︽ᠳᠡᠯᠡᠬᠡᠢ ᠶᠢᠨ ᠤᠰᠤᠨ ᠤ ᠡᠳᠦᠷ᠂ ᠳᠤᠮᠳᠠᠳᠤ ᠤᠯᠤᠰ ᠤᠨ ᠤᠰᠤᠨ ᠤ ᠭᠠᠷᠠᠭ ᠵᠢᠴᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠤᠨ ᠤᠬᠠᠭᠤᠯᠭ᠎ᠠ ᠶᠢᠨ ᠠᠵᠢᠯᠯᠠᠭ᠎ᠠ ᠬᠥᠳᠡᠭᠡ ᠲᠣᠰᠬᠤᠨ ᠳᠤ ᠣᠷᠣᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 22 ᠤᠨ ᠡᠳᠦᠷ ᠪᠣᠯ ᠭᠤᠴᠢᠨ ᠬᠤᠶᠠᠳᠤᠭᠠᠷ ᠬᠤᠭᠤᠴᠠᠭᠠᠨ ᠤ ︽ᠳᠡᠯᠡᠬᠡᠢ ᠶᠢᠨ ᠤᠰᠤᠨ ᠤ ᠡᠳᠦᠷ︾ ᠪᠣᠯᠣᠨ᠎ᠠ᠂ 3 ᠰᠠᠷ᠎ᠠ ᠶᠢᠨ 22 ᠤᠨ ᠡᠳᠦᠷ ᠠᠴᠠ 28 ᠤ ᠡᠳᠦᠷ ᠪᠣᠯᠲᠠᠯ᠎ᠠ ᠪᠣᠯ ᠭᠤᠴᠢᠨ ᠳᠣᠯᠣᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠭᠠᠷᠠᠭ︾ ᠪᠣᠯᠣᠨ᠎ᠠ᠃ ᠣᠯᠠᠨ ᠨᠡᠶᠢᠲᠡ ᠶᠢᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ ᠠᠰᠢᠭᠯᠠᠬᠤ ᠪᠠ ᠬᠠᠮᠠᠭᠠᠯᠠᠬᠤ ᠶᠢᠨ ᠲᠥᠯᠥᠭᠡ᠂ 3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠠᠶᠢᠬᠠᠨ ᠲᠣᠭᠤᠷᠢᠭ ᠤᠨ ᠭᠤᠣᠯ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠬᠥᠬᠡᠬᠤᠲᠠ ᠶᠢᠨ ᠭᠤᠣᠯ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠲᠠᠢ ᠬᠠᠮᠲᠤᠷᠠᠨ ᠬᠤᠸᠠᠬᠤᠰᠢᠭᠤ ᠪᠠᠯᠭᠠᠰᠤᠨ ᠤ ᠵᠢᠢ ᠰᠢᠶᠠᠨ ᠲᠣᠰᠬᠤᠨ ᠳᠤ ︽ᠳᠡᠯᠡᠬᠡᠢ ᠶᠢᠨ ᠤᠰᠤᠨ ᠤ ᠡᠳᠦᠷ᠂ ᠳᠤᠮᠳᠠᠳᠤ ᠤᠯᠤᠰ ᠤᠨ ᠤᠰᠤᠨ ᠤ ᠭᠠᠷᠠᠭ ᠵᠢᠴᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠭᠦᠨᠵᠡᠭᠡᠶᠢᠷᠡᠨ ᠬᠥᠭᠵᠢᠵᠦ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠪᠠ᠃
           ᠠᠵᠢᠯᠯᠠᠭ᠎ᠠ ᠡᠬᠢᠯᠡᠮᠡᠭᠴᠡ᠂ ᠲᠣᠰᠬᠤᠨ ᠤ ᠠᠷᠠᠳ ᠲᠤ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠣᠯᠣᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠠᠮᠢᠶ᠎ᠠ ᠪᠦᠬᠦᠢ ᠮᠡᠳᠡᠯᠭᠡ ᠶᠢ ᠨᠠᠩ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠣᠨᠴᠠᠭᠠᠶᠢᠯᠠᠨ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠤᠰᠤ ᠠᠷᠪᠢᠯᠠᠬᠤ ᠵᠢᠵᠢᠭ ᠲᠣᠭᠯᠠᠭᠠᠮ ᠵᠡᠷᠭᠡ ᠣᠯᠠᠨ ᠶᠠᠩᠵᠤ ᠶᠢᠨ ᠬᠡᠯᠪᠡᠷᠢ ᠮᠠᠶ᠋ᠢᠭ ᠲᠠᠢ᠂ ᠰᠣᠨᠢᠷᠬᠠᠯᠲᠠᠢ ᠦᠢᠯᠡᠳᠦᠯᠴᠡᠬᠦ ᠭᠤᠭᠴᠤᠭ᠎ᠠ ᠶᠢ ᠲᠣᠬᠢᠷᠠᠭᠤᠯᠵᠤ᠂ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠲᠡᠢ ᠣᠷᠣᠯᠴᠠᠭᠤᠯᠵᠤ᠂ ᠲᠣᠰᠬᠤᠨ ᠤ ᠠᠷᠠᠳ ᠲᠤ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠡᠷᠬᠢᠮ ᠨᠠᠨᠳᠢᠨ ᠮᠡᠳᠡᠯᠭᠡ ᠬᠦᠷᠲᠡᠭᠡᠪᠡ᠃
           ᠳᠠᠷᠠᠭ᠎ᠠ ᠨᠢ᠂ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ᠂ ᠲᠣᠰᠬᠤᠨ ᠤ ᠠᠷᠠᠳ ᠤᠨ ᠵᠥᠪᠯᠡᠯ ᠤᠨ ᠠᠵᠢᠯᠲᠠᠨ᠂ ᠭᠤᠣᠯ ᠴᠠᠭᠳᠠᠬᠤ ᠴᠡᠪᠡᠷᠯᠡᠭᠴᠢ ᠵᠢᠴᠢ ᠵᠢᠢ ᠰᠢᠶᠠᠨ ᠲᠣᠰᠬᠤᠨ ᠤ ᠠᠷᠠᠳ ᠭᠤᠣᠯ ᠮᠥᠷᠡᠨ ᠳᠤ ᠬᠦᠷᠴᠦ ᠬᠤᠭ ᠨᠣᠪᠰᠢ ᠲᠡᠭᠦᠵᠦ᠂ ᠥᠪᠡᠷ ᠤᠨ ᠪᠡᠶ᠎ᠡ ᠪᠠᠷ ᠢᠶᠠᠨ ᠦᠢᠯᠡᠳᠦᠯᠭᠡᠵᠢᠭᠦᠯᠬᠦ ᠪᠠᠷ ᠳᠠᠮᠵᠢᠭᠤᠯᠵᠤ᠂ ᠤᠯᠠᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠤᠬᠠᠮᠰᠠᠷ ᠢ ᠨᠡᠮᠡᠭᠳᠡᠭᠦᠯᠵᠡᠢ᠃ ᠤᠯᠠᠨ ᠢᠶᠠᠷ ᠢᠶᠠᠨ ᠪᠠᠭᠠᠵᠢ ᠬᠡᠷᠡᠭᠰᠡᠯ ᠢᠶᠠᠨ ᠠᠳᠬᠤᠵᠤ᠂ ᠭᠤᠣᠯ ᠤᠨ ᠵᠠᠮ ᠤᠨ ᠡᠷᠬᠢᠨ ᠲᠣᠭᠤᠷᠢᠨ ᠤ ᠬᠤᠭ ᠨᠣᠪᠰᠢ ᠶᠢ ᠨᠠᠷᠢᠨ ᠬᠢᠨᠠᠮᠠᠭᠠᠢ ᠴᠡᠪᠡᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠣᠷᠴᠢᠨ ᠲᠣᠭᠤᠷᠢᠨ ᠢ ᠬᠠᠮᠠᠭᠠᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃ ᠲᠣᠰᠬᠤᠨ ᠤ ᠠᠷᠠᠳ᠂ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ᠂ ᠲᠡᠳᠡ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠤᠬᠠᠢ ᠨᠠᠩ ᠲᠣᠳᠣᠷᠬᠠᠢ ᠲᠠᠨᠢᠯᠲᠠ ᠲᠠᠢ ᠪᠣᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠨᠵᠡᠭᠡᠢ ᠣᠶᠢᠯᠠᠭᠠᠵᠠᠢ᠃ ᠲᠡᠳᠡ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠳᠤ ᠢᠳᠡᠪᠬᠢᠲᠡᠢ ᠣᠷᠣᠯᠴᠠᠵᠤ᠂ ᠭᠤᠣᠯ ᠤᠨ ᠵᠠᠮ ᠤᠨ ᠣᠷᠴᠢᠨ ᠲᠣᠭᠤᠷᠢᠨ ᠢ ᠬᠠᠮᠠᠭᠠᠯᠠᠬᠤ᠂ ᠤᠰᠤᠨ ᠤ ᠡᠬᠢ ᠪᠠᠶᠠᠯᠢᠭ ᠢ ᠠᠷᠪᠢᠯᠠᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠠᠮᠠᠯᠠᠪᠠ᠃ ᠡᠭᠦᠨ ᠤ ᠬᠠᠮᠲᠤ᠂ ᠲᠠᠳᠠ ᠢᠷᠡᠭᠡᠳᠦᠢ ᠳᠤ ᠨᠠᠩ ᠣᠯᠠᠨ ᠡᠶᠢᠮᠦᠷᠬᠦ ᠠᠵᠢᠯᠯᠠᠭ᠎ᠠ ᠥᠷᠨᠢᠭᠦᠯᠵᠦ᠂ ᠨᠠᠩ ᠣᠯᠠᠨ ᠬᠥᠮᠥᠨ ᠳᠤ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠴᠢᠬᠤᠯᠠ ᠴᠢᠨᠠᠷ ᠢ ᠣᠶᠢᠯᠠᠭᠠᠭᠤᠯᠬᠤ ᠶᠢ ᠬᠦᠰᠡᠵᠦ ᠪᠠᠶᠢᠨ᠎ᠠ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠲᠣᠰᠬᠤᠨ ᠤ ᠠᠷᠠᠳ ᠤᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠣᠯᠠᠨ ᠤ ᠣᠷᠣᠯᠴᠠᠬᠤ ᠬᠠᠯᠠᠭᠤᠨ ᠰᠡᠳᠬᠢᠯᠭᠡ ᠪᠠ ᠢᠳᠡᠪᠬᠢᠵᠢᠯ ᠢ ᠬᠥᠭᠵᠢᠭᠡᠵᠡᠢ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠠᠷᠭ᠎ᠠ ᠵᠠᠮ ᠪᠠ ᠬᠡᠯᠪᠡᠷᠢ ᠪᠠᠷ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠰᠠᠶᠢᠬᠠᠨ ᠲᠣᠭᠤᠷᠢᠭ ᠤᠨ ᠭᠤᠣᠯ ᠤᠨ ᠵᠠᠮ ᠤᠨ ᠣᠷᠴᠢᠨ ᠲᠣᠭᠤᠷᠢᠨ ᠨᠠᠩ ᠦᠵᠡᠰᠬᠦᠯᠡᠩᠲᠦ ᠰᠠᠶᠢᠬᠠᠨ ᠪᠣᠯᠵᠤ᠂ ᠤᠰᠤᠨ ᠤ ᠡᠬᠢ ᠪᠠᠶᠠᠯᠢᠭ ᠢ ᠨᠠᠩ ᠵᠦᠢ ᠵᠣᠬᠢᠰᠲᠠᠢ᠂ ᠨᠠᠩ ᠪᠦᠲᠦᠮᠵᠢᠲᠡᠶ ᠠᠰᠢᠭᠯᠠᠬᠤ ᠪᠠ ᠬᠠᠮᠠᠭᠠᠯᠠᠬᠤ ᠶᠢ ᠢᠲᠡᠭᠡᠵᠦ ᠪᠠᠶᠢᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号