ᠤᠰᠤ ᠶᠢ ᠠᠷᠪᠢᠯᠠᠵᠤ ᠬᠡᠷᠡᠭᠯᠡᠬᠦ ᠳᠤ ᠬᠠᠤᠯᠢᠵᠢᠯ ᠤᠨ ᠪᠠᠲᠤᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2024/4/1
     -  ᠳᠥᠷᠪᠡᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ︽ᠤᠰᠤ ᠶᠢ ᠠᠷᠪᠢᠯᠠᠨ ᠬᠡᠷᠡᠭᠯᠡᠬᠦ ᠳᠦᠷᠢᠮ︾ ᠤᠨ ᠲᠤᠬᠠᠢ ᠶᠠᠷᠢᠭᠰᠠᠨ ᠨᠢ      ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠤᠰᠤ ᠶᠢ ᠠᠷᠪᠢᠯᠠᠨ ᠬᠡᠷᠡᠭᠯᠡᠬᠦ ᠳᠦᠷᠢᠮ︾ ᠢ ᠨᠡᠶᠢᠲᠡᠯᠡᠵᠦ᠂ ᠡᠨᠡ ᠵᠢᠯ ᠤᠨ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠣᠯᠣᠨ᠎ᠠ᠃ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠳᠦᠷᠢᠮ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠪᠤᠶ︖ 28 ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ︽ᠤᠰᠤ ᠶᠢ ᠠᠷᠪᠢᠯᠠᠨ ᠬᠡᠷᠡᠭᠯᠡᠬᠦ ᠳᠦᠷᠢᠮ︾ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠮᠡᠳᠡᠭᠳᠡᠬᠦ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃      ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠯᠢ ᠯᠢᠶᠠᠩ ᠱᠧᠩ᠂ ᠤᠰᠤ ᠶᠢ ᠠᠷᠪᠢᠯᠠᠨ ᠬᠡᠷᠡᠭᠯᠡᠬᠦ ᠳᠦᠷᠢᠮ ᠢ ᠲᠣᠭᠲᠠᠭᠠᠬᠤ ᠪᠣᠯ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠪᠤᠰᠤᠳᠴᠢ ᠱᠠᠭᠠᠷᠳᠠᠯᠭ᠎ᠠ ᠮᠥᠨ᠃ ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ ᠢᠵᠢ ᠪᠦᠷᠢᠳᠦᠭᠰᠡᠨ ᠲᠣᠭᠲᠠᠭᠠᠯ ᠢ ᠲᠡᠭᠦᠯᠳᠡᠷᠵᠢᠭᠦᠯᠦᠨ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠤᠰᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ  ᠠᠬᠢᠭᠤᠯᠬᠤ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ ᠭᠡᠪᠡ᠃      ᠤᠰᠤᠨ ᠠᠰᠢᠭᠯᠠᠯᠲᠠ ᠶᠢᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠳᠠᠷᠤᠭ᠎ᠠ ᠴᠧᠨ ᠳ᠋ᠡ ᠶᠦᠩ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠦᠷᠢᠮ ᠤᠨ ᠢᠵᠢ ᠪᠦᠷᠢᠳᠦᠭᠦᠯᠬᠦ ᠳᠦᠷᠢᠮ ᠤᠨ ᠪᠠᠶᠢᠭᠤᠯᠤᠯᠲᠠ ᠶᠢᠨ ᠬᠡᠷᠡᠭᠴᠡᠭᠡ ᠶᠢ ᠪᠦᠭᠦ ᠲᠠᠯ᠎ᠠ ᠪᠠᠷ ᠡᠮᠬᠢᠯᠡᠨ ᠳᠢᠭᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ᠂ ᠪᠦᠭᠦ ᠤᠯᠤᠰ ᠤᠨ ᠤᠰᠤ ᠠᠷᠪᠢᠯᠠᠬᠤ ᠲᠥᠯᠦᠪᠵᠢᠭᠦᠯᠭᠡ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ᠂ ᠤᠰᠤ ᠠᠷᠪᠢᠯᠠᠬᠤ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠬᠦ᠂ ᠮᠥᠩᠭᠦᠨ ᠭᠦᠢᠯᠭᠡᠭᠡᠨ ᠢᠶᠠᠷ ᠤᠰᠤ ᠠᠷᠪᠢᠯᠠᠬᠤ ᠶᠢ ᠳᠡᠮᠵᠢᠬᠦ ᠵᠡᠷᠭᠡ ᠢᠵᠢ ᠪᠦᠷᠢᠳᠦᠭᠦᠯᠬᠦ ᠳᠦᠷᠢᠮ ᠤᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠣᠷᠣᠨ ᠨᠤᠲᠤᠭ ᠤᠨ ᠢᠵᠢ ᠪᠦᠷᠢᠳᠦᠭᠦᠯᠬᠦ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠢ ᠵᠢᠯᠣᠭᠤᠳᠤᠨ᠂ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠳᠦᠷᠢᠮ ᠤᠨ ᠲᠡᠭᠦᠯᠳᠡᠷᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃       ᠬᠥᠮᠥᠨ ᠣᠯᠠᠨ ᠤᠰᠤ ᠴᠥᠭᠡᠨ᠂ ᠤᠰᠤᠨ ᠤ ᠡᠬᠢ ᠪᠠᠶᠠᠯᠢᠭ ᠤᠨ ᠲᠠᠷᠬᠠᠯᠲᠠ ᠵᠢᠭᠳᠡ ᠪᠤᠰᠤ ᠪᠣᠯ ᠮᠠᠨ ᠤ ᠤᠯᠤᠰ ᠤᠨ ᠦᠨᠳᠦᠰᠦᠨ ᠤᠰᠤᠨ ᠤ ᠪᠠᠶᠢᠳᠠᠯ ᠪᠣᠯᠣᠨ᠎ᠠ᠃ ᠤᠰᠤᠨ ᠤ ᠡᠬᠢ ᠪᠠᠶᠠᠯᠢᠭ ᠲᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠤᠰᠤ ᠠᠷᠪᠢᠯᠠᠬᠤ ᠪᠣᠯ ᠦᠨᠳᠦᠰᠦᠨ ᠭᠠᠷᠬᠤ ᠵᠠᠮ ᠮᠥᠨ᠃      ᠬᠠᠤᠯᠢ ᠴᠠᠭᠠᠵᠠ ᠶᠢᠨ ᠶᠠᠮᠤᠨ ᠤ ᠬᠠᠤᠯᠢ ᠲᠣᠭᠲᠠᠭᠠᠬᠤ ᠳᠥᠷᠪᠡᠳᠦᠭᠡᠷ ᠲᠣᠪᠴᠢᠶ᠎ᠠ ᠶᠢᠨ ᠳᠠᠷᠤᠭ᠎ᠠ ᠵᠠᠩ ᠶᠣᠣ ᠪᠦᠸᠧ᠂ ᠤᠰᠤ ᠠᠷᠪᠢᠯᠠᠬᠤ ᠲᠠᠯ᠎ᠠ ᠪᠠᠷ ᠬᠢ ᠲᠤᠰᠬᠠᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠭᠰᠠᠨ ᠤ ᠬᠤᠪᠢ ᠳᠤ᠂ ᠳᠦᠷᠢᠮ ᠨᠢ ᠶᠡᠷᠦᠩᠬᠡᠢ ᠰᠡᠳᠬᠢᠮᠵᠢ ᠶᠢᠨ ᠲᠠᠯ᠎ᠠ ᠪᠠᠷ ᠤᠰᠤᠨ ᠤ ᠦᠨᠳᠦᠰᠦᠨ ᠪᠠᠶᠢᠳᠠᠯ ᠳᠤ ᠰᠠᠭᠤᠷᠢᠯᠠᠵᠤ᠂ ᠪᠦᠭᠦ ᠲᠠᠯ᠎ᠠ ᠶᠢᠨ ᠪᠥᠭᠡᠳ ᠰᠢᠰᠲ᠋ᠧᠮ ᠲᠠᠢ ᠪᠠᠶᠢᠬᠤ ᠪᠠᠷ ᠴᠢᠷᠮᠠᠶᠢᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠪᠠᠶᠢᠬᠤ ᠶᠢ ᠪᠠᠲᠤᠯᠠᠵᠤ᠂ ᠳᠦᠷᠢᠮ ᠤᠨ ᠵᠣᠯᠭᠠᠯᠴᠠᠭ᠎ᠠ ᠶᠢ ᠰᠠᠶᠢᠲᠤᠷ ᠬᠢᠵᠡᠢ᠃ ᠤᠳᠤ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠵᠢᠱᠢᠶᠡᠯᠡᠪᠡᠯ ᠤᠰᠤᠨ ᠤ ᠬᠠᠤᠯᠢ᠂ ᠬᠥᠬᠡᠮᠥ᠋ᠷᠡᠨ ᠤ ᠬᠠᠮᠠᠭᠠᠯᠠᠯᠲᠠ ᠶᠢᠨ ᠬᠠᠤᠯᠢ᠂ ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ᠂ ᠡᠷᠭᠢᠯᠲᠡᠲᠦ ᠠᠵᠤ ᠠᠬᠤᠢ ᠶᠢ ᠠᠬᠢᠭᠤᠯᠬᠤ ᠬᠠᠤᠯᠢ᠂ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠠᠤᠯᠢ᠂ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠳᠦᠷᠢᠮ᠂ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ ᠵᠡᠷᠭᠡ ᠳᠤ ᠴᠥᠮ ᠠᠳᠠᠯᠢ ᠪᠤᠰᠤ ᠲᠠᠯ᠎ᠠ ᠠᠴᠠ ᠤᠰᠤ ᠠᠷᠪᠢᠯᠠᠬᠤ ᠲᠤᠬᠠᠢ ᠬᠠᠷᠠᠭᠠᠯᠵᠠᠭᠰᠠᠨ  ᠲᠣᠭᠲᠠᠭᠠᠯ ᠭᠠᠷᠭᠠᠵᠠᠢ᠃ ᠳᠦᠷᠢᠮ ᠲᠣᠭᠲᠠᠭᠠᠬᠤ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠲᠠᠢ ᠰᠠᠶᠢᠲᠤᠷ ᠵᠣᠯᠭᠠᠭᠤᠯᠬᠤ ᠶᠢ ᠪᠠᠷᠢᠮᠲᠠᠯᠠᠵᠤ᠂ ᠳᠦᠷᠢᠮ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠠᠢ ᠭᠡᠪᠡ᠃      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠤᠷᠭᠠᠨ ᠤ ᠬᠠᠷᠢᠭᠤᠴᠠᠯᠭᠠᠲᠠᠨ ᠨᠢᠦ ᠪᠦᠸᠧ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠴᠢᠩᠭᠠᠳᠬᠠᠬᠤ᠂ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠬᠦ᠂ ᠡᠩ ᠤᠨ ᠪᠤᠰᠤ ᠤᠰᠤᠨ ᠤ ᠡᠬᠢ ᠰᠤᠷᠪᠤᠯᠵᠢ ᠶᠢ ᠠᠰᠢᠭᠯᠠᠬᠤ ᠶᠢ ᠦᠷᠭᠦᠯᠵᠢᠯᠡᠨ ᠠᠬᠢᠭᠤᠯᠬᠤ᠂ ᠤᠰᠤ ᠠᠷᠪᠢᠯᠠᠬᠤ ᠬᠦᠷᠢᠶᠡᠨ ᠤ ᠲᠤᠨᠤᠭ ᠲᠥᠬᠦᠭᠡᠷᠦᠮᠵᠢ ᠶᠢ ᠰᠢᠨᠡᠴᠢᠯᠡᠨ ᠥᠭᠡᠷᠡᠴᠢᠯᠡᠬᠦ ᠵᠡᠷᠭᠡ ᠳᠦᠷᠪᠡᠨ ᠲᠠᠯ᠎ᠠ ᠪᠠᠷ ᠤᠰᠤ ᠠᠷᠪᠢᠯᠠᠬᠤ ᠠᠵᠢᠯ ᠢ ᠠᠬᠢᠭᠤᠯᠤᠨ᠎ᠠ ᠭᠡᠪᠡ᠃      ᠲᠠᠷᠢᠶᠠᠯᠠᠩ ᠪᠣᠯ ᠮᠠᠨ ᠤ ᠤᠯᠤᠰ ᠤᠨ ᠤᠰᠤ ᠬᠡᠷᠡᠭᠯᠡᠬᠦ  ᠲᠣᠮᠣ ᠬᠡᠰᠡᠭ ᠪᠠᠶᠢᠵᠤ᠂ ᠪᠦᠭᠦ ᠤᠯᠤᠰ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢᠨ 60% ᠠᠴᠠ ᠳᠡᠭᠡᠭᠰᠢᠬᠢ ᠶᠢ ᠡᠵᠡᠯᠡᠨ᠎ᠡ᠃ ᠯᠢ ᠯᠢᠶᠠᠩ ᠱᠧᠩ᠂ ᠤᠰᠤᠨ ᠠᠰᠢᠭᠯᠠᠯᠲᠠ ᠶᠢᠨ ᠶᠠᠮᠤᠨ ᠡᠯ᠎ᠡ ᠭᠠᠵᠠᠷ ᠤᠨ ᠬᠢᠨ ᠤ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠵᠢᠯᠤᠭᠤᠳᠴᠤ᠂ ᠤᠰᠤᠯᠠᠬᠤ ᠪᠠ ᠤᠰᠤ ᠵᠠᠯᠠᠬᠤ ᠢᠨᠵᠧᠨᠧᠷᠢᠩ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠠᠷᠢᠶᠠᠯᠠᠩ ᠤᠨ ᠤᠰᠤ ᠬᠡᠷᠡᠭᠯᠡᠬᠦ ᠶᠢ ᠬᠡᠮᠵᠢᠬᠦ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠭᠡᠪᠡ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠬᠤ᠋ ᠽᠢ ᠵᠢᠶᠠᠨ᠂ ᠳᠦᠷᠢᠮ ᠳᠠᠬᠢ ᠳᠠᠭᠢᠨ ᠡᠭᠦᠰᠴᠦ ᠪᠤᠯᠬᠤ ᠤᠰᠤ ᠶᠢ ᠠᠰᠢᠭᠯᠠᠬᠤ ᠲᠠᠯ᠎ᠠ ᠶᠢᠨ ᠲᠣᠭᠲᠠᠭᠠᠯ ᠨᠢ ᠪᠣᠬᠢᠷ ᠤᠰᠤ ᠶᠢ ᠳᠠᠭᠢᠨ ᠠᠰᠢᠭᠯᠠᠬᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠪᠠ᠃ ᠲᠠᠷᠠᠭᠠᠴᠢ ᠶᠢᠨ ᠠᠯᠬᠤᠮ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠠᠭᠢᠨ ᠡᠭᠦᠰᠴᠦ ᠪᠤᠯᠬᠤ ᠤᠰᠤ ᠶᠢ ᠠᠰᠢᠭᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠳᠠᠭᠢᠨ ᠡᠭᠦᠰᠴᠦ ᠪᠤᠯᠬᠤ ᠤᠰᠤ ᠶᠢ ᠠᠰᠢᠭᠯᠠᠬᠤ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠦᠨ᠎ᠡ ᠭᠡᠪᠡ᠃      ᠲᠠᠨᠢᠯᠴᠠᠭᠤᠯᠤᠭᠰᠠᠨ ᠢᠶᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ 116 ᠬᠤᠲᠠ ᠳᠤ ᠳᠠᠭᠢᠨ ᠡᠭᠦᠰᠴᠦ ᠪᠤᠯᠬᠤ ᠤᠰᠤ ᠶᠢ ᠠᠰᠢᠭᠯᠠᠬᠤ ᠬᠤᠯᠪᠣᠭᠳᠠᠯ ᠪᠦᠬᠦᠢ ᠲᠤᠷᠰᠢᠯᠲᠠ ᠶᠢ ᠥᠷᠨᠢᠭᠦᠯᠪᠡ᠃ ᠣᠶᠢᠷ᠎ᠠ ᠶᠢᠨ ᠬᠤᠭᠤᠴᠠᠭᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠭᠤᠣᠯᠳᠠᠯᠭ᠎ᠠ ᠲᠠᠢ ᠬᠤᠲᠠ ᠶᠢᠨ ᠳᠠᠭᠢᠠ ᠡᠭᠦᠰᠴᠦ ᠪᠤᠯᠬᠤ ᠤᠰᠤ ᠶᠢ ᠠᠰᠢᠭᠯᠠᠬᠤ ᠭᠤᠷᠪᠠᠨ ᠵᠢᠯ ᠤᠨ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠳᠠᠭᠢᠨ 50 ᠬᠤᠲᠠ ᠶᠢ ᠰᠣᠩᠭᠤᠵᠤ ᠭᠤᠣᠯᠳᠠᠯᠭ᠎ᠠ ᠲᠠᠢ ᠠᠬᠢᠭᠤᠯᠵᠤ᠂ ᠴᠡᠭ ᠢᠶᠠᠷ ᠪᠦᠭᠦ ᠲᠠᠯ᠎ᠠ ᠶᠢ ᠳᠠᠶᠢᠴᠢᠯᠠᠨ᠂ ᠪᠦᠭᠦ ᠨᠡᠶᠢᠭᠡᠮ ᠤᠨ ᠳᠠᠭᠢᠨ ᠡᠭᠦᠰᠴᠦ ᠪᠤᠯᠬᠤ ᠤᠰᠤ ᠶᠢ ᠠᠰᠢᠭᠯᠠᠬᠤ ᠠᠵᠢᠯ ᠢ ᠳᠠᠶᠢᠴᠢᠯᠠᠬᠤ ᠪᠠᠷ ᠲᠥᠯᠥᠪᠯᠡᠵᠦ ᠪᠠᠶᠢᠨ᠎ᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 28 ᠤ ᠴᠠᠭᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号