠭᠡᠨ ᠦᠵᠡᠭᠦᠯᠵᠦ ᠬᠠᠮᠢᠶᠠᠷᠴᠤ᠂ ︽ᠨᠢᠭᠡ ᠵᠢᠷᠤᠭ ᠢᠶᠠᠷ ︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ ᠠᠰᠠᠭᠤᠳᠠᠯ ᠢ ᠠᠵᠢᠭᠯᠠᠵᠤ ︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ ᠠᠰᠠᠭᠤᠳᠠᠯ ᠢ ᠠᠵᠢᠭᠯᠠᠵᠤ ᠪᠣᠯᠣᠨ᠎ᠠ᠃
           2024 ᠣᠨ ᠳᠤ᠂ ᠰᠠᠶᠢᠬᠠᠨ ᠲᠣᠭᠤᠷᠢᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠲᠠᠷᠢᠶᠠᠯᠠᠩ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠪᠦᠬᠦ ᠵᠢᠯ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ 4.5 ᠲᠦᠮᠡᠨ ᠮᠦ ᠬᠡᠷᠡᠭᠵᠢᠭᠦᠯᠬᠦ ᠪᠥᠭᠡᠳ ᠪᠦᠬᠦᠨ ᠢᠶᠠᠷ ᠢᠶᠠᠨ ᠥᠨᠳᠥᠷ ᠪᠦᠲᠦᠮᠵᠢᠲᠡᠢ ᠤᠰᠤ ᠠᠷᠪᠢᠯᠠᠬᠤ ᠳᠤᠰᠤᠯᠭᠠᠨ ᠤᠰᠤᠯᠠᠬᠤ ᠲᠦᠷᠦᠯ ᠵᠦᠢᠯ ᠪᠠᠶᠢᠵᠤ᠂ 4 ᠪᠠᠯᠭᠠᠰᠤ᠂ ᠵᠡᠭᠡᠯᠢ ᠭᠤᠳᠤᠮᠵᠢ᠂ 15 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠵᠤ᠂ ᠶᠡᠷᠦᠩᠬᠡᠢ ᠪᠡᠯᠡ ᠣᠷᠣᠭᠤᠯᠤᠯᠲᠠ ᠨᠢ 1.1 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠤᠰᠤ ᠠᠷᠪᠢᠯᠠᠬᠤ ᠴᠢᠳᠠᠪᠤᠷᠢ᠂ ᠬᠥᠷᠥᠰᠥ ᠰᠢᠷᠣᠢ ᠶᠢᠨ ᠬᠦᠴᠦ ᠪᠠ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠶᠢᠬᠠᠨ ᠲᠣᠭᠤᠷᠢᠭ ᠤᠨ ᠣᠳᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ᠂ ᠣᠶᠤᠨᠴᠢ ᠲᠠᠷᠢᠶᠠᠯᠠᠩ ᠵᠡᠷᠭᠡ ᠰᠠᠭᠤᠷᠢ ᠳᠠᠪᠠᠭᠤᠯᠢᠭ ᠲᠠᠢ ᠪᠠᠶᠢᠵᠤ᠂ ᠳᠠᠪᠬᠤᠴᠠᠭᠰᠠᠨ ᠦᠢᠯᠡᠳᠦᠯ ᠢ ᠪᠣᠶ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠪᠠ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠠᠩ ᠣᠯᠠᠨ ᠲᠠᠷᠢᠶᠠᠴᠢᠨ ᠲᠦᠮᠡᠨ ᠳᠤ ᠠᠰᠢᠭ ᠬᠦᠷᠲᠡᠭᠡᠨ᠎ᠡ᠃
           ᠲᠠᠷᠢᠶᠠᠯᠠᠩ ᠤᠨ ᠮᠠᠰᠢᠨ ᠢ ᠪᠠᠶᠢᠴᠠᠭᠠᠨ ᠵᠠᠰᠠᠬᠤ ᠪᠣᠯ ᠪᠠᠰᠠ ᠴᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠤᠷᠤᠭᠰᠢᠲᠠᠢ ᠬᠢᠬᠦ ᠶᠢᠨ ᠴᠢᠬᠤᠯᠠ ᠪᠠᠲᠤᠯᠠᠭ᠎ᠠ ᠮᠥᠨ᠃ ᠰᠠᠶᠢᠬᠠᠨ ᠲᠣᠭᠤᠷᠢᠭ ᠤᠨ ᠪᠠᠶᠠᠨ ᠵᠡᠭᠡᠯᠢ ᠭᠤᠳᠤᠮᠵᠢ ᠶᠢᠨ ᠦ᠋ ᠯᠦ ᠲᠣᠰᠬᠤᠨ ᠤ ᠸᠠᠨ ᠯᠢᠨ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ᠳᠤ᠂ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠡᠯ᠎ᠡ ᠲᠦᠷᠦᠯ ᠤᠨ ᠲᠠᠷᠢᠶᠠᠯᠠᠩ ᠤᠨ ᠮᠠᠰᠢᠨ ᠪᠠᠭᠠᠵᠢ ᠲᠡᠷᠢ ᠲᠡᠭᠰᠢ ᠵᠣᠭᠰᠣᠵᠤ᠂ ᠲᠡᠮᠦᠷᠯᠢᠭ ᠮᠥᠷᠭᠦᠯᠳᠦᠬᠦ ᠳᠠᠭᠤᠨ ᠲᠠᠰᠤᠷᠠᠯᠲᠠ ᠦᠭᠡᠢ ᠤᠯᠠᠮᠵᠢᠯᠠᠭᠳᠠᠵᠤ᠂ ᠮᠡᠷᠭᠡᠵᠢᠯ ᠤᠨ ᠠᠵᠢᠯᠲᠠᠳ ᠲᠠᠷᠢᠶᠠᠯᠠᠩ ᠤᠨ ᠮᠠᠰᠢᠨ ᠮᠧᠬᠠᠨᠢᠭ ᠢ ᠵᠠᠰᠠᠨ ᠰᠡᠯᠪᠢᠵᠦ ᠠᠷᠠᠴᠢᠯᠠᠨ ᠬᠠᠮᠠᠭᠠᠯᠠᠵᠤ᠂ ᠳᠠᠷᠠᠭᠠᠴᠢ ᠶᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠤᠷᠤᠭᠰᠢᠲᠠᠢ ᠠᠵᠢᠯᠯᠠᠬᠤ ᠶᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠠᠮᠠᠭᠠᠯᠠᠵᠤ ᠪᠠᠶᠢᠨ᠎ᠠ᠃ ᠣᠶᠢᠯᠠᠭᠠᠭᠰᠠᠨ ᠢᠶᠠᠷ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠦᠨᠡᠨ ᠬᠦ ᠰᠠᠶᠢᠲᠤᠷ ᠦᠢᠯᠡᠴᠢᠯᠡᠬᠦ ᠶᠢᠨ ᠲᠥᠯᠥᠭᠡ᠂ ᠰᠠᠶᠢᠬᠠᠨ ᠲᠣᠭᠤᠷᠢᠭ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠮᠪᠠᠢ ᠪᠠᠶᠢᠷᠢᠯᠠᠭᠤᠯᠵᠤ᠂ ᠬᠠᠷᠢᠶᠠᠲᠤ ᠣᠷᠣᠨ ᠤ ᠲᠠᠷᠢᠶᠠᠯᠠᠩ ᠤᠨ ᠮᠠᠰᠢᠨ ᠤ ᠡᠵᠡᠨ ᠢ ᠰᠢᠮᠳᠠᠭᠤᠯᠵᠤ ᠪᠠᠶᠢᠭᠠᠳ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠬᠤ ᠠᠵᠢᠯ ᠢ ᠲᠦᠷᠭᠡᠨ ᠥᠷᠨᠢᠭᠦᠯᠬᠦ ᠶᠢᠨ ᠬᠠᠮᠲᠤ᠂ ᠮᠡᠷᠭᠡᠵᠢᠯᠲᠡᠨ ᠢ ᠢᠳᠡᠪᠬᠢᠲᠡᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤ ᠲᠠᠷᠢᠶᠠᠯᠠᠩ ᠤᠨ ᠮᠠᠰᠢᠨ ᠪᠠᠭᠠᠵᠢ ᠶᠢ ᠰᠡᠯᠪᠢᠨ ᠵᠠᠰᠠᠬᠤ᠂ ᠦᠢᠯᠡᠴᠢᠯᠡᠭᠡ ᠶᠢ ᠪᠠᠲᠤᠯᠠᠬᠤ ᠪᠠ ᠠᠶᠤᠯᠭᠦᠢ ᠦᠢᠯᠡᠳᠪᠦᠷᠢᠯᠡᠬᠦ ᠵᠡᠷᠭᠡ ᠲᠠᠯ᠎ᠠ ᠶᠢᠨ ᠮᠡᠷᠭᠡᠵᠢᠯ ᠢ ᠲᠠᠶᠢᠯᠪᠤᠷᠢᠯᠠᠬᠤ ᠶᠢᠨ ᠬᠠᠮᠲᠤ᠂ ᠨᠢᠭᠡᠳᠦᠭᠡᠷ ᠹᠷᠣᠨᠲ ᠤᠨ ᠲᠠᠷᠢᠶᠠᠯᠠᠩ ᠤᠨ ᠮᠠᠰᠢᠨ ᠪᠠᠭᠠᠵᠢ ᠶᠢᠨ ᠠᠵᠢᠯᠲᠠᠨ ᠤ ᠮᠡᠷᠭᠡᠵᠢᠯ ᠤᠨ ᠳᠤᠲᠠᠭᠤᠳᠠᠯ ᠢ ᠨᠥᠬᠦᠪᠦᠷᠢᠯᠡᠵᠦ᠂ ᠠᠵᠢᠯᠯᠠᠭᠤᠯᠬᠤ ᠪᠠ ᠰᠡᠯᠪᠢᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠮᠠᠰᠢᠨ ᠪᠠᠭᠠᠵᠢ ᠶᠢᠨ ︽ᠡᠷᠡᠭᠦᠯ ᠮᠡᠨᠳᠦ ᠪᠠᠷ ᠠᠵᠢᠯ ᠤᠨ ᠪᠠᠶᠢᠷᠢ ᠳᠤ ᠭᠠᠷᠬᠤ︾᠂ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ ᠬᠦ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠰᠠᠶᠢᠨ ᠰᠠᠭᠤᠷᠢ ᠲᠠᠯᠪᠢᠵᠤ ᠥᠭᠪᠡ᠃
     ᠣᠶᠢᠷ᠎ᠠ ᠶᠢᠨ ᠵᠢᠯ ᠤᠳ ᠲᠤ᠂ ᠰᠠᠶᠢᠬᠠᠨ ᠲᠣᠭᠤᠷᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠣᠲᠣ ᠦᠶ᠎ᠡ ᠶᠢᠨ ᠠᠵᠤ ᠦᠢᠯᠡᠰ ᠤᠨ ᠳᠠᠭᠠᠭᠤᠯᠤᠭᠴᠢ︾ ᠪᠣᠯᠬᠤ ᠱᠠᠭᠠᠷᠳᠠᠯᠭ᠎ᠠ ᠶᠣᠰᠣᠭᠠᠷ᠂ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ᠂ ᠠᠵᠤ ᠦᠢᠯᠡᠰ ᠤᠨ ᠰᠢᠯᠢᠳᠡᠭ ᠢ ᠪᠣᠶᠢᠵᠢᠭᠤᠯᠬᠤ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠭᠤᠷᠪᠠᠨ ᠶᠡᠭᠡ ᠬᠡᠰᠡᠭ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠪᠠ᠃ 2023 ᠣᠨ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠢ 22 ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠤᠨᠠᠯᠲᠠ 27 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠨ᠂ ᠬᠤᠷᠢᠶᠠᠯᠲᠠ ᠵᠠᠯᠭᠠᠭ᠎ᠠ ᠪᠠᠷ ᠡᠯᠪᠡᠭ ᠬᠤᠷᠢᠶᠠᠯᠲᠠ ᠣᠯᠪᠠ᠃ ᠵᠢᠶᠠ ᠱᠢ᠂ ᠥᠪᠥᠷ ᠮᠣᠩᠭᠤᠯ ᠤᠨ ᠵᠢᠭᠤᠯᠴᠢᠯᠠᠯ ᠤᠨ ᠲᠡᠮᠳᠡᠭᠯᠡᠯ ᠵᠡᠷᠭᠡ 21 ᠥᠨᠳᠥᠷ ᠪᠠᠷᠢᠮᠵᠢᠶᠠᠲᠤ ᠲᠥᠬᠦᠭᠡᠷᠦᠮᠵᠢᠲᠦ ᠲᠠᠷᠢᠶᠠᠯᠠᠩ ᠤᠨ ᠲᠥᠷᠥᠯ ᠵᠦᠢᠯ ᠢ ᠬᠡᠷᠡᠭᠵᠢᠭᠦᠯᠵᠦ᠂ 1700 ᠭᠠᠷᠤᠢ ᠬᠠᠶᠠᠭᠳᠠᠮᠠᠯ ᠬᠠᠭᠤᠴᠢᠨ ᠬᠦᠯᠡᠮᠵᠢ ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠳᠡᠭᠡᠭᠰᠢᠯᠡᠭᠦᠯᠵᠦ᠂ ᠲᠥᠬᠦᠭᠡᠷᠦᠮᠵᠢᠲᠦ ᠲᠠᠷᠢᠶᠠᠯᠠᠩ ᠤᠨ ᠲᠠᠯᠠᠪᠠᠶ ᠶᠢ 5.5 ᠲᠦᠮᠡᠨ ᠮᠦ ᠳᠤ ᠬᠦᠷᠦᠭᠦᠯᠵᠦ᠂ ᠪᠥᠬᠦ ᠬᠤᠲᠠ ᠳᠤ ᠨᠢᠭᠡᠳᠦᠭᠡᠷ ᠲᠤ ᠣᠷᠣᠭᠤᠯᠪᠠ᠃ ᠢᠳᠡᠰᠢᠨ ᠨᠣᠭᠤᠭ᠎ᠠ ᠶᠢᠨ ᠭᠠᠷᠤᠯᠲᠠ ᠨᠢ 25 ᠲᠦᠮᠡᠨ ᠲᠣᠨ ᠳᠤ ᠬᠦᠷᠴᠦ᠂ ᠪᠦᠬᠦ ᠬᠤᠲᠠ ᠶᠢᠨ ᠭᠠᠵᠠᠷ ᠰᠢᠷᠣᠢ ᠶᠢᠨ ᠨᠣᠭᠤᠭ᠎ᠠ ᠶᠢᠨ ᠬᠡᠷᠡᠭᠴᠡᠭᠡ ᠶᠢ ᠬᠠᠩᠭᠠᠪᠠ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 30 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8 % ᠪᠠᠷ ᠨᠡᠮᠡᠭᠳᠡᠨ᠂ 10 ᠵᠢᠯ ᠤᠨ ᠲᠤᠷᠰᠢᠬᠢ ᠬᠠᠮᠤᠭ ᠤᠨ ᠥᠨᠳᠥᠷ ᠬᠢᠷᠢ ᠲᠦᠪᠰᠢᠨ ᠢ ᠡᠭᠦᠳᠪᠡ᠃ ᠶᠡᠭᠡ ᠲᠦᠷᠭᠡᠨ ᠭᠤᠣᠯ ᠤᠨ ᠬᠤᠶᠠᠷ ᠬᠥᠪᠡᠭᠡᠨ ᠤ ︽ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ︾ ᠤᠨ ᠠᠵᠤ ᠦᠢᠯᠡᠰ ᠤᠨ ᠠᠭᠤᠰᠤᠯᠴᠠᠯ ᠤᠨ ᠲᠥᠷᠥᠯ ᠵᠦᠢᠯ ᠵᠠᠯᠭᠠᠭ᠎ᠠ ᠪᠠᠷ ᠪᠠᠶᠢᠭᠤᠯᠤᠭᠳᠠᠨ ᠠᠵᠢᠯᠯᠠᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠰᠡᠪᠡᠭᠦᠨ ᠪᠣᠯᠵᠤ᠂ ᠥᠷᠭᠡᠨ ᠣᠯᠠᠨ ᠬᠤᠲᠠ ᠶᠢᠨ ᠠᠷᠠᠳ᠂ ᠲᠠᠷᠢᠶᠠᠴᠢᠳ ᠤᠨ ᠬᠦᠷᠢᠶᠡᠯᠡᠯ ᠢ ᠣᠯᠵᠤ᠂ ᠶᠡᠭᠡ ᠲᠦᠷᠭᠡᠨ ᠭᠤᠣᠯ ᠤᠨ ᠠᠮᠢ ᠠᠬᠤᠢ ᠶᠢᠨ ᠬᠤᠩᠭᠢᠯ ᠨᠢᠭᠡᠨᠲᠡ ᠰᠠᠶᠢᠬᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠠᠵᠤ ᠦᠢᠯᠡᠰ ᠤᠨ ᠬᠥᠭᠵᠢᠯᠲᠡ ᠶᠢᠨ ᠲᠡᠩᠭᠡᠯᠢᠭ ᠪᠦᠰᠡ ᠪᠣᠯᠵᠠᠢ᠃
    ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠶᠠᠭ ᠶᠠᠪᠤᠭᠳᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ᠪᠦᠬᠦ ᠬᠦᠴᠦᠨ ᠢᠶᠠᠷ ᠢᠶᠠᠨ ᠲᠠᠷᠢᠶᠠᠯᠠᠬᠤ ᠴᠠᠭ ᠢ ᠠᠮᠵᠢᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠢᠳᠡᠪᠬᠢᠲᠡᠢ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠦᠷᠭᠦᠯᠵᠢᠯᠡᠨ ᠠᠬᠢᠭᠤᠯᠵᠤ᠂ ᠪᠦᠬᠦ ᠲᠣᠭᠤᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠭᠠᠨ᠎ᠠ ᠭᠡᠵᠡᠢ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号