ᠤᠮᠠᠷᠠᠲᠤ ᠬᠢᠯᠢ ᠶᠢᠨ ᠰᠣᠶᠣᠯ ᠤᠨ LOGO ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/4/10
     ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠨᠢ ᠪᠦᠬᠦᠯᠢ ᠴᠣᠭᠴᠠ ᠪᠠᠷ ᠢᠶᠠᠨ ᠤᠯᠠᠭᠠᠨ ᠲᠤᠭ ᠤᠨ ᠭᠡᠯᠪᠡᠷᠢ ᠲᠠᠢ ᠪᠠᠶᠢᠵᠤ᠂ ᠤᠯᠠᠭᠠᠨ ᠥᠩᠭᠡ ᠪᠠᠷ ᠭᠤᠣᠯᠯᠠᠵᠤ᠂ ᠨᠠᠮ ᠤᠨ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠤᠨ ᠦᠨᠳᠦᠰᠦᠲᠡᠨ ᠨᠥᠬᠦᠳ ᠤᠨ ᠠᠷᠠᠳ ᠲᠦᠮᠡᠨ ᠤ ᠬᠤᠪᠢᠰᠬᠠᠯ ᠤᠨ ᠤᠳᠤᠮᠰᠢᠯ ᠢᠶᠠᠨ ᠤᠯᠠᠮᠵᠢᠯᠠᠨ ᠵᠠᠯᠭᠠᠮᠵᠢᠯᠠᠬᠤ ᠶᠢ ᠪᠡᠯᠭᠡᠳᠡᠭᠰᠡᠨ ᠪᠠᠶᠢᠨ᠎ᠠ᠃ ᠵᠡᠭᠦᠨ ᠠᠴᠠ ᠪᠠᠷᠠᠭᠤᠨᠰᠢ ᠢᠯᠡᠷᠬᠡᠶᠢᠯᠡᠯ ᠲᠡᠮᠳᠡᠭ ᠤᠨ ᠡᠮᠦᠨ᠎ᠡ ᠦᠵᠦᠭᠦᠷ  ᠨᠢ ᠮᠣᠷᠢᠨ ᠤ ᠲᠣᠯᠣᠭᠠᠢ᠂ ᠬᠤᠶᠢᠲᠤ ᠦᠵᠦᠭᠦᠷ ᠨᠢ ᠬᠡᠶᠢᠰᠴᠦ ᠪᠠᠶᠢᠭ᠎ᠠ ᠲᠠᠯ ᠪᠠᠶᠢᠵᠤ᠂ ᠬᠠᠷᠠᠭᠠᠨ ᠰᠡᠷᠡᠯ ᠤᠨ ᠲᠠᠯ᠎ᠠ  ᠪᠠᠷ ᠳᠠᠪᠬᠢᠨ ᠤᠷᠤᠭᠰᠢᠯᠠᠵᠤ ᠪᠠᠶᠢᠭ᠎ᠠ ᠮᠣᠩᠭᠤᠯ ᠮᠣᠷᠢᠨ ᠤ ᠳᠦᠷᠰᠦ ᠪᠠᠶᠢᠳᠠᠯ ᠢᠯᠡᠷᠡᠵᠦ᠂ ︽ᠬᠦᠴᠢᠷ ᠪᠡᠷᠬᠡᠰᠢᠶᠡᠯ ᠢ ᠳᠠᠭᠠᠭᠠᠵᠤ᠂ ᠴᠤᠴᠠᠰᠢ ᠦᠭᠡᠢ ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠡᠯᠭᠡᠳᠡᠵᠡᠢ᠃ ᠤᠯᠠᠭᠠᠨ ᠲᠤᠭ ᠢᠯᠡᠷᠬᠡᠶᠢᠯᠡᠯ ᠲᠡᠮᠳᠡᠭ ᠤᠨ ᠳᠣᠣᠷ᠎ᠠ ᠦᠵᠦᠭᠦᠷ ᠨᠢ ᠤᠷᠲᠤ ᠴᠠᠭᠠᠨ ᠬᠡᠷᠡᠮ᠂ ᠬᠠᠲᠤᠨ ᠭᠤᠣᠯ ᠤᠨ ︽ᠤᠭᠠᠯᠵᠠᠨ ᠲᠣᠬᠤᠢ︾ ᠶᠢᠨ ᠬᠡᠰᠡᠭ ᠪᠠ ᠲᠠᠯ᠎ᠠ ᠨᠤᠲᠤᠭ ᠪᠣᠯᠣᠨ᠎ᠠ᠃ ᠣᠷᠳᠣ ᠴᠠᠭᠠᠨ ᠬᠡᠷᠡᠮ ᠪᠣᠯᠣᠨ ᠬᠠᠲᠤᠨ ᠭᠤᠣᠯ ᠥᠪᠥᠷ ᠮᠣᠩᠭᠤᠯ ᠳᠤ ᠲᠠᠪᠤᠨᠲᠠ ᠵᠣᠯᠭᠠᠵᠤ᠂ ᠳᠤᠮᠳᠠᠳᠤ ᠶᠢᠨ ᠪᠣᠯᠪᠠᠰᠤᠨ ᠤ ᠭᠡᠷᠡᠯ ᠰᠠᠴᠤᠷᠠᠩᠭᠤᠢ ᠠᠮᠵᠢᠯᠲᠠ ᠶᠢ ᠠᠴᠢᠶᠠᠯᠠᠵᠤ᠂ ᠤᠮᠠᠷᠠᠲᠤ ᠬᠢᠯᠢ ᠶᠢᠨ ᠡᠬᠡ ᠭᠠᠵᠠᠷ ᠳᠡᠭᠡᠷᠡᠬᠢ ᠭᠦᠨ ᠵᠤᠵᠠᠭᠠᠨ ᠲᠡᠦᠬᠡ ᠰᠣᠶᠣᠯ ᠪᠠ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠢ ᠢᠯᠡᠷᠡᠭᠦᠯᠦᠭᠰᠡᠨ ᠪᠠᠶᠢᠳᠠᠭ᠃ ᠤᠯᠠᠭᠠᠨ ᠲᠤᠭ ᠤᠨ ᠵᠢᠭᠠᠭᠰᠠᠨ ᠴᠢᠭᠯᠡᠯ ᠪᠣᠯ ᠮᠣᠩᠭᠤᠯ ᠮᠣᠷᠢᠨ ᠤ ᠳᠡᠭᠦᠯᠢᠨ ᠤᠷᠤᠭᠰᠢᠯᠠᠬᠤ ᠴᠢᠭᠯᠡᠯ ᠮᠥᠨ᠂ ᠨᠠᠮ ᠤᠨ ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠤᠨ ᠦᠨᠳᠦᠰᠦᠲᠡᠨ ᠨᠥᠬᠦᠳ ᠤᠨ ᠠᠷᠠᠳ ᠲᠦᠮᠡᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠪᠡᠯᠭᠡᠳᠡᠵᠦ ᠪᠠᠶᠢᠨ᠎ᠠ᠃
ᠤᠮᠠᠷᠠᠲᠤ ᠬᠢᠯᠢ ᠶᠢᠨ ᠰᠣᠶᠣᠯᠳᠤᠷᠠᠳᠤᠯᠭ᠎ᠠ      ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠳᠠᠭᠠᠨ ︽ᠤᠮᠠᠷᠠᠲᠤ ᠬᠢᠯᠢ︾ ᠭᠡᠬᠦ ᠤᠬᠠᠭᠳᠠᠬᠤᠨ ᠢ ᠤᠯᠠᠨ ᠤᠳᠠᠭ᠎ᠠ ᠶᠠᠷᠢᠵᠠᠢ᠂ ᠵᠢᠱᠢᠶᠡᠯᠡᠪᠡᠯ ︽ᠥᠪᠥᠷ ᠮᠣᠩᠭᠤᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠨ᠎ᠠ︾᠂ ︽ᠡᠬᠡ ᠤᠯᠤᠰ ᠤᠨ ᠤᠮᠠᠷᠠᠲᠤ ᠬᠢᠯᠢ ᠶᠢᠨ ᠡᠨᠡᠬᠦ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ︾᠂ ︽ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠤᠨ᠎ᠠ︾᠂ ︽ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ ᠠᠮᠢ ᠠᠬᠤᠢ ᠶᠢᠨ ᠴᠠᠭᠠᠨ ᠬᠡᠷᠡᠮ ᠢ ᠴᠣᠭᠴᠠᠯᠠᠨ᠎ᠠ︾ ᠭᠡᠬᠦ ᠮᠡᠲᠦ᠃ 2023 ᠣᠨ ᠤ 6 ᠰᠠᠷ᠎ᠠ ᠳᠤ ᠬᠤᠷᠠᠯᠳᠤᠭᠤᠯᠤᠭᠰᠠᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ᠂ ᠰᠢᠨ᠎ᠡ ᠭᠠᠷᠤᠭ᠎ᠠ ᠳᠡᠭᠡᠷ᠎ᠡ ᠰᠣᠶᠣᠯ ᠤᠨ ᠴᠡᠴᠡᠭᠯᠡᠯᠲᠡ ᠶᠢ ᠦᠷᠭᠦᠯᠵᠢᠯᠡᠨ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠪᠣᠯ ᠪᠢᠳᠡᠨ ᠤ ᠰᠢᠨ᠎ᠡ ᠴᠠᠭ ᠦᠶ᠎ᠡ ᠳᠠᠬᠢ ᠰᠣᠶᠣᠯ ᠤᠨ ᠰᠢᠨ᠎ᠡ ᠡᠭᠦᠷᠭᠡ ᠬᠠᠷᠢᠭᠤᠴᠠᠯᠭ᠎ᠠ ᠪᠣᠯᠣᠨ᠎ᠠ ᠭᠡᠵᠡᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠠᠴᠠ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭ ᠢ ᠡᠭᠦᠳᠬᠦ ᠰᠢᠨ᠎ᠡ ᠱᠠᠭᠠᠷᠳᠠᠯᠭ᠎ᠠ ᠳᠤᠷᠠᠳᠴᠤ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ  ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠤᠯᠬᠤ ᠪᠥᠭᠡᠳ ᠮᠥᠨ ᠴᠦ ᠣᠷᠣᠨ ᠪᠦᠰᠡ ᠶᠢᠨ ᠲᠥᠯᠥᠭᠡᠯᠡᠬᠦ ᠴᠢᠨᠠᠷᠲᠠᠢ ᠰᠣᠶᠣᠯ ᠤᠨ ᠲᠦᠷᠤᠯ ᠲᠡᠮᠳᠡᠭ ᠢ ᠮᠠᠨᠳᠤᠭᠤᠯᠬᠤ ᠬᠦᠴᠦᠲᠡᠢ ᠠᠷᠭ᠎ᠠ ᠬᠡᠮᠵᠢᠶ᠎ᠡ ᠪᠤᠯᠬᠤ ᠪᠥᠭᠡᠳ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠣᠳᠠᠲᠤ ᠬᠡᠷᠡᠭᠴᠡᠭᠡ ᠪᠣᠯᠣᠨ᠎ᠠ ᠭᠡᠵᠡᠢ᠃
ᠠᠭᠤᠯᠤᠭᠳᠠᠬᠤᠨ      ᠤᠮᠠᠷᠠᠲᠤ ᠬᠢᠯᠢ ᠶᠢᠨ ᠰᠣᠶᠣᠯ ᠪᠣᠯ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠥᠪᠥᠷ ᠮᠣᠩᠭᠤᠯ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠳᠤᠮᠳᠠ ᠶᠠᠪᠤᠯᠴᠠᠵᠤ ᠰᠣᠯᠢᠯᠴᠠᠨ ᠠᠭᠤᠰᠤᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠡᠳᠬᠢᠯ ᠨᠢᠭᠡᠳᠦᠨ ᠭᠠᠷ ᠢᠶᠠᠨ ᠬᠤᠯᠪᠣᠯᠴᠠᠨ᠂ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠡᠬᠡ ᠤᠯᠤᠰ ᠤᠨ ᠬᠢᠯᠢ ᠬᠢᠵᠠᠭᠠᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠨ ᠪᠠᠶᠢᠭᠤᠯᠵᠤ᠂ ᠬᠤᠪᠢᠰᠬᠠᠯ ᠤᠨ ᠰᠣᠶᠣᠯ ᠪᠠ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠤᠣᠯ ᠤᠨ ᠰᠣᠶᠣᠯ᠂ ᠣᠷᠳᠣ ᠴᠠᠭᠠᠨ ᠬᠡᠷᠡᠮ ᠤᠨ ᠰᠣᠶᠣᠯ ᠢ ᠠᠭᠤᠰᠤᠯᠴᠠᠭᠤᠯᠤᠨ ᠨᠢᠭᠡ ᠴᠣᠭᠴᠠᠵᠢᠭᠤᠯᠤᠭᠰᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠬᠰᠠᠨ᠂ ᠤᠯᠤᠰ ᠢᠶᠠᠨ ᠬᠠᠶᠢᠷᠠᠯᠠᠬᠤ᠂ ᠦᠨᠡᠨᠴᠢ ᠰᠢᠳᠤᠷᠭᠤ ᠬᠠᠷᠠᠮ ᠦᠭᠡᠢ ᠵᠣᠷᠢᠭᠤᠯᠬᠤ ᠪᠠᠷ ᠭᠤᠣᠯᠯᠠᠬᠤ ᠣᠨᠣᠯᠵᠢᠬᠤᠨ ᠪᠤᠯᠭᠠᠬᠰᠠᠨ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠬᠠᠮᠲᠤᠪᠠᠷ ᠪᠠᠳᠠᠷᠠᠭᠤᠯᠬᠤ ᠪᠠᠷ ᠣᠶᠤᠨ ᠰᠠᠨᠠᠭᠠᠨ ᠤ ᠲᠡᠮᠳᠡᠭ ᠪᠤᠯᠭᠠᠬᠰᠠᠨ ᠭᠠᠵᠠᠷ ᠣᠷᠣᠨ ᠤ ᠰᠣᠶᠣᠯ ᠢ ᠪᠤᠶ ᠪᠣᠯᠭᠠᠨ᠎ᠠ᠃
ᠭᠤᠣᠯ ᠲᠦᠷᠦᠯ ᠵᠦᠢᠯ            ︵ᠨᠢᠭᠡ︶ ᠬᠤᠪᠢᠰᠬᠠᠯᠲᠤ ᠰᠣᠶᠣᠯ      ᠬᠤᠪᠢᠰᠬᠠᠯᠲᠤ ᠰᠣᠶᠣᠯ ᠪᠣᠯ ᠤᠮᠠᠷᠠᠲᠤ ᠬᠢᠯᠢ ᠶᠢᠨ ᠰᠣᠶᠣᠯ ᠤᠨ ᠢᠯᠡ ᠲᠣᠳᠣ ᠳᠡᠪᠢᠰᠬᠡᠷ ᠥᠩᠭᠡ ᠪᠠ ᠣᠶᠤᠨ ᠰᠠᠨᠠᠭᠠᠨ ᠤ ᠲᠤᠭ ᠲᠡᠮᠳᠡᠭ ᠮᠥᠨ᠂ ᠤᠮᠠᠷᠠᠲᠤ ᠬᠢᠯᠢ ᠶᠢᠨ ᠰᠣᠶᠣᠯ ᠤᠨ ᠴᠠᠭ ᠦᠶ᠎ᠡ ᠶᠢᠨ ᠠᠭᠤᠯᠬᠤᠨ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠠᠶᠠᠯᠢᠭᠵᠢᠭᠤᠯᠵᠤ᠂ ᠮᠠᠨ ᠤ ᠨᠠᠮ ᠤᠨ ᠰᠢᠷᠭᠠᠭᠤ ᠬᠠᠲᠠᠭᠤᠵᠢᠯᠲᠠᠢ ᠪᠥᠭᠡᠳ ᠭᠡᠷᠡᠯ ᠰᠠᠴᠤᠷᠠᠩᠭᠤᠢ ᠲᠡᠮᠡᠴᠡᠯ ᠤᠨ ᠥᠩᠭᠡᠷᠡᠯᠲᠡ ᠶᠢᠨ ᠠᠮᠢᠳᠤᠯᠢᠭ ᠭᠡᠷᠡᠴᠢ ᠮᠥᠨ᠂ ᠥᠪᠥᠷ ᠮᠣᠩᠭᠤᠯ ᠤᠨ ᠡᠯ᠎ᠡ ᠦᠨᠳᠦᠰᠦᠲᠡᠨ ᠤ ᠠᠷᠠᠳ ᠲᠦᠮᠡᠨ ᠤ ᠬᠠᠮᠤᠭ ᠤᠨ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠮᠥᠨ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠬᠤ᠂ ᠥᠪᠥᠷ ᠮᠣᠩᠭᠤᠯ ᠤᠨ ᠳᠦᠷᠢ ᠲᠥᠷᠬᠦ ᠶᠢ ᠱᠤᠭᠤᠬᠤ ᠴᠢᠬᠤᠯᠠ ᠰᠣᠶᠣᠯ ᠤᠨ ᠡᠬᠢ ᠪᠠᠶᠠᠯᠢᠭ ᠪᠠᠶᠢᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠢᠶᠠᠨ ᠪᠠᠲᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠪᠠᠯᠠᠷᠠᠰᠢ ᠦᠭᠡᠢ ᠤᠶᠤᠨ ᠰᠠᠨᠠᠭᠠᠨ ᠤ ᠬᠦᠴᠦᠨ ᠴᠢᠳᠠᠯ ᠢ ᠠᠭᠤᠰᠬᠠᠵᠤ᠂ ᠥᠪᠥᠷ ᠮᠣᠩᠭᠤᠯ ᠤᠨ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠳᠠᠭᠤᠰᠤᠰᠢ ᠦᠭᠡᠢ ᠲᠡᠮᠡᠴᠡᠯ ᠤᠨ ᠡᠬᠢ ᠪᠤᠯᠠᠭ ᠢ ᠬᠠᠩᠭᠠᠵᠠᠢ᠃
     ︵ᠬᠤᠶᠠᠷ︶ ᠲᠠᠯ᠎ᠠ ᠨᠤᠲᠤᠭ ᠤᠨ ᠰᠣᠶᠣᠯ      ᠲᠠᠯ᠎ᠠ ᠨᠤᠲᠤᠭ ᠤᠨ ᠰᠣᠶᠣᠯ ᠪᠣᠯ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠲᠠᠯ᠎ᠠ ᠨᠤᠲᠤᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠪᠠᠨ ᠪᠠᠶᠢᠭᠠᠯᠢ ᠶᠢ ᠡᠷᠬᠢᠮᠯᠡᠨ ᠳᠡᠭᠡᠳᠦᠯᠡᠬᠦ᠂ ᠨᠡᠭᠡᠭᠡᠯᠲᠡ ᠬᠢᠬᠦ ᠶᠢ ᠦᠢᠯᠡᠳᠦᠯᠭᠡᠵᠢᠭᠦᠯᠬᠦ᠂ ᠢᠲᠡᠭᠡᠯ ᠵᠢᠷᠤᠮ ᠢ ᠬᠢᠴᠢᠶᠡᠩᠭᠦᠶᠢᠯᠡᠨ ᠰᠠᠬᠢᠬᠤ ᠣᠨᠣᠯᠵᠢᠬᠤᠨ ᠢ ᠰᠠᠨᠠᠭᠠᠴᠢᠯᠠᠨ᠂ ᠣᠷᠭᠢᠯᠤᠮ᠎ᠠ ᠬᠠᠯᠠᠭᠤᠨ ᠪᠥᠭᠡᠳ ᠡᠷᠡᠯᠬᠡᠭ ᠪᠠᠭᠠᠲᠤᠷᠯᠢᠭ ᠵᠠᠩ ᠴᠢᠨᠠᠷ ᠢ ᠢᠯᠡᠷᠡᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠯᠤᠭ᠎ᠠ ᠬᠠᠷᠢᠯᠴᠠᠨ ᠵᠣᠬᠢᠴᠠᠭᠰᠠᠨ ᠥᠪᠡᠷᠮᠢᠴᠡ ᠣᠨᠴᠠᠯᠢᠭ ᠲᠠᠢ ᠰᠣᠶᠣᠯ ᠮᠥᠨ᠃
     ︵ᠭᠤᠷᠪᠠ︶ ᠲᠠᠷᠢᠶᠠᠯᠠᠬᠤ ᠰᠣᠶᠣᠯ      ᠲᠠᠷᠢᠶᠠᠯᠠᠬᠤ ᠰᠣᠶᠣᠯ ᠪᠣᠯ ᠵᠠᠭᠤ ᠮᠢᠩᠭᠠᠨ ᠵᠢᠯ ᠤᠨ ᠲᠤᠷᠰᠢᠬᠢ ᠳᠤᠮᠳᠠᠳᠤ ᠶᠢᠨ ᠦᠨᠳᠦᠰᠦᠲᠡᠨ ᠤ ᠲᠠᠷᠢᠶᠠᠯᠠᠩ ᠤᠨ ᠦᠢᠯᠡᠳᠪᠦᠷᠢᠯᠡᠯ ᠭᠦᠳᠡᠯᠮᠦᠷᠢ᠂ ᠨᠡᠶᠢᠭᠡᠮ ᠤᠨ ᠡᠳᠦᠷ ᠲᠤᠳᠤᠮ ᠤᠨ ᠠᠮᠢᠳᠤᠷᠠᠯ ᠤᠨ ᠳᠤᠮᠳᠠ ᠪᠦᠷᠢᠯᠳᠦᠭᠰᠡᠨ ᠰᠣᠶᠣᠯ ᠮᠥᠨ᠂ ᠲᠡᠭᠦᠨ ᠳᠤ ᠡᠯᠪᠡᠭ ᠪᠠᠶᠠᠯᠢᠭ ᠦᠵᠡᠯ ᠰᠠᠨᠠᠭ᠎ᠠ ᠣᠶᠢᠯᠠᠭᠠᠭᠳᠠᠬᠤᠨ᠂ ᠬᠥᠮᠥᠨ ᠰᠣᠶᠣᠯ ᠤᠨ ᠵᠣᠷᠢᠭ ᠰᠠᠨᠠᠭ᠎ᠠ ᠪᠠ ᠶᠣᠰᠣ ᠮᠣᠷᠠᠯ ᠤᠨ ᠵᠢᠷᠤᠮᠵᠢᠯ ᠵᠡᠷᠭᠡ ᠶᠢ ᠠᠭᠤᠯᠵᠤ ᠪᠠᠶᠢᠳᠠᠭ᠃ ᠳᠤᠮᠳᠠᠳᠤ ᠶᠢᠨ ᠡᠬᠡ ᠭᠠᠵᠠᠷ ᠳᠡᠭᠡᠷ᠎ᠡ ᠲᠠᠷᠢᠶᠠᠯᠠᠬᠤ ᠰᠣᠶᠣᠯ ᠥᠷᠭᠡᠨ ᠳᠡᠯᠭᠡᠷ ᠲᠠᠷᠬᠠᠵᠤ᠂ ᠠᠳᠠᠯᠢ ᠪᠤᠰᠤ ᠭᠠᠵᠠᠷ ᠣᠷᠣᠨ ᠳᠤ ᠣᠷᠣᠨ ᠪᠦᠰᠡ ᠶᠢᠨ ᠣᠨᠴᠠᠯᠢᠭ ᠲᠠᠢ ᠪᠠᠶᠢᠳᠠᠭ᠃
     ︵ᠳᠥᠷᠪᠡ︶ ᠬᠠᠲᠤᠨ ᠭᠤᠣᠯ ᠤᠨ ᠰᠣᠶᠣᠯ      ᠬᠠᠲᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠵᠢ ᠭᠤᠣᠯ ᠪᠣᠯᠣᠨ᠎ᠠ᠃ ᠬᠠᠲᠤᠨ ᠭᠤᠣᠯ ᠮᠤᠷᠤᠯᠵᠠᠨ ᠤᠷᠤᠭᠰᠢᠯᠠᠵᠤ᠂ ᠨᠤᠭᠤᠷᠠᠰᠢ ᠦᠭᠡᠢ ᠰᠦᠷ ᠵᠢᠪᠬᠤᠭ᠎ᠠ ᠨᠢ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠦᠨᠳᠦᠰᠦᠲᠡᠨ ᠤ ᠵᠠᠩ ᠴᠢᠨᠠᠷ ᠢ ᠪᠦᠲᠦᠭᠡᠭᠰᠡᠨ ᠶᠤᠮ᠂ ᠡᠨᠡ ᠪᠣᠯ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠢᠲᠡᠭᠡᠯ ᠢᠶᠠᠨ ᠪᠠᠲᠤᠳᠬᠠᠬᠤ ᠶᠢᠨ ᠴᠢᠬᠤᠯᠠ ᠰᠠᠭᠤᠷᠢ ᠮᠥᠨ᠃ ᠬᠠᠲᠤᠨ ᠭᠤᠣᠯ ᠤᠨ ᠰᠣᠶᠣᠯ ᠪᠣᠯ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠳᠤᠮᠳᠠᠳᠤ ᠶᠢᠨ ᠦᠨᠳᠦᠰᠦᠲᠡᠨ ᠤ ᠦᠨᠳᠦᠰᠦ ᠪᠠ ᠰᠦᠭ ᠰᠦᠨᠡᠰᠦ ᠮᠥᠨ᠂ ᠬᠠᠲᠤᠨ ᠭᠤᠣᠯ ᠤᠨ ᠰᠠᠪᠠ ᠭᠠᠵᠠᠷ ᠤᠨ ᠬᠥᠮᠥᠰ ᠤᠨ ᠣᠨᠴᠠᠭᠠᠶ ᠪᠠᠶᠢᠭᠠᠯᠢ ᠶᠢᠨ ᠠᠮᠢ ᠠᠬᠤᠢ ᠶᠢᠨ ᠣᠷᠴᠢᠨ ᠨᠥᠬᠦᠴᠡᠯ ᠪᠠ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠳᠤᠮᠳᠠ ᠪᠦᠷᠢᠯᠳᠦᠭᠦᠯᠦᠭᠰᠡᠨ ᠥᠪᠡᠷᠮᠢᠴᠡ ᠰᠣᠶᠣᠯ ᠤᠨ ᠭᠡᠯᠪᠡᠷᠢ ᠮᠥᠨ᠂ ᠲᠡᠷᠡ ᠨᠢ ᠨᠤᠭᠤᠷᠠᠰᠢ ᠦᠭᠡᠢ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠡᠷᠭᠡ ᠪᠠᠶᠢᠭᠠᠯᠢ ᠪᠠ ᠰᠣᠶᠣᠯ ᠤᠨ ᠣᠨᠴᠠᠯᠢᠭ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠢᠲᠡᠭᠡᠯ ᠢᠶᠠᠨ ᠪᠠᠲᠤᠳᠬᠠᠬᠤ ᠴᠢᠬᠤᠯᠠ ᠦᠨᠳᠦᠰᠦ ᠰᠠᠭᠤᠷᠢ ᠪᠠ ᠦᠨᠳᠦᠰᠦᠲᠡᠨ ᠤ ᠵᠠᠩ ᠴᠢᠨᠠᠷ ᠪᠣᠯᠤᠭᠰᠠᠨ ᠪᠠᠶᠢᠨ᠎ᠠ᠃
     ︵ᠲᠠᠪᠤ︶ ᠤᠷᠲᠤ ᠴᠠᠭᠠᠨ ᠬᠡᠷᠡᠮ ᠤᠨ ᠰᠣᠶᠣᠯ      ᠤᠷᠳᠤ ᠴᠠᠭᠠᠨ ᠬᠡᠷᠡᠮ ᠳᠤ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠲᠡᠮᠡᠴᠡᠯ ᠤᠨ ᠵᠣᠷᠢᠭ ᠰᠠᠨᠠᠭ᠎ᠠ ᠪᠣᠯᠣᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠤᠭᠤᠷᠠᠰᠢ ᠦᠭᠡᠢ ᠬᠠᠳᠠᠨ ᠪᠠᠲᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠲᠥᠯᠥᠭᠡᠯᠡᠬᠦ ᠴᠢᠨᠠᠷᠲᠠᠢ ᠲᠡᠮᠳᠡᠭ ᠪᠣᠯᠣᠨ ᠳᠤᠮᠳᠠᠳᠤ ᠶᠢᠨ ᠪᠣᠯᠪᠠᠰᠤᠨ ᠤ ᠴᠢᠬᠤᠯᠠ ᠪᠡᠯᠭᠡ ᠲᠡᠮᠳᠡᠭ ᠪᠣᠯᠤᠭᠰᠠᠨ ᠪᠠᠶᠢᠨ᠎ᠠ᠃ ᠣᠷᠳᠣ ᠴᠠᠭᠠᠨ ᠬᠡᠷᠡᠮ ᠤᠨ ᠰᠣᠶᠣᠯ ᠪᠣᠯ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠦᠶ᠎ᠡ ᠦᠶ᠎ᠡ ᠶᠢᠨ ᠣᠷᠳᠣ ᠴᠠᠭᠠᠨ ᠬᠡᠷᠡᠮ ᠤᠨ ᠦᠯᠡᠳᠡᠭᠳᠡᠯ ᠵᠢᠴᠢ ᠡᠯ᠎ᠡ ᠲᠥᠷᠥᠯ ᠤᠨ ᠰᠣᠶᠣᠯ ᠤᠨ ᠥᠪ ᠢᠶᠠᠷ ᠭᠤᠣᠯ ᠠᠭᠤᠯᠭ᠎ᠠ ᠪᠤᠯᠭᠠᠬᠰᠠᠨ ᠰᠣᠶᠣᠯ ᠤᠨ ᠭᠡᠯᠪᠡᠷᠢ ᠮᠥᠨ᠃
     ᠴᠠᠭ ᠦᠶ᠎ᠡ ᠶᠢᠨ ᠦᠷᠳᠡᠭ      ᠤᠯᠤᠰ ᠭᠦᠷᠦᠨ ᠤ ᠰᠦᠭ ᠰᠦᠨᠡᠰᠦ ᠶᠢ ᠰᠣᠶᠣᠯ ᠢᠶᠠᠷ ᠢᠯᠪᠢᠵᠦ᠂ ᠰᠣᠶᠣᠯ ᠢᠶᠠᠷ ᠴᠣᠭᠴᠠᠯᠠᠳᠠᠭ᠃ ᠰᠦᠷ ᠳᠠᠯᠠᠶᠢᠴᠠᠲᠠᠢ ᠳᠤᠮᠳᠠᠳᠤ ᠶᠢᠨ ᠲᠡᠦᠬᠡ ᠶᠢᠨ ᠤᠷᠲᠤ ᠤᠳᠠᠭᠠᠨ ᠶᠠᠪᠤᠴᠠ ᠳᠤ᠂ ᠳᠤᠮᠳᠠᠳᠤ ᠶᠢᠨ ᠪᠣᠯᠪᠠᠰᠤᠨ ᠨᠢ ᠦᠶ᠎ᠡ ᠶᠢᠨ ᠦᠶ᠎ᠡ ᠪᠠᠷ ᠣᠷᠣᠰᠢᠨ ᠲᠣᠭᠲᠠᠨᠢᠵᠤ ᠪᠠᠶᠢᠭ᠎ᠠ ᠳᠤᠮᠳᠠᠳᠤ ᠶᠢᠨ ᠦᠨᠳᠦᠰᠦᠲᠡᠨ ᠢ ᠲᠡᠵᠢᠭᠡᠵᠦ᠂ ᠤᠮᠠᠷᠠᠲᠤ ᠬᠢᠯᠢ ᠶᠢᠨ ᠡᠬᠡ ᠭᠠᠵᠠᠷ ᠤᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢ ᠤᠮᠳᠠᠯᠠᠵᠤ ᠪᠠᠶᠢᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠨᠢ ᠲᠡᠦᠬᠡ ᠶᠢᠨ ᠬᠥᠭᠵᠢᠯᠲᠡ ᠶᠢᠨ ᠵᠠᠶᠢᠯᠠᠰᠢ ᠦᠭᠡᠢ ᠴᠢᠨᠠᠷ ᠪᠤᠯᠬᠤ ᠪᠠᠷ ᠪᠠᠷᠠᠬᠤ ᠦᠭᠡᠢ᠂ ᠮᠥᠨ ᠴᠦ ᠴᠠᠭ ᠦᠶ᠎ᠡ ᠶᠢᠨ ᠤᠷᠢᠶᠠᠯᠠᠭ᠎ᠠ ᠮᠥᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠲᠤᠷ ᠤᠯᠠᠮᠵᠢᠯᠠᠨ ᠬᠥᠭᠵᠢᠭᠦᠯᠵᠦ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ ᠠᠤᠭ᠎ᠠ ᠬᠦᠴᠦᠨ ᠢ ᠨᠢᠭᠲᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠢᠳᠡᠨ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠢ ᠨᠡᠮᠡᠷᠢᠯᠡᠵᠦ ᠴᠢᠳᠠᠨ᠎ᠠ᠃
ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号