ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠦᠩ ᠲᠧᠦ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/4/1
       3 ᠰᠠᠷ᠎ᠠ ᠶᠢᠨ 28 ᠤ ᠡᠳᠦᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠫᠠᠶᠢᠰᠠ ᠡᠯᠭᠦᠨ ᠪᠠᠶᠢᠭᠤᠯᠤᠭᠳᠠᠪᠠ᠃ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠼᠦᠩ ᠯᠢᠨ᠂ ᠲᠣᠭᠤᠷᠢᠭ ᠤᠨ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠪᠡᠯᠡᠳᠬᠡᠯ ᠳᠤᠭᠤᠶᠢᠯᠠᠩ ᠤᠨ ᠬᠠᠷᠢᠭᠤᠴᠠᠯᠭᠠᠲᠠᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃
     ᠣᠶᠢᠯᠠᠭᠠᠭᠰᠠᠨ ᠢᠶᠠᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯ ᠥᠪᠥᠷ ᠮᠣᠩᠭᠤᠯ ᠤᠨ ᠴᠢ ᠴᠧᠩ ᠠᠳᠠᠯ ᠦᠢᠯᠡᠰ ᠴᠣᠭᠴᠠᠯᠠᠬᠤ ᠺᠣᠮᠫᠠᠨᠢ ᠮᠥᠨ᠂ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠳᠤ ᠬᠠᠷᠢᠶᠠᠯᠠᠭᠳᠠᠵᠤ᠂ 2017 ᠣᠨ ᠤ 3 ᠳ᠋ᠤᠭᠠᠷ ᠰᠠᠷ᠎ᠠ ᠶᠢᠨ 14 ᠤ ᠡᠳᠦᠷ ᠪᠠᠶᠢᠭᠤᠯᠤᠭᠳᠠᠪᠠ᠃ ᠰᠠᠶᠢᠬᠠᠨ ᠲᠣᠭᠤᠷᠢᠭ ᠤᠨ ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠲᠣᠬᠢᠷᠠᠭᠤᠯᠤᠯᠲᠠ ᠪᠠᠶᠢᠷᠢᠯᠠᠭᠤᠯᠤᠯᠲᠠ ᠳᠣᠣᠷ᠎ᠠ᠂ ᠡᠮᠦᠨᠡᠬᠢ ᠬᠤᠭᠤᠴᠠᠭᠠᠨ ᠤ ᠪᠠᠴᠢᠮ ᠶᠠᠭᠠᠷᠠᠯᠲᠠᠢ ᠪᠡᠯᠡᠳᠬᠡᠯ ᠢᠶᠠᠷ ᠳᠠᠮᠵᠢᠨ᠂ ᠥᠨᠥᠳᠥᠷ ᠵᠢᠩᠬᠢᠨᠢ ᠪᠠᠷ ᠪᠠᠶᠢᠭᠤᠯᠤᠭᠳᠠᠪᠠ᠃              ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠦᠩ ᠲᠧᠦ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠠᠶᠢᠭᠤᠯᠤᠭᠳᠠᠵᠤ᠂ ᠰᠠᠶᠢᠬᠠᠨ ᠲᠣᠭᠤᠷᠢᠭ ᠤᠨ ᠤᠯᠤᠰ ᠤᠨ ᠥᠮᠴᠢᠯᠡᠯ  ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠰᠢᠨ᠎ᠡ ᠠᠶᠠᠨ  ᠢᠶᠠᠨ ᠡᠬᠢᠯᠡᠭᠦᠯᠪᠡ᠃ ︽ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠪᠥᠬᠦ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠤᠭᠰᠠᠨ ᠤ ᠳᠠᠷᠠᠭᠠᠬᠢ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠶᠣᠰᠣᠭᠠᠷ᠂ ᠰᠠᠶᠢᠬᠠᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠤᠰᠤᠨ ᠠᠰᠢᠭᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ 5 ᠶᠡᠭᠡ ᠬᠡᠰᠡᠭ ᠢᠶᠠᠷ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠪᠣᠯᠭᠠᠬᠤ ᠶᠢᠨ ᠬᠠᠮᠲᠤ ᠪᠥᠬᠦ ᠲᠣᠭᠤᠷᠢᠭ ᠤᠨ ᠬᠥᠳᠡᠭᠡ ᠲᠣᠰᠬᠤᠨ ᠤ ᠲᠠᠷᠢᠶᠠᠯᠠᠩ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ︽ᠨᠢᠭᠡ ᠪᠠᠯᠭᠠᠰᠤ ᠨᠢᠭᠡ ᠣᠨᠴᠠᠯᠢᠭ ᠲᠠᠢ︾ ᠪᠠᠶᠢᠬᠤ ᠵᠠᠷᠴᠢᠮ ᠶᠣᠰᠣᠭᠠᠷ᠂ ᠡᠯ᠎ᠡ ᠪᠠᠯᠭᠠᠰᠤᠨ ᠳᠤ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠳᠤ 5 ᠬᠤᠪᠢᠶᠠᠷᠢ ᠺᠣᠮᠫᠠᠨᠢ ᠪᠠᠶᠢᠭᠤᠯᠵᠤ᠂ ᠪᠦᠬᠦ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ ᠬᠡᠷᠡᠭᠵᠢᠭᠦᠯᠬᠦ ᠳᠤ ᠰᠢᠨ᠎ᠡ ᠬᠥᠭᠦᠷᠭᠡ ᠲᠠᠯᠪᠢᠵᠤ ᠥᠭᠭᠦᠨ᠎ᠡ︾ ᠭᠡᠵᠦ ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠦᠩ ᠲᠧᠦ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠪᠡᠯᠡᠳᠬᠡᠯ ᠳᠤᠭᠤᠶᠢᠯᠠᠩ ᠤᠨ ᠳᠠᠷᠤᠭ᠎ᠠ ᠷᠧᠨ ᠬᠠᠢ ᠳ᠋ᠦᠩ ᠲᠠᠨᠢᠯᠴᠠᠭᠤᠯᠤᠨ᠎ᠠ᠃                 ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号