| 3 ᠰᠠᠷ᠎ᠠ ᠶᠢᠨ 27 ᠤ ᠡᠳᠦᠷ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠲᠠᠢ | ᠬᠠᠮᠲᠤᠷᠠᠨ ᠬᠤᠷᠠᠯᠳᠤᠭᠤᠯᠤᠭᠰᠠᠨ ᠬᠠᠩᠰᠢ ᠶᠢᠨ ᠡᠳᠦᠷ ᠤᠨ ᠳᠠᠭᠢᠯᠭ᠎ᠠ ᠶᠢᠨ ᠠᠵᠢᠯ ᠤᠨ ᠪᠣᠯᠪᠠᠰᠤᠷᠠᠯ ᠤᠨ ᠬᠤᠷᠠᠯ | ᠠᠴᠠ ᠣᠶᠢᠯᠠᠭᠠᠭᠰᠠᠨ ᠢᠶᠠᠷ᠂ ᠬᠤᠷᠠᠯ ᠠᠴᠠ ᠡᠯ᠎ᠡ ᠱᠠᠲᠤᠨ ᠤ ᠠᠷᠠᠳ ᠤᠨ ᠶᠠᠪᠤᠳᠠᠯ᠂ ᠣᠶ ᠰᠢᠭᠤᠢ ᠨᠤᠲᠤᠭ | ᠪᠡᠯᠴᠢᠭᠡᠷ ᠤᠨ ᠰᠠᠯᠠᠭ᠎ᠠ ᠮᠥᠴᠢᠷ ᠤᠳ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠠᠵᠢᠯ | ᠢ ᠰᠠᠶᠢᠲᠤᠷ ᠬᠢᠵᠦ᠂ ᠳᠠᠭᠢᠯᠭ᠎ᠠ ᠶᠢᠨ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ᠂ ᠪᠣᠬᠢᠷᠳᠤᠯ ᠦᠭᠡᠢ | ᠪᠣᠯᠪᠠᠰᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | | ᠬᠠᠩᠰᠢ ᠶᠢᠨ ᠡᠳᠦᠷ ᠪᠣᠯ ᠳᠤᠮᠳᠠᠳᠤ ᠶᠢᠨ ᠦᠨᠳᠦᠰᠦᠲᠡᠨ ᠤ ᠠᠴᠢᠯᠠᠯ ᠤᠨ ᠶᠣᠰᠣ ᠶᠢ ᠪᠠᠳᠠᠷᠠᠭᠤᠯᠤᠨ᠂ | ᠲᠥᠷᠥᠯ ᠰᠠᠳᠤᠨ ᠢᠶᠠᠨ ᠮᠥᠷᠥᠭᠡᠳᠦᠨ ᠰᠠᠨᠠᠭᠠᠯᠵᠠᠬᠤ ᠤᠯᠠᠮᠵᠢᠯᠠᠯᠲᠤ ᠳᠤᠷᠠᠰᠬᠠᠯ ᠤᠨ ᠡᠳᠦᠷ ᠪᠣᠯᠣᠨ᠎ᠠ᠂ ᠮᠥᠨ ᠴᠣ᠋ | ᠳᠠᠭᠢᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠰᠢᠯᠭᠠᠨ ᠪᠠᠶᠢᠴᠠᠭᠠᠬᠤ᠂ ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠤᠬᠠᠭᠤᠯᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ | ᠠᠳᠬᠤᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠃ ᠬᠤᠷᠠᠯ ᠠᠴᠠ᠂ ᠤᠷᠢᠳᠴᠢᠯᠠᠨ ᠰᠡᠷᠭᠡᠶᠢᠯᠡᠬᠦ ᠶᠢ | ᠲᠡᠷᠢᠭᠦᠨ ᠳᠤ ᠲᠠᠯᠪᠢᠵᠤ᠂ ᠳᠠᠭᠢᠯᠭ᠎ᠠ ᠶᠢᠨ ᠠᠮᠤᠷ ᠲᠦᠪᠰᠢᠨ ᠤ ᠭᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠪᠦᠭᠦ ᠲᠠᠯ᠎ᠠ ᠪᠠᠷ ᠥᠷᠨᠢᠭᠦᠯᠵᠦ᠂ ᠭᠠᠯ ᠤᠨ ᠠᠶᠤᠯ᠂ ᠭᠢᠰᠬᠢᠯᠴᠡᠬᠦ᠂ ᠵᠠᠮ ᠬᠠᠷᠢᠯᠴᠠᠭᠠᠨ ᠤ ᠠᠳᠡᠯ ᠵᠡᠷᠭᠡ | ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠣᠯᠠᠨ ᠲᠦᠮᠡᠨ ᠤ ᠪᠡᠶ᠎ᠡ ᠮᠠᠬᠠᠪᠤᠳ ᠪᠠ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠭᠡᠷᠡᠭᠲᠡᠢ;ᠣᠷᠣᠰᠢᠭᠤᠯᠭ᠎ᠠ ᠶᠢᠨ ᠦᠢᠯᠡᠴᠢᠯᠡᠭᠡᠨ ᠤ | ᠪᠠᠶᠢᠭᠤᠯᠤᠮᠵᠢ ᠨᠤᠭᠤᠳ ᠦᠢᠯᠡᠴᠢᠯᠡᠭᠡᠨ ᠤ ᠴᠡᠭ᠂ ᠠᠷᠠᠳ ᠲᠤ ᠲᠥᠭᠦᠮ ᠦᠵᠡᠭᠦᠯᠭᠦ ᠴᠣᠩᠬᠤ᠂ ᠲᠠᠭᠢᠯᠭ᠎ᠠ ᠶᠢᠨ | ᠲᠤᠰᠬᠠᠢ ᠵᠠᠮ ᠱᠤᠭᠤᠮ᠂ ᠲᠠᠭᠢᠯᠭ᠎ᠠ ᠶᠢᠨ ᠲᠤᠰᠬᠠᠢ ᠣᠷᠣᠨ ᠢ ᠵᠣᠬᠢᠰᠲᠠᠢ ᠨᠡᠮᠡᠨ ᠪᠠᠶᠢᠭᠤᠯᠵᠤ᠂ ᠠᠳᠠᠯᠢ ᠪᠤᠰᠤ ᠬᠠᠮᠲᠤ | ᠨᠡᠶᠢᠲᠡ ᠣᠨᠴᠠᠭᠠᠶᠢᠯᠠᠨ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠢ ᠪᠠᠶᠢᠳᠠᠯ ᠢ ᠭᠦᠢᠴᠡᠳ ᠪᠣᠳᠣᠯᠬᠢᠯᠠᠨ᠂ | ᠪᠣᠬᠢᠷᠳᠤᠯ ᠦᠭᠡᠢ ᠳᠥᠭᠦᠮ ᠳᠥᠲᠡ ᠨᠡᠪᠲᠡᠷᠡᠬᠦ ᠵᠠᠮ ᠭᠠᠷᠭᠠᠵᠤ᠂ ᠰᠠᠭᠠᠳ ᠦᠭᠡᠢ ᠨᠡᠪᠲᠡᠷᠡᠬᠦ ᠦᠢᠯᠡᠴᠢᠯᠡᠭᠡᠨ ᠤ | ᠪᠠᠲᠤᠯᠠᠭ᠎ᠠ ᠶᠢ ᠳᠡᠭᠡᠭᠰᠢᠯᠡᠭᠦᠯᠭᠦ ᠭᠡᠷᠡᠭᠲᠡᠢ; | | | ᠵᠠᠩ ᠳᠠᠳᠬᠠᠯ ᠢ ᠥᠭᠡᠷᠡᠴᠢᠯᠡᠬᠦ ᠶᠢ ᠪᠠᠷᠢᠮᠲᠠᠯᠠᠵᠤ᠂ ᠨᠠᠩ ᠣᠯᠠᠨ ᠣᠯᠠᠨ ᠲᠦᠮᠡᠨ ᠤ ᠭᠠᠵᠠᠷ ᠠᠷᠪᠢᠯᠠᠵᠤ ᠠᠮᠢ | ᠠᠬᠤᠢ ᠶᠢᠨ ᠣᠷᠣᠰᠢᠭᠤᠯᠭ᠎ᠠ ᠶᠢᠨ ᠠᠷᠭ᠎ᠠ ᠮᠠᠶ᠋ᠢᠭ ᠢ ᠰᠣᠩᠭᠤᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ | ᠰᠣᠷᠭᠤᠭ ᠴᠡᠴᠡᠭ ᠬᠦᠷᠭᠡᠬᠦ᠂ ᠨᠣᠭᠤᠭᠠᠷᠠᠭᠤᠯᠵᠤ ᠮᠣᠳᠣ ᠳᠠᠷᠢᠬᠤ᠂ ᠬᠠᠮᠲᠤ ᠪᠠᠷ ᠲᠠᠭᠢᠬᠤ᠂ ᠭᠡᠷ ᠪᠦᠯᠢ ᠪᠠᠷ ᠢᠶᠠᠨ | ᠰᠠᠨᠠᠭᠠᠯᠵᠠᠬᠤ ᠵᠡᠷᠭᠡ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠠᠷᠭ᠎ᠠ ᠮᠠᠶ᠋ᠢᠭ ᠢ ᠶᠡᠬᠡᠪᠡᠷ | ᠳᠡᠯᠭᠡᠷᠡᠭᠦᠯᠵᠦ᠂ ︽ᠰᠣᠷᠭᠤᠭ ᠴᠡᠴᠡᠭ ᠢᠶᠠᠷ ᠴᠠᠭᠠᠰᠤᠨ ᠵᠣᠭᠤᠰ ᠢ ᠣᠷᠣᠯᠠᠭᠤᠯᠵᠤ︾᠂ ︽ᠲᠣᠷᠭᠠᠨ ᠪᠦᠴᠡ ᠪᠠᠷ | ᠭᠠᠰᠢᠭᠤᠳᠠᠯ ᠢᠶᠠᠨ ᠢᠯᠡᠭᠡᠬᠦ︾ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠩ ᠳᠠᠳᠬᠠᠯ ᠢ | ᠥᠭᠡᠷᠡᠴᠢᠯᠡᠬᠦ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠬᠡᠷᠡᠭᠲᠡᠢ ᠭᠡᠵᠦ ᠱᠠᠭᠠᠷᠳᠠᠪᠠ᠃ |