2024 ᠣᠨ ᠤ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠬᠤᠷᠠᠯ᠂ ᠶᠡᠷᠦᠩᠬᠡᠢ ᠭᠤᠣᠯ ᠤᠨ ᠳᠠᠷᠤᠭ᠎ᠠ ᠶᠢᠨ ᠬᠤᠷᠠᠯ ᠵᠢᠴᠢ ᠪᠦᠬᠦ ᠲᠣᠭᠤᠷᠢᠭ ᠤᠨ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 27 ᠤ ᠡᠳᠦᠷ᠂ 2024 ᠣᠨ ᠤ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠬᠤᠷᠠᠯ᠂ ᠶᠡᠷᠦᠩᠬᠡᠢ ᠭᠤᠣᠯ ᠤᠨ ᠳᠠᠷᠤᠭ᠎ᠠ ᠶᠢᠨ ᠬᠤᠷᠠᠯ ᠵᠢᠴᠢ ᠪᠦᠬᠦ ᠲᠣᠭᠤᠷᠢᠭ ᠤᠨ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃          ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠰᠠᠶᠢᠬᠠᠨ ᠲᠣᠭᠤᠷᠢᠭ ᠤᠨ 2024 ᠣᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠪᠣᠯᠣᠨ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃          ᠬᠤᠷᠠᠯ ᠠᠴᠠ᠂ ᠡᠯ᠎ᠡ ᠭᠠᠵᠠᠷ ᠣᠷᠣᠨ ᠪᠣᠯᠣᠨ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ︽ᠣᠷᠣᠨ ᠤ ᠳᠣᠲᠣᠷ᠎ᠠ ᠲᠠᠬᠢᠨ ᠳᠠᠪᠰᠢᠵᠤ᠂ ᠤᠯᠤᠰ ᠤᠨ ᠳᠣᠲᠣᠭᠠᠳᠤ ᠳᠤ ᠵᠠᠭᠤᠨ ᠬᠦᠴᠦᠷᠬᠡᠭ ᠪᠣᠯᠬᠤ ᠪᠠᠷ ᠴᠢᠷᠮᠠᠶᠢᠬᠤ︾ ᠬᠥᠭᠵᠢᠯᠲᠡ ᠶᠢᠨ ᠬᠠᠷᠠᠯᠲᠠ ᠳᠤᠮᠳᠠᠬᠢ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ︽ᠨᠢᠭᠡᠳᠦᠭᠡᠷ ᠭᠠᠷ︾ ᠨᠢ ᠤᠯᠤᠰ ᠲᠦᠷᠦ ᠶᠢ ᠡᠷᠬᠢᠮᠯᠡᠬᠦ ᠥᠨᠳᠥᠷᠴᠡ᠂ ᠪᠦᠬᠦ ᠲᠠᠯ᠎ᠠ ᠶᠢ ᠪᠣᠳᠣᠯᠬᠢᠯᠠᠬᠤ ᠬᠠᠷᠠᠴᠠ ᠪᠠᠷ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠢ ᠠᠳᠬᠤᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠢ ᠠᠳᠬᠤᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠴᠢᠩᠭ᠎ᠠ ᠠᠳᠬᠤᠵᠤ᠂ ᠮᠥᠷᠥᠨ ᠳᠡᠭᠡᠷ᠎ᠡ ᠪᠠᠨ ᠪᠠᠲᠤ ᠡᠭᠦᠷᠭᠡᠯᠡᠵᠦ᠂ ᠡᠴᠦᠰ ᠲᠤᠨᠢ ᠲᠤᠯᠲᠠᠯ᠎ᠠ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠪᠦᠬᠦ ᠲᠣᠭᠤᠷᠢᠭ ᠤᠨ ᠶᠡᠭᠡ ᠲᠠᠯ᠎ᠠ ᠪᠣᠯᠣᠨ ᠭᠤᠣᠯ ᠠᠵᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠᠷ ᠪᠠᠷᠠᠬᠤ ᠦᠭᠡᠢ ᠨᠡᠩ ᠴᠤ ᠪᠦᠬᠦ ᠬᠤᠳᠠ᠂ ᠪᠦᠬᠦ ᠲᠣᠭᠤᠷᠢᠭ ᠤᠨ ᠬᠥᠭᠵᠢᠯᠲᠡ ᠶᠢᠨ ᠶᠡᠭᠡ ᠠᠬᠤᠢ ᠪᠠᠶᠢᠳᠠᠯ ᠳᠣᠣᠷ᠎ᠠ᠂ ᠠᠵᠠ ᠲᠣᠬᠢᠶᠠᠯ ᠢ ᠠᠮᠵᠢᠨ ᠲᠤᠰ ᠲᠣᠰᠬᠤᠨ ᠤ ᠬᠥᠭᠵᠢᠯᠲᠡ ᠶᠢ ᠠᠬᠢᠭᠤᠯᠵᠤ᠂ ᠲᠣᠰᠬᠤᠨ ᠤ ᠠᠷᠠᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃            ᠬᠤᠷᠠᠯ ᠠᠴᠠ᠂ ᠡᠯ᠎ᠡ ᠭᠠᠵᠠᠷ ᠣᠷᠣᠨ ᠤ ᠬᠢᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ ᠠᠵᠢᠯ ᠪᠣᠯᠭᠠᠨ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠲᠤᠯᠠᠬᠤ ᠬᠡᠷᠡᠭᠲᠡᠢ᠃ ᠴᠢᠨᠠᠷ ᠰᠠᠶᠢᠲᠠᠢ ᠲᠠᠷᠢᠶᠠᠯᠠᠩ ᠤᠨ ᠲᠦᠷᠦᠯ ᠵᠦᠢᠯ ᠢ ᠶᠡᠬᠡᠪᠡᠷ ᠬᠥᠭᠵᠢᠭᠦᠯᠵᠦ᠂ ᠤᠳᠤ ᠶᠢᠨ ᠪᠠᠶᠢᠭ᠎ᠠ ᠲᠡᠭᠦᠵᠦ ᠰᠣᠨᠢᠷᠬᠠᠬᠤ ᠲᠥᠬᠦᠭᠡᠷᠦᠮᠵᠢ ᠶᠢᠨ ᠲᠠᠷᠢᠶᠠᠯᠠᠩ ᠳᠤ ᠳᠡᠰ ᠳᠡᠪᠰᠢᠭᠦᠯᠦᠨ᠂ ᠲᠦᠷᠦᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠲᠦᠷᠦᠯ ᠲᠡᠮᠳᠡᠭ ᠢ ᠡᠭᠦᠳᠬᠦ ᠶᠢ ᠠᠬᠢᠭᠤᠯᠵᠤ᠂ ︽ᠲᠥᠬᠦᠭᠡᠷᠦᠮᠵᠢ ᠶᠢᠨ ᠲᠠᠷᠢᠶᠠᠯᠠᠩ + ᠰᠣᠶᠣᠯ ᠵᠤᠭᠠᠴᠠᠯ ᠤᠨ ᠪᠡᠶᠡᠴᠢᠯᠡᠨ ᠣᠶᠢᠯᠠᠭᠠᠬᠤ︾ ᠶᠢᠨ ᠬᠠᠷᠢᠯᠴᠠᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠭᠤᠸ᠎ᠠ ᠰᠠᠶᠢᠬᠠᠨ ᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠰᠣᠶᠣᠯ ᠤᠨ ᠡᠯᠪᠡᠭ ᠪᠠᠶᠠᠯᠢᠭ ᠠᠭᠤᠯᠬᠤᠨ ᠪᠠ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠬᠥᠳᠡᠭᠡ ᠲᠣᠰᠬᠤᠨ ᠤ ᠰᠢᠯᠢᠳᠡᠭ ᠰᠣᠶᠣᠯ ᠤᠨ ᠡᠬᠢ ᠪᠠᠶᠠᠯᠢᠭ ᠢ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠯᠤᠭ᠎ᠠ ᠤᠶᠠᠯᠳᠤᠭᠤᠯᠵᠤ᠂ ᠬᠥᠳᠡᠭᠡ ᠠᠵᠤ ᠠᠬᠤᠢ᠂ ᠰᠣᠶᠣᠯ ᠪᠣᠯᠣᠨ ᠵᠤᠭᠠᠴᠠᠯ ᠤᠨ ᠬᠠᠮᠤᠭ ᠤᠨ ᠰᠠᠶᠢᠨ ᠤᠶᠠᠯᠳᠤᠯ ᠤᠨ ᠴᠡᠭ ᠢ ᠣᠨᠣᠪᠴᠢᠲᠠᠢ ᠣᠯᠵᠤ᠂ ᠡᠵᠡᠩᠨᠡᠯᠲᠡ ᠶᠢᠨ ᠵᠠᠭᠪᠤᠷ ᠪᠣᠯᠣᠨ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠰᠢᠨ᠎ᠡ ᠴᠢᠳᠠᠮᠵᠢ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠰᠢᠨ᠎ᠡ ᠦᠷᠳᠡᠭ ᠢ ᠶᠡᠬᠡᠪᠡᠷ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠤ ᠣᠨᠴᠠᠯᠢᠭ ᠲᠠᠢ ᠬᠥᠳᠡᠭᠡ ᠠᠵᠤ ᠠᠬᠤᠢ ᠵᠤᠭᠠᠴᠠᠯ ᠤᠨ ᠠᠵᠤ ᠦᠢᠯᠡᠰ ᠤᠨ ᠬᠡᠯᠬᠢᠶ᠎ᠡ ᠶᠢ ᠡᠭᠦᠳᠴᠦ᠂ ︽ᠲᠣᠯᠢ ᠪᠣᠯᠤᠭᠰᠠᠨ ᠰᠠᠶᠢᠬᠠᠨ ᠰᠠᠶᠢᠬᠠᠨ︾ᠰᠣᠶᠣᠯ ᠵᠤᠭᠠᠴᠠᠯ ᠤᠨ ᠲᠦᠷᠦᠯ ᠲᠡᠮᠳᠡᠭ ᠢ ᠭᠡᠷᠡᠯᠳᠦᠬᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠬᠤ ᠬᠡᠷᠡᠭᠲᠡᠢ᠃ ᠬᠤᠳᠠ ᠶᠢᠨ ᠲᠣᠭᠤᠷᠢᠭ᠂ ᠲᠠᠷᠢᠶᠠᠯᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠶᠡᠬᠡᠪᠡᠷ ᠪᠠᠶᠢᠴᠠᠭᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠲᠠᠷᠢᠶᠠᠯᠠᠩ ᠬᠥᠳᠡᠭᠡ ᠲᠣᠰᠬᠤᠨ ᠤ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠬᠠᠮᠠᠭᠠᠯᠠᠬᠤ ᠲᠦᠪᠰᠢᠨ ᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤ ᠪᠠᠬᠢ ᠪᠠᠶᠢᠭᠤᠯᠬᠤ ᠬᠡᠷᠡᠭᠲᠡᠢ᠃            ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠬᠤᠭᠤᠴᠠᠭᠠᠨ ᠳᠤ ᠣᠷᠣᠰᠢᠵᠤ᠂ ᠡᠯ᠎ᠡ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠳ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠭᠠᠯ ᠤᠨ ᠭᠠᠮᠰᠢᠭ ᠢ ᠡᠷᠲᠡ ᠠᠷᠢᠯᠭᠠᠬᠤ᠂ ᠭᠠᠯ ᠤᠨ ᠠᠶᠤᠯ ᠢ ᠡᠷᠲᠡ ᠮᠡᠳᠡᠭᠡᠯᠡᠬᠦ᠂ ᠭᠠᠯ ᠤᠨ ᠭᠠᠮᠰᠢᠭ ᠢ ᠡᠷᠲᠡ ᠢᠯᠡᠷᠡᠭᠦᠯᠬᠦ᠂ ᠭᠠᠯ ᠤᠨ ᠭᠠᠮᠰᠢᠭ ᠢ ᠡᠷᠲᠡ ᠰᠢᠢᠳᠪᠦᠷᠢᠯᠡᠬᠦ︾ ᠶᠢ ᠦᠨᠡᠨᠬᠦ ᠪᠡᠶᠡᠯᠡᠭᠦᠯᠵᠦ᠂ ᠭᠤᠣᠯᠳᠠᠯᠭ᠎ᠠ ᠲᠠᠢ ᠬᠡᠰᠡᠭ ᠤᠨ ᠰᠡᠷᠭᠡᠶᠢᠯᠡᠨ ᠡᠵᠡᠮᠳᠡᠬᠦ ᠶᠢ ᠴᠢᠩᠭ᠎ᠠ ᠠᠳᠬᠤᠵᠤ᠂ ᠪᠠᠭᠤᠷᠠᠢ ᠬᠡᠰᠡᠭ ᠢ ᠴᠢᠩᠭ᠎ᠠ ᠰᠡᠷᠭᠡᠶᠢᠯᠡᠨ᠂ ᠵᠠᠩᠭᠢᠯᠠᠭ᠎ᠠ ᠶᠢᠨ ᠬᠡᠰᠡᠭ ᠤᠨ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠬᠦᠴᠦᠨ ᠤ ᠪᠠᠶᠢᠷᠢᠯᠠᠭᠤᠯᠤᠯᠲᠠ ᠶᠢ ᠴᠢᠩᠭᠠᠳᠬᠠᠨ᠂ ᠭᠠᠯ ᠤᠨ ᠢᠷᠡᠯᠲᠡ ᠶᠢ ᠬᠠᠮᠢᠶᠠᠷᠴᠤ᠂ ᠭᠠᠯ ᠤᠨ ᠭᠠᠮᠰᠢᠭ ᠤᠨ ᠳᠠᠯᠳᠠ ᠬᠡᠮ ᠢ ᠲᠤᠶᠢᠯᠪᠤᠷᠢᠲᠠᠢ ᠠᠷᠢᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ 24 ᠴᠠᠭ ᠤᠨ ᠭᠠᠯ ᠰᠡᠷᠭᠡᠶᠢᠯᠡᠬᠦ ᠵᠢᠵᠢᠭᠦᠷ ᠤᠨ ᠳᠦᠷᠢᠮ ᠪᠠ ᠤᠳᠤᠷᠢᠳᠤᠯᠭ᠎ᠠ ᠶᠢᠨ ᠳᠠᠭᠠᠭᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠴᠢᠳᠠᠪᠤᠷᠢ ᠶᠢ ᠦᠨᠡᠨᠬᠦ ᠴᠢᠩᠭᠠᠳᠬᠠᠬᠤ ᠬᠡᠷᠡᠭᠲᠡᠢ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠡᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号