ᠰᠠᠶᠢᠬᠠᠨ ᠲᠣᠭᠤᠷᠢᠭ ᠤᠨ ᠪᠠᠰᠠ ᠨᠢᠭᠡ︽ᠬᠤᠶᠠᠷ ᠢ ᠬᠦᠷᠢᠶᠡᠯᠡᠬᠦ ᠬᠤᠭᠤᠯᠠᠨ ᠭᠡᠷ︾ ᠪᠠᠶᠢᠭᠤᠯᠤᠭᠳᠠᠨ᠂ ᠡᠳᠡᠭᠡᠷ ᠬᠥᠮᠥᠰ ᠬᠠᠷᠠᠭᠠᠯᠵᠠᠯ ᠬᠦᠷᠲᠡᠵᠦ ᠪᠣᠯᠣᠨ᠎ᠠ
ᠨᠡᠶᠢᠲᠡᠯᠡᠭᠰᠡᠨ ᠴᠠᠭ᠄
2024/4/1
     ᠪᠥᠬᠦ ᠨᠡᠶᠢᠭᠡᠮ ᠢᠶᠠᠷ ᠢᠶᠠᠨ ᠴᠡᠷᠢᠭ ᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠴᠡᠷᠢᠭ ᠠᠴᠠ ᠬᠠᠯᠠᠭᠳᠠᠭᠰᠠᠳ ᠤᠨ ᠨᠡᠶᠢᠭᠡᠮ ᠤᠨ ᠪᠠᠶᠢᠷᠢ ᠰᠠᠭᠤᠷᠢ ᠪᠠ ᠢᠷᠠᠭᠤ ᠠᠯᠳᠠᠷ ᠤᠨ ᠰᠡᠳᠬᠢᠯᠭᠡ ᠶᠢ ᠳᠡᠭᠡᠭᠰᠢᠯᠡᠭᠦᠯᠬᠦ ᠶᠢᠨ ᠲᠥᠯᠥᠭᠡ᠂ ᠰᠠᠶᠢᠬᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠭᠡᠷ 3 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ ᠬᠤᠤ ᠰᠢᠶᠠᠩ ᠢᠳᠡᠭᠡᠨ ᠤᠮᠳᠠᠭᠠᠨ ᠤ ᠪᠦᠯᠦᠭᠯᠡᠯ ᠤᠨ ᠶᠡᠷᠦᠩᠬᠡᠢ ᠳᠡᠯᠭᠡᠭᠦᠷ ᠲᠤ ︽ᠬᠥᠬᠡᠬᠤᠲᠠ ᠶᠢᠨ ᠴᠡᠷᠢᠭ ᠢ ᠬᠦᠷᠢᠶᠡᠯᠡᠬᠦ ᠦᠢᠯᠡᠴᠢᠯᠡᠭᠡᠨ ᠤ ᠴᠡᠭ︾ ᠪᠠ ︽ᠬᠤᠶᠠᠷ ᠢ ᠬᠦᠷᠢᠶᠡᠯᠡᠬᠦ ᠬᠤᠭᠤᠯᠠᠨ ᠭᠡᠷ︾ ᠤᠨ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃
      ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠰᠠᠶᠢᠬᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠭᠡᠷ ᠵᠢᠴᠢ ᠴᠡᠯᠡᠭᠡᠷ ᠲᠠᠯ᠎ᠠ ᠵᠠᠮ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠬᠠᠮᠲᠤᠪᠠᠷ ᠬᠤᠤ ᠰᠢᠶᠠᠩ ᠢᠳᠡᠭᠡᠨ ᠤᠮᠳᠠᠭᠠᠨ ᠤ ᠪᠦᠯᠦᠭᠯᠡᠯ ᠳᠤ ᠫᠠᠶᠢᠰᠠ ᠣᠯᠭᠤᠪᠠ᠃ ᠬᠤᠶᠠᠷ ᠲᠠᠯ᠎ᠠ ᠪᠠᠷ ᠢᠶᠠᠨ ︽ᠬᠤᠶᠠᠷ ᠢ ᠬᠦᠷᠢᠶᠡᠯᠡᠬᠦ ᠬᠤᠭᠤᠯᠠᠨ ᠭᠡᠷ︾ ᠢ ᠪᠠᠶᠢᠭᠤᠯᠬᠤ ᠤᠭ ᠰᠠᠨᠠᠭ᠎ᠠ ᠪᠣᠯᠣᠨ ᠬᠦᠰᠡᠯ ᠡᠷᠡᠮᠡᠯᠵᠡᠯ ᠢᠶᠠᠨ ᠭᠦᠨᠵᠡᠭᠡᠢ ᠰᠣᠯᠢᠯᠴᠠᠵᠤ᠂ ᠬᠤᠤ ᠰᠢᠶᠠᠩ ᠢᠳᠡᠭᠡᠨ ᠤᠮᠳᠠᠭᠠᠨ ᠤ ᠪᠦᠯᠦᠭᠯᠡᠯ ᠤᠨ ᠬᠢᠨ ᠠᠵᠢᠯ ᠲᠦᠷᠦᠯ ᠤᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠨᠡᠩ ᠤᠯᠠᠨ ᠠᠵᠤ ᠠᠬᠤᠶᠢᠯᠠᠯ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ ᠴᠡᠷᠢᠭ ᠢᠶᠠᠨ ᠬᠦᠷᠢᠶᠡᠯᠡᠬᠦ ᠡᠩᠨᠡᠭᠡᠨ ᠳᠤ ᠣᠷᠣᠯᠴᠠᠭᠤᠯᠵᠤ᠂ ᠠᠯᠪᠠ ᠬᠠᠭᠠᠵᠤ ᠪᠠᠶᠢᠭ᠎ᠠ ᠴᠡᠷᠢᠭ᠂ ᠴᠡᠷᠢᠭ ᠤᠨ ᠭᠡᠷ ᠪᠦᠯᠢ᠂ ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠨᠡᠩ ᠤᠯᠠᠨ ᠦᠨᠡᠨ ᠪᠣᠳᠠᠲᠠᠢ ᠠᠰᠠᠷᠠᠮᠵᠢ ᠪᠠ ᠬᠠᠶᠢᠷ᠎ᠠ ᠬᠠᠯᠠᠮᠵᠢ ᠬᠠᠩᠭᠠᠬᠤ ᠶᠢ ᠬᠦᠰᠡᠪᠡ᠃
     ︽ᠬᠤᠶᠠᠷ ᠢ ᠬᠦᠷᠢᠶᠡᠯᠡᠬᠦ ᠬᠤᠭᠤᠯᠠᠨ ᠭᠡᠷ︾ ᠤᠨ ᠬᠠᠷᠠᠭᠠᠯᠵᠠᠯ ᠬᠦᠷᠲᠡᠭᠰᠡᠨ ᠨᠡᠶᠢᠲᠡ ᠴᠣᠭᠴᠠ ᠨᠢ ᠥᠷᠭᠡᠨ ᠳᠡᠯᠭᠡᠷ ᠪᠠᠶᠢᠳᠠᠭ᠂ ᠡᠭᠦᠨ ᠳᠤ ᠠᠯᠪᠠᠨ ᠴᠡᠷᠢᠭ᠂ ᠴᠡᠷᠢᠭ ᠠᠩᠭᠢ ᠶᠢᠨ ᠪᠢᠴᠢᠭ ᠤᠨ ᠠᠵᠢᠯᠲᠠᠨ᠂ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠪᠠᠭᠲᠠᠨ᠎ᠠ᠃ ᠰᠠᠶᠢᠬᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠭᠡᠷ ᠤᠨ ᠠᠵᠢᠯᠲᠠᠨ ᠢᠯᠡᠷᠬᠡᠶᠢᠯᠡᠬᠦ ᠳᠡᠭᠡᠨ᠂ ︽ᠬᠤᠶᠠᠷ ᠢ ᠬᠦᠷᠢᠶᠡᠯᠡᠬᠦ ᠬᠤᠭᠤᠯᠠᠨ ᠭᠡᠷ︾ ᠳᠤ ᠠᠯᠪᠠ ᠬᠠᠭᠠᠵᠤ ᠪᠠᠶᠢᠭ᠎ᠠ ᠴᠡᠷᠢᠭ ᠤᠨ ᠦᠨᠡᠮᠯᠡᠯ᠂ ᠴᠡᠷᠢᠭ ᠠᠴᠠ ᠬᠠᠯᠠᠭᠳᠠᠭᠰᠠᠳ ᠤᠨ ᠦᠨᠡᠮᠯᠡᠯ᠂ ᠴᠡᠷᠢᠭ ᠠᠴᠠ ᠬᠠᠯᠠᠭᠳᠠᠭᠰᠠᠨ ᠦᠨᠡᠮᠯᠡᠯ᠂ ᠬᠠᠷᠠᠭᠠᠯᠵᠠᠯ ᠤᠨ ᠦᠨᠡᠮᠯᠡᠯ ᠵᠡᠷᠭᠡ ᠬᠠᠮᠢᠶ᠎ᠠ ᠪᠦᠬᠦᠢ ᠦᠨᠡᠮᠯᠡᠯ ᠢᠶᠠᠨ ᠭᠠᠷᠭᠠᠨ ᠦᠵᠡᠭᠦᠯᠵᠦ᠂ ᠴᠥᠮ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠂ ᠵᠢᠱᠢᠶᠡᠯᠡᠪᠡᠯ ᠬᠤᠭᠤᠯᠠ ᠢᠳᠡᠬᠦ ᠳᠤ 8.8 ᠬᠠᠷᠠᠭᠠᠯᠵᠠᠯ ᠦᠵᠡᠭᠦᠯᠦᠨ ᠦᠨ᠎ᠡ ᠪᠠᠭᠤᠷᠠᠭᠤᠯᠬᠤ᠂ ᠵᠢᠮᠢᠰ ᠤᠨ ᠲᠠᠪᠠᠭ ᠵᠢᠴᠢ ᠴᠠᠢ ᠤᠰᠤᠨ ᠤ ᠦᠢᠯᠡᠴᠢᠯᠡᠭᠡ ᠵᠡᠷᠭᠡ ᠶᠢ ᠭᠥᠷᠳᠡᠵᠦ᠂ ᠪᠣᠳᠠᠲᠤ ᠠᠵᠢᠯᠯᠠᠭ᠎ᠠ ᠪᠠᠷ ᠢᠶᠠᠨ ᠲᠡᠳᠡᠨ ᠳᠤ ᠠᠮᠲᠠᠲᠤ ᠢᠳᠡᠭᠡᠨ ᠬᠦᠷᠲᠡᠭᠡᠬᠦ ᠶᠢᠨ ᠬᠠᠮᠲᠤ ᠨᠡᠶᠢᠭᠡᠮ ᠤᠨ ᠭᠦᠨ ᠬᠠᠶᠢᠷ᠎ᠠ ᠪᠠ ᠬᠦᠨᠳᠦᠳᠬᠡᠯ ᠢ ᠮᠡᠳᠡᠷᠡᠭᠦᠯᠦᠨ᠎ᠡ᠃            ᠰᠠᠶᠢᠬᠠᠨ ᠲᠣᠭᠤᠷᠢᠭ ᠪᠣᠯᠣᠨ ᠬᠤᠤ ᠰᠢᠶᠠᠩ ᠢᠳᠡᠭᠡᠨ ᠤᠮᠳᠠᠭᠠᠨ ᠤ ᠪᠦᠯᠦᠭᠯᠡᠯ ᠤᠨ ᠡᠨᠡ ᠤᠳᠠᠭᠠᠨ ᠤ ᠬᠠᠮᠲᠤᠷᠠᠯᠴᠠᠭ᠎ᠠ ᠨᠢ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠴᠢᠩᠭᠠᠳᠬᠠᠭᠰᠠᠨ ᠢᠶᠠᠷ ᠪᠠᠷᠠᠬᠤ ᠦᠭᠡᠢ ᠰᠠᠶᠢᠬᠠᠨ ᠲᠣᠭᠤᠷᠢᠭ ᠤᠨ ᠴᠡᠷᠢᠭ ᠢᠶᠠᠨ ᠬᠦᠷᠢᠶᠡᠯᠡᠬᠦ ᠶᠢ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ ᠡᠨᠡ ᠬᠦ ᠠᠵᠢᠯᠯᠠᠭ᠎ᠠ ᠨᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠣᠯ ᠵᠢᠷᠭᠠᠯᠲᠤ ᠰᠡᠳᠬᠢᠯᠭᠡ ᠪᠣᠯᠣᠨ ᠣᠮᠤᠭ ᠪᠠᠭ᠋ᠠᠳᠤᠯᠲᠤ ᠰᠡᠳᠬᠢᠯᠭᠡ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠷᠢᠭ ᠢᠶᠠᠨ ᠬᠦᠷᠢᠶᠡᠯᠡᠬᠦ ᠨᠡᠩ ᠤᠯᠠᠨ ᠴᠢᠨᠠᠷ ᠰᠠᠶᠢᠲᠠᠢ ᠠᠵᠢᠯᠯᠠᠭ᠎ᠠ ᠥᠷᠨᠢᠭᠦᠯᠵᠦ᠂ ᠴᠡᠷᠢᠭ ᠢᠶᠠᠨ ᠬᠦᠷᠢᠶᠡᠯᠡᠬᠦ ᠠᠵᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号