ᠮᠠᠨ ᠤ ᠣᠷᠣᠨ ᠤ ᠠᠩᠬᠠᠳᠠᠭᠴᠢ U18 ᠵᠠᠯᠠᠭᠤᠴᠤᠳ ᠪᠠᠭᠠᠴᠤᠳ ᠤᠨ ᠰᠢᠳᠠᠮ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠠᠩᠬᠠᠳᠠᠭᠴᠢ U18 ᠵᠠᠯᠠᠭᠤᠴᠤᠳ ᠪᠠᠭᠠᠴᠤᠳ ᠤᠨ ᠰᠢᠳᠠᠮ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠦᠭᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠫᠠᠶᠢᠰᠠ ᠰᠡᠬᠦᠪᠡ᠃
     ᠫᠠᠶᠢᠰᠠ ᠰᠡᠬᠦᠬᠦ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠰᠢᠳᠠᠮ ᠪᠥᠮᠪᠦᠭᠡ ᠶᠢᠨ ᠨᠡᠶᠢᠭᠡᠮᠯᠢᠭ ᠪᠣᠯᠣᠨ ᠭᠦᠭᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠰᠤᠷᠭᠠᠭᠤᠯᠢ ᠶᠢᠨ ᠬᠦᠷᠢᠶᠡᠨ ᠤ ᠰᠢᠳᠠᠮ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠰᠢᠳᠠᠮ ᠪᠥᠮᠪᠦᠭᠡ ᠶᠢᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠵᠦ ᠥᠭᠬᠦ ᠪᠣᠯᠣᠨ᠎ᠠ ᠭᠡᠵᠡᠢ᠃      ᠣᠶᠢᠯᠠᠭᠠᠭᠰᠠᠨ ᠢᠶᠠᠷ᠂ ᠭᠦᠭᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠰᠢᠯᠢᠳᠡᠭ ᠰᠠᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠪᠠ ᠰᠢᠯᠢᠳᠡᠭ ᠰᠠᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠲᠠᠢ ᠪᠠᠶᠢᠵᠤ᠂ 2008 ᠣᠨ ᠠᠴᠠ ᠡᠬᠢᠯᠡᠨ ᠰᠤᠷᠭᠠᠭᠤᠯᠢ ᠳᠤ ᠪᠠᠨ ᠵᠠᠯᠠᠭᠤᠴᠤᠳ ᠪᠠᠭᠠᠴᠤᠳ ᠤᠨ ᠰᠢᠳᠠᠮ ᠪᠥᠮᠪᠦᠭᠡ ᠶᠢᠨ ᠬᠢᠴᠢᠶᠡᠯ ᠢ ᠨᠡᠭᠡᠭᠡᠵᠦ᠂ ᠵᠣᠬᠢᠬᠤ ᠬᠡᠮᠵᠢᠶᠡᠨ ᠤ ᠰᠢᠳᠠᠮ ᠪᠥᠮᠪᠦᠭᠡ ᠶᠢᠨ ᠵᠢᠭᠠᠨ ᠰᠤᠷᠭᠠᠯᠲᠠ ᠪᠠ ᠪᠣᠯᠪᠠᠰᠤᠷᠠᠯ ᠤᠨ ᠲᠤᠷᠰᠢᠯᠭ᠎ᠠ ᠲᠠᠢ ᠪᠣᠯᠤᠭᠰᠠᠨ ᠪᠠᠶᠢᠨ᠎ᠠ᠃ ᠥᠪᠥᠷ ᠮᠣᠩᠭᠤᠯ ᠤᠨ ᠰᠢᠳᠠᠮ ᠪᠥᠮᠪᠦᠭᠡ ᠶᠢᠨ ᠨᠡᠶᠢᠭᠡᠮᠯᠢᠭ ᠰᠤᠷᠭᠠᠭᠤᠯᠢ ᠶᠢᠨ ᠬᠦᠷᠢᠶᠡᠨ ᠤ ᠰᠢᠳᠠᠮ ᠪᠥᠮᠪᠦᠭᠡ ᠶᠢᠨ ᠠᠩᠭᠢ᠂ ᠰᠤᠷᠭᠠᠭᠤᠯᠢ ᠶᠢᠨ ᠬᠦᠷᠢᠶᠡᠨ ᠤ ᠰᠢᠳᠠᠮ ᠪᠥᠮᠪᠦᠭᠡ ᠶᠢᠨ ᠬᠢᠴᠢᠶᠡᠯ ᠤᠨ ᠵᠢᠭᠠᠨ ᠰᠤᠷᠭᠠᠯᠲᠠ ᠵᠡᠷᠭᠡ ᠲᠠᠯ᠎ᠠ ᠪᠠᠷ ᠭᠦᠭᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠲᠠᠢ ᠭᠦᠨᠵᠡᠭᠡᠢ ᠬᠠᠮᠲᠤᠷᠠᠯᠴᠠᠵᠤ᠂ ᠨᠡᠩ ᠤᠯᠠᠨ ᠵᠠᠯᠠᠭᠤᠴᠤᠳ ᠪᠠᠭᠠᠴᠤᠳ ᠤᠨ ᠰᠢᠳᠠᠮ ᠪᠥᠮᠪᠦᠭᠡ ᠶᠢᠨ ᠬᠥᠳᠡᠯᠭᠡᠭᠡᠨ ᠳᠤ ᠣᠷᠤᠯᠴᠠᠬᠤ ᠶᠢ ᠤᠷᠢᠶᠠᠯᠠᠨ ᠲᠠᠲᠠᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号